| | | | | | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠰᠢᠨᠵᠢᠯᠡᠭᠡᠨ ᠤ ᠰᠠᠯᠠᠭ᠎ᠠ ᠶᠢᠨ | ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠲᠥᠰᠥᠯ | ︵ ᠲᠤᠷᠰᠢᠨ ᠬᠡᠷᠡᠭᠵᠢᠭᠦᠯᠬᠦ︶ | | | | ᠨᠢᠭᠡᠳᠦᠭᠡᠷ ᠵᠦᠢᠯ ᠠᠯᠠᠱᠠ ᠵᠡᠭᠦᠨ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠵᠣᠬᠢᠬᠤ ᠲᠥᠷᠥᠯ | ᠢᠯᠭᠠᠯ ᠤᠨ ᠰᠦᠯᠵᠢᠶᠡᠨ ᠳᠡᠭᠡᠷᠡᠬᠢ ᠰᠤᠷᠭᠠᠯᠲᠠ ᠶᠢᠨ ᠪᠠᠶᠢᠭᠤᠯᠤᠮᠵᠢ ᠶᠢᠨ ᠦᠨᠳᠦᠰᠦᠨ ᠪᠠᠶᠢᠷᠢᠯᠠᠭᠤᠯᠤᠯᠲᠠ ᠶᠢᠨ | ᠪᠠᠷᠢᠮᠵᠢᠶ᠎ᠠ ᠶᠢ ᠲᠣᠭᠲᠠᠭᠠᠨ᠎ᠠ᠃ ᠣᠯᠠᠨ ᠲᠥᠷᠥᠯ ᠤᠨ ᠰᠢᠨᠵᠢᠯᠡᠭᠡᠨ ᠤ ᠲᠥᠷᠥᠯ ᠤᠨ ᠪᠤᠰᠤ ᠰᠤᠷᠭᠠᠯᠲᠠ ᠶᠢ | ᠥᠷᠨᠢᠭᠦᠯᠬᠦ ᠪᠠᠶᠢᠭᠤᠯᠤᠮᠵᠢ ᠶᠢ ᠬᠤᠯᠪᠣᠭᠳᠠᠬᠤ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ | ᠪᠠᠶᠢᠷᠢᠯᠠᠭᠤᠯᠤᠯᠲᠠ ᠶᠢᠨ ᠪᠠᠷᠢᠮᠵᠢᠶ᠎ᠠ ᠳᠤ ᠬᠠᠮᠲᠤ ᠳᠤᠨᠢ ᠨᠡᠶᠢᠴᠡᠭᠦᠯᠬᠦ ᠬᠡᠷᠡᠭᠲᠡᠢ᠃ | | ᠬᠤᠶᠠᠳᠤᠭᠠᠷ ᠵᠦᠢᠯ ᠮᠠᠨ ᠤ ᠲᠣᠪᠴᠢᠶ᠎ᠠ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠵᠢᠭᠰᠠᠭᠠᠯᠲᠠ ᠪᠠ ᠡᠭᠦᠷᠭᠡ | ᠬᠠᠷᠢᠭᠤᠴᠠᠯᠭ᠎ᠠ ᠶᠢ ᠦᠨᠳᠦᠰᠦᠯᠡᠨ᠂ ᠬᠡᠷᠡᠭᠵᠢᠭᠦᠯᠦᠭᠰᠡᠨ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠦᠷ᠎ᠡ | ᠳ᠋ᠦᠩ ᠢ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠵᠤ᠂ ᠬᠤᠰᠢᠭᠤᠨ ᠢᠲᠡᠭᠡᠮᠵᠢ ᠶᠢᠨ ᠠᠯᠪᠠᠨ | ᠭᠡᠷ ᠤᠨ ᠱᠠᠭᠠᠷᠳᠠᠯᠭ᠎ᠠ ᠶᠣᠰᠣᠭᠠᠷ᠂ ᠨᠢᠭᠡᠳᠦᠯᠲᠡᠢ ᠴᠤᠭᠯᠠᠭᠤᠯᠵᠤ ᠵᠠᠷᠯᠠᠨ ᠨᠡᠶᠢᠲᠡᠯᠡᠵᠦ᠂ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠤ ᠬᠤᠯᠪᠣᠭᠳᠠᠬᠤ ᠪᠣᠶ ᠪᠦᠬᠦᠢ ᠬᠠᠮᠢᠶᠠᠷᠤᠯᠲᠠ ᠶᠢᠨ | ᠬᠠᠷᠢᠴᠠᠩᠭᠤᠢ ᠬᠥᠮᠥᠨ ︵ ᠬᠠᠤᠯᠢ ᠶᠢᠨ ᠡᠷᠬᠡᠲᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠪᠠᠶᠢᠭᠠᠯᠢ ᠬᠥᠮᠥᠨ︶ | ᠳᠤ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠢᠲᠡᠭᠡᠮᠵᠢ ᠶᠢᠨ ᠵᠡᠷᠭᠡ | ᠳᠡᠰ ᠢ ᠦᠨᠡᠯᠡᠨ ᠲᠣᠭᠲᠠᠭᠠᠬᠤ ᠭᠡᠳᠡᠭ ᠪᠣᠯ ᠲᠣᠭᠲᠠᠭᠠᠭᠰᠠᠨ ᠵᠢᠷᠤᠮ ᠪᠠ ᠠᠷᠭ᠎ᠠ ᠶᠢᠨ ᠶᠣᠰᠣᠭᠠᠷ ᠬᠠᠮᠢᠶᠠᠷᠤᠯᠲᠠ ᠶᠢᠨ | ᠬᠠᠷᠢᠴᠠᠩᠭᠤᠢ ᠬᠥᠮᠥᠨ ᠤ ᠢᠲᠡᠭᠡᠮᠵᠢ ᠶᠢᠨ ᠬᠢᠷᠢ ᠬᠡᠮᠵᠢᠶ᠎ᠡ ᠶᠢ ᠶᠡᠷᠦᠩᠬᠡᠶᠢᠯᠡᠨ ᠦᠨᠡᠯᠡᠬᠦ ᠶᠢᠨ ᠬᠠᠮᠲᠤ ᠢᠲᠡᠭᠡᠮᠵᠢ ᠶᠢᠨ | ᠵᠡᠷᠭᠡ ᠳᠡᠰ ᠢ ᠲᠣᠭᠲᠠᠭᠠᠬᠤ ᠠᠵᠢᠯᠯᠠᠭ᠎ᠠ ᠶᠢ ᠵᠢᠭᠠᠵᠤ ᠪᠠᠶᠢᠨ᠎ᠠ᠃ ᠢᠲᠡᠭᠡᠮᠵᠢ ᠶᠢᠨ ᠵᠡᠷᠭᠡ ᠳᠡᠰ ᠢ ᠦᠨᠡᠯᠡᠨ | ᠲᠣᠭᠲᠠᠭᠠᠬᠤ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠢᠲᠡᠭᠡᠮᠵᠢ ᠶᠢᠨ ᠵᠡᠷᠭᠡ ᠳᠡᠰ ᠢ ᠴᠠᠭ ᠲᠤᠬᠠᠢ | ᠳᠤᠨᠢ ᠰᠢᠨᠡᠳᠬᠡᠨ᠎ᠡ᠃ | ᠳᠥᠷᠪᠡᠳᠦᠭᠡᠷ ᠵᠦᠢᠯ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠢᠲᠡᠭᠡᠮᠵᠢ ᠶᠢᠨ | ᠳᠡᠰ ᠢ ᠦᠨᠡᠯᠡᠨ ᠲᠣᠭᠲᠠᠭᠠᠬᠤ ᠳᠤ ᠨᠢᠭᠡ ᠵᠢᠯ ᠤᠨ ᠳᠣᠲᠣᠷ᠎ᠠ ᠬᠡᠮᠵᠢᠶᠡᠵᠢᠭᠦᠯᠦᠨ ᠳᠡᠰ ᠬᠤᠪᠢᠶᠠᠬᠤ᠂ | ᠵᠥᠪᠰᠢᠶᠡᠷᠡᠯ ᠢᠶᠠᠷ ᠬᠠᠮᠢᠶᠠᠷᠬᠤ᠂ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ᠂ ᠵᠠᠭᠠᠯᠳᠤᠵᠤ ᠢᠯᠡᠴᠢᠯᠡᠨ | ᠮᠡᠳᠡᠭᠦᠯᠬᠦ᠂ | ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠄ ᠣᠯᠠᠨ ᠨᠡᠶᠢᠲᠡ ᠲᠠᠢ ᠦᠨᠡᠯᠡᠬᠦ ᠶᠢᠨ ᠬᠠᠮᠲᠤ᠂ ᠳᠡᠭᠡᠳᠦ | ᠱᠠᠲᠤᠨ ᠤ ᠬᠦᠷᠭᠡᠭᠰᠡᠨ ᠤᠯᠤᠰ ᠤᠨ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ | ᠦᠷ᠎ᠡ ᠳ᠋ᠦᠩ ᠵᠢᠴᠢ ᠬᠤᠰᠢᠭᠤᠨ ᠰᠢᠭᠤᠳ ᠬᠠᠷᠢᠶ᠎ᠠ ᠪᠤᠰᠤᠳ ᠰᠠᠯᠠᠭ᠎ᠠ ᠮᠥᠴᠢᠷ ᠤᠨ ᠵᠠᠷᠯᠠᠨ ᠮᠡᠳᠡᠭᠳᠡᠭᠰᠡᠨ | ᠬᠤᠯᠪᠤᠭᠠᠯᠠᠨ ᠱᠠᠩᠨᠠᠵᠤ ᠲᠣᠷᠭᠠᠬᠤ ᠮᠡᠳᠡᠭᠡ ᠵᠠᠩᠭᠢ ᠲᠠᠢ ᠤᠶᠠᠯᠳᠤᠭᠤᠯᠤᠨ᠂ ᠶᠡᠷᠦᠩᠬᠡᠶᠢᠯᠡᠨ ᠦᠨᠡᠯᠡᠨ ᠲᠣᠭᠲᠠᠭᠠᠨ᠎ᠠ᠃ | | ᠲᠠᠪᠤᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ | ᠭᠡᠳᠡᠭ ᠨᠢ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠡᠭᠦᠷᠭᠡ ᠬᠠᠷᠢᠭᠤᠴᠠᠯᠭ᠎ᠠ ᠪᠣᠯᠣᠨ ᠡᠷᠬᠡ ᠶᠢᠨ ᠬᠡᠪᠴᠢᠶ᠎ᠡ ᠪᠠᠨ ᠦᠨᠳᠦᠰᠦᠯᠡᠨ᠂ ᠵᠠᠰᠠᠭ ᠵᠠᠬᠢᠷᠭᠠᠨ ᠤ | ᠬᠠᠮᠢᠶᠠᠷᠤᠯᠲᠠ ᠶᠢ ᠬᠠᠤᠯᠢ ᠶᠣᠰᠣᠭᠠᠷ ᠬᠡᠷᠡᠭᠵᠢᠭᠦᠯᠬᠦ ᠶᠠᠪᠤᠴᠠ ᠳᠤ ᠣᠯᠵᠤ ᠮᠡᠳᠡᠭᠰᠡᠨ ᠪᠠ ᠰᠢᠢᠳᠪᠦᠷᠢᠯᠡᠭᠰᠡᠨ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠥᠢᠯᠡ | ᠠᠵᠢᠯᠯᠠᠭ᠎ᠠ ᠶᠢ ᠵᠢᠭᠠᠵᠤ ᠪᠤᠢ᠃ | | ᠵᠢᠷᠭᠤᠳᠤᠭᠠᠷ ᠵᠦᠢᠯ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠳᠤ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢ ᠦᠨᠳᠦᠰᠦᠯᠡᠨ᠂ ᠢᠲᠡᠭᠡᠮᠵᠢ ᠲᠠᠢ ᠪᠠᠶᠢᠬᠤ ᠶᠢ | ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠵᠣᠷᠢᠭ ᠰᠠᠨᠠᠭ᠎ᠠ ᠶᠢ ᠵᠢᠷᠤᠮᠯᠠᠵᠤ᠂ | ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠤ ᠠᠳᠠᠯᠢ ᠪᠤᠰᠤ ᠢᠲᠡᠭᠡᠮᠵᠢ ᠶᠢᠨ ᠲᠠᠰ ᠲᠤ ᠲᠥᠷᠥᠯ ᠬᠤᠪᠢᠶᠠᠨ | ᠬᠠᠮᠢᠶᠠᠷᠬᠤ ᠪᠠ ᠦᠢᠯᠡᠴᠢᠯᠡᠬᠦ ᠶᠢ ᠬᠡᠷᠡᠭᠵᠢᠭᠦᠯᠦᠨ᠎ᠡ᠃ ᠵᠢᠭᠡᠯᠡᠯᠭᠡ ᠶᠢᠨ ᠵᠡᠷᠭᠡ ᠳᠡᠰ ᠢ A᠂ B᠂ C᠂ D ᠭᠡᠵᠦ | ᠳᠦᠷᠪᠡᠨ ᠳᠡᠰ ᠬᠤᠪᠢᠶᠠᠨ᠎ᠠ᠃ A ᠳᠡᠰ ᠨᠢ ᠢᠲᠡᠭᠡᠮᠵᠢ ᠪᠠᠷ ᠰᠠᠶᠢᠨ︔ B ᠳᠡᠰ ᠨᠢ ᠢᠲᠡᠭᠡᠮᠵᠢ ᠪᠠᠷ ᠨᠡᠯᠢᠶᠡᠳ | ᠰᠠᠶᠢᠨ︔ C ᠳᠡᠰ ᠨᠢ ᠢᠲᠡᠭᠡᠮᠵᠢ ᠶᠢᠨ ᠰᠡᠷᠡᠮᠵᠢ ᠶᠢᠨ ᠳᠡᠰ︔ D ᠲᠠᠰ ᠨᠢ ᠢᠲᠡᠭᠡᠯ ᠠᠯᠳᠠᠭᠰᠠᠨ ᠠᠵᠢᠯᠯᠠᠭ᠎ᠠ | ᠪᠣᠯᠣᠨ᠎ᠠ᠃ | | ᠳᠣᠯᠣᠳᠤᠭᠠᠷ ᠵᠦᠢᠯ ᠢᠲᠡᠭᠡᠮᠵᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ | | ︵ ᠨᠢᠭᠡ︶ A ᠲᠡᠰ ᠤᠨ ᠢᠲᠡᠭᠡᠮᠵᠢ ᠶᠢᠨ ᠰᠢᠯᠢᠳᠡᠭ ᠰᠠᠶᠢᠨ ᠥᠢᠯᠡ ᠠᠵᠢᠯᠯᠠᠭ᠎ᠠ ᠨᠢ ᠢᠲᠡᠭᠡᠯ ᠢᠶᠠᠨ | ᠠᠯᠳᠠᠭᠰᠠᠨ ᠥᠢᠯᠡ ᠠᠵᠢᠯᠯᠠᠭ᠎ᠠ ᠶᠢᠨ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠂ ᠡᠯ᠎ᠡ ᠲᠠᠯ᠎ᠠ ᠶᠢᠨ ᠬᠢᠨ | ᠲᠤᠰ ᠲᠥᠰᠥᠯ ᠤᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | | ︵ ᠬᠤᠶᠠᠷ︶ B ᠲᠠᠰ ᠤᠨ ᠢᠲᠡᠭᠡᠮᠵᠢ ᠶᠢᠨ ᠨᠡᠯᠢᠶᠡᠳ ᠰᠢᠯᠢᠳᠡᠭ ᠰᠠᠶᠢᠨ ᠦᠶᠯᠡ ᠠᠵᠢᠯᠯᠠᠭ᠎ᠠ ᠨᠢ | ᠢᠲᠡᠭᠡᠯ ᠠᠯᠳᠠᠭᠰᠠᠨ ᠦᠭᠡᠢ ᠦᠶᠯᠡ ᠠᠵᠢᠯᠯᠠᠭ᠎ᠠ ᠶᠢᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠂ ᠲᠣᠰ | ᠲᠥᠰᠥᠯ ᠤᠨ ᠵᠢᠷᠤᠮᠵᠢᠯ ᠤᠨ ᠱᠠᠭᠠᠷᠳᠠᠯᠭ᠎ᠠ ᠳᠤ ᠨᠢᠭᠡ ᠠᠴᠠ ᠬᠤᠶᠠᠷ ᠨᠢ ᠪᠠᠷᠢᠮᠵᠢᠶ᠎ᠠ ᠳᠤ ᠬᠦᠷᠬᠦ ᠦᠭᠡᠢ᠂ | ᠴᠡᠭᠴᠡᠯᠡᠨ ᠰᠠᠶᠢᠵᠢᠷᠠᠭᠤᠯᠬᠤ ᠴᠢᠬᠤᠯᠠᠲᠠᠢ᠃ | | ︵ ᠭᠤᠷᠪᠠ︶ C ᠲᠠᠰ ᠤᠨ ᠢᠲᠡᠭᠡᠮᠵᠢ ᠶᠢᠨ ᠰᠡᠷᠡᠮᠵᠢᠯᠡᠭᠦᠯᠬᠦ ᠦᠶᠯᠡ ᠠᠵᠢᠯᠯᠠᠭ᠎ᠠ ᠨᠢ ᠢᠲᠡᠭᠡᠯ | ᠠᠯᠳᠠᠭᠰᠠᠨ ᠦᠭᠡᠢ ᠦᠶᠯᠡ ᠠᠵᠢᠯᠯᠠᠭ᠎ᠠ ᠶᠢᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠂ ᠲᠣᠰ | ᠲᠥᠰᠥᠯ ᠤᠨ ᠵᠢᠷᠤᠮᠵᠢᠯ ᠤᠨ ᠱᠠᠭᠠᠷᠳᠠᠯᠭ᠎ᠠ ᠳᠤ ᠭᠤᠷᠪᠠ ᠠᠴᠠ ᠳᠥᠷᠪᠡ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠵᠤ | ᠂ ᠴᠡᠭᠴᠡᠯᠡᠨ ᠰᠠᠶᠢᠵᠢᠷᠠᠭᠤᠯᠬᠤ ᠴᠢᠬᠤᠯᠠᠲᠠᠢ᠃ | | ︵ ᠬᠤᠶᠠᠷ︶ D ᠲᠡᠰ ᠤᠨ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠨᠢ ᠢᠲᠡᠭᠡᠯ ᠢᠶᠠᠨ | ᠠᠯᠳᠠᠭᠰᠠᠨ ᠥᠢᠯᠡ ᠠᠵᠢᠯᠯᠠᠭ᠎ᠠ ᠲᠠᠢ ᠪᠠᠶᠢᠬᠤ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ | | ᠨᠠᠢᠮᠠᠳᠤᠭᠠᠷ ᠵᠦᠢᠯ ᠠᠳᠠᠯᠢ ᠨᠢᠭᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ | ᠲᠣᠭᠲᠠᠭᠠᠯ ᠳᠤ ᠠᠳᠠᠯᠢ ᠪᠤᠰᠤ ᠤᠯᠠᠨ ᠲᠦᠷᠦᠯ ᠵᠦᠢᠯ ᠪᠠ ᠬᠡᠮᠵᠢᠶ᠎ᠡ ᠶᠢ ᠬᠠᠮᠲᠤ ᠳᠤᠨᠢ ᠪᠠᠭᠲᠠᠭᠠᠭᠰᠠᠨ ᠪᠠᠶᠢᠪᠠᠯ᠂ | ᠬᠠᠮᠤᠭ ᠤᠨ ᠬᠦᠨᠳᠦ ᠲᠦᠷᠦᠯ ᠵᠦᠢᠯ ᠪᠠ ᠬᠡᠮᠵᠢᠶ᠎ᠡ ᠪᠠᠷ ᠢᠲᠡᠭᠡᠯ ᠠᠯᠳᠠᠭᠰᠠᠨ ᠠᠵᠢᠯᠯᠠᠭ᠎ᠠ ᠶᠢᠨ ᠬᠦᠨᠳᠦ ᠨᠣᠴᠢᠲᠠᠢ | ᠬᠡᠮᠵᠢᠶ᠎ᠡ ᠶᠢ ᠲᠣᠭᠲᠠᠭᠠᠨ᠎ᠠ᠃ | | ᠶᠢᠰᠦᠳᠦᠭᠡᠷ ᠵᠦᠢᠯ ᠢᠲᠡᠭᠡᠮᠵᠢ ᠶᠢᠨ ᠲᠡᠰ ᠢ A ᠲᠡᠰ ᠤᠨ ᠬᠠᠮᠢᠶᠠᠷᠤᠯᠲᠠ ᠶᠢᠨ ᠬᠠᠷᠢᠴᠠᠩᠭᠤᠢ | ᠬᠥᠮᠥᠨ ᠢᠶᠠᠷ ᠦᠨᠡᠯᠡᠨ ᠲᠣᠭᠲᠠᠭᠠᠭᠰᠠᠨ ᠳᠤ ᠳᠠᠷᠠᠭᠠᠬᠢ ᠵᠢᠭᠰᠠᠭᠠᠭᠰᠠᠨ ᠤᠷᠮᠠᠰᠢᠭᠤᠯᠬᠤ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠄ | | ︵ ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠨᠥᠬᠦᠴᠡᠯ ᠳᠤ ᠨᠡᠶᠢᠴᠡᠪᠡᠯ᠂ ᠪᠢᠴᠢᠭ ᠮᠠᠲ᠋ᠧᠷᠢᠶᠠᠯ ᠪᠠᠭᠤᠯᠭᠠᠵᠤ ᠬᠥᠬᠢᠭᠦᠯᠦᠨ ᠰᠠᠶᠢᠰᠢᠶᠠᠨ᠎ᠠ︔ | | ︵ ᠬᠤᠶᠠᠷ︶ ᠵᠠᠭᠠᠯᠳᠤᠵᠤ ᠢᠯᠡᠴᠢᠯᠡᠨ ᠮᠡᠳᠡᠭᠦᠯᠬᠦ ᠪᠠ ᠲᠤᠰᠬᠠᠢ ᠵᠦᠢᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠭᠠᠷᠭᠠᠪᠠᠯ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠪᠠᠶᠢᠴᠠᠭᠠᠬᠤ | ᠠᠴᠠ ᠬᠡᠯᠲᠦᠷᠢᠭᠦᠯᠦᠨ᠎ᠡ᠃ | | ︵ ᠭᠤᠷᠪᠠ︶ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠶᠠᠪᠤᠴᠠ ᠳᠤ᠂ ᠪᠣᠳᠠᠲᠤ ᠪᠠᠶᠢᠳᠠᠯ ᠢᠶᠠᠨ | ᠦᠨᠳᠦᠰᠦᠯᠡᠨ ︽ᠰᠠᠭᠠᠳ ᠦᠭᠡᠢ ᠨᠡᠪᠲᠡᠷᠡᠬᠦ ᠵᠠᠮ︾ ᠵᠡᠷᠭᠡ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ | ᠬᠡᠮᠵᠢᠶ᠎ᠡ ᠶᠢ ᠬᠡᠷᠡᠭᠵᠢᠭᠦᠯᠵᠦ ᠪᠣᠯᠣᠨ᠎ᠠ᠃ | | ︵ ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠤᠰᠤᠳ ᠤᠷᠮᠠᠰᠢᠭᠤᠯᠬᠤ ᠠᠷᠭ᠎ᠠ ᠬᠡᠮᠵᠢᠶ᠎ᠡ | | ᠠᠷᠪᠠᠳᠤᠭᠠᠷ ᠵᠦᠢᠯ ᠢᠲᠡᠭᠡᠮᠵᠢ ᠶᠢᠨ ᠲᠡᠰ ᠢ B᠂ C ᠲᠡᠰ ᠤᠨ ᠬᠠᠮᠢᠶᠠᠷᠤᠯᠲᠠ ᠶᠢᠨ ᠬᠠᠷᠢᠴᠠᠩᠭᠤᠢ | ᠬᠥᠮᠥᠨ ᠢᠶᠠᠷ ᠦᠨᠡᠯᠡᠬᠦ ᠳᠤ ᠳᠠᠷᠠᠭᠠᠬᠢ ᠵᠢᠭᠰᠠᠭᠠᠭᠰᠠᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠄ | | ︵ ᠨᠢᠭᠡ︶ ᠡᠳᠦᠷ ᠲᠤᠲᠤᠮ ᠤᠨ ᠪᠠᠶᠢᠴᠠᠭᠠᠯᠲᠠ ᠶᠢᠨ ᠤᠳᠠᠭ᠎ᠠ ᠳᠠᠷᠠᠭ᠎ᠠ ᠶᠢ ᠵᠣᠬᠢᠰᠲᠠᠢ ᠨᠡᠮᠡᠭᠳᠡᠭᠦᠯᠵᠦ᠂ | ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠳᠤᠮᠳᠠ ᠪᠠᠶᠢᠴᠠᠭᠠᠭᠳᠠᠬᠤ ᠡᠲᠡᠭᠡᠳ ᠲᠡᠭᠡᠨ ᠣᠷᠣᠭᠤᠯᠤᠨ᠎ᠠ᠃ | | ︵ ᠬᠤᠶᠠᠷ︶ ᠬᠠᠷᠢᠴᠠᠩᠭᠤᠢ ᠬᠥᠮᠥᠨ ᠢ ᠬᠠᠮᠢᠶᠠᠷᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠤᠬᠠᠭᠤᠯᠭ᠎ᠠ᠂ ᠲᠤᠬᠠᠶᠢᠯᠠᠭᠰᠠᠨ ᠠᠵᠢᠯ ᠤᠨ ᠬᠠᠪᠰᠤᠷᠤᠨ ᠵᠢᠯᠤᠭᠤᠳᠬᠤ ᠵᠡᠷᠭᠡ ᠦᠢᠯᠡᠴᠢᠯᠡᠭᠡᠨ ᠤ ᠠᠵᠢᠯ ᠢ | ᠴᠢᠩᠭᠠᠳᠬᠠᠵᠤ᠂ ᠲᠡᠳᠡᠨ ᠢ ᠬᠠᠪᠰᠤᠷᠤᠨ ᠬᠠᠤᠯᠢ ᠶᠣᠰᠣᠭᠠᠷ ᠠᠵᠢᠯ ᠡᠷᠭᠢᠯᠡᠬᠦ ᠬᠢᠷᠢ ᠬᠡᠮᠵᠢᠶ᠎ᠡ ᠶᠢ ᠨᠢ | ᠳᠡᠭᠡᠭᠰᠢᠯᠡᠭᠦᠯᠦᠨ᠎ᠡ᠃ | | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ | ᠪᠤᠰᠤᠳ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠃ | | ᠠᠷᠪᠠᠨ ᠨᠢᠭᠡᠳᠦᠭᠡᠷ ᠵᠦᠢᠯ ᠢᠲᠡᠭᠡᠮᠵᠢ ᠶᠢᠨ ᠲᠠᠰ ᠢ D ᠲᠠᠰ ᠢᠶᠠᠷ ᠲᠣᠭᠲᠠᠭᠠᠭᠰᠠᠨ ᠬᠠᠮᠢᠶᠠᠷᠤᠯᠲᠠ ᠶᠢᠨ | ᠬᠠᠷᠢᠴᠠᠩᠭᠤᠢ ᠬᠥᠮᠥᠨ ᠳᠤ ᠳᠠᠷᠠᠭᠠᠬᠢ ᠬᠡᠳᠦᠨ ᠲᠠᠯ᠎ᠠ ᠪᠠᠷ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ | | ︵ ᠨᠢᠭᠡ︶ ᠵᠠᠰᠠᠭ ᠵᠠᠬᠢᠷᠭᠠᠨ ᠤ ᠴᠢᠨᠠᠷᠲᠠᠢ ᠬᠢᠵᠠᠭᠠᠷᠯᠠᠯ ᠪᠠ ᠵᠠᠯᠬᠠᠭᠠᠨ ᠴᠡᠭᠡᠷᠯᠡᠭᠦᠯᠬᠦ ᠶᠢ ᠬᠠᠤᠯᠢ | ᠶᠣᠰᠣᠭᠠᠷ ᠴᠢᠩᠭᠠᠳᠬᠠᠨ᠎ᠠ᠄ | | ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ | ᠤᠬᠠᠮᠰᠠᠷ ᠢ ᠨᠢ ᠴᠢᠩᠭᠠᠷᠠᠭᠤᠯᠵᠤ᠂ ᠬᠠᠤᠯᠢ ᠴᠠᠭᠠᠵᠠ ᠶᠢ ᠵᠢᠷᠤᠮᠯᠠᠨ ᠳᠠᠭᠠᠬᠤ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ | | | ᠡᠳᠦᠷ ᠲᠤᠲᠤᠮ ᠤᠨ ᠪᠠᠶᠢᠴᠠᠭᠠᠯᠲᠠ ᠶᠢᠨ ᠳᠠᠪᠲᠠᠮᠵᠢ ᠤᠳᠠᠭ᠎ᠠ ᠪᠠ ᠲᠠᠰᠢᠷᠠᠮ ᠳᠠᠭᠠᠤ ᠰᠤᠭᠤᠴᠢᠨ | ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | | ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠵᠦᠢᠯᠡᠰ ᠢ ᠴᠢᠩᠭ᠎ᠠ ᠬᠢᠨᠠᠨ ᠬᠠᠷᠭᠤᠭᠤᠯᠪᠠ᠃ | | ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠵᠦᠢᠯᠡᠰ ᠢ ᠭᠤᠶᠤᠴᠢᠯᠠᠬᠤ ᠶᠢ ᠴᠢᠩᠭ᠎ᠠ ᠬᠢᠵᠠᠭᠠᠷᠯᠠᠵᠤ᠂ | ᠬᠤᠯᠪᠣᠭᠳᠠᠯ ᠪᠦᠬᠦᠢ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠣᠷᠣᠯᠴᠠᠬᠤ ᠶᠢ | ᠬᠢᠵᠠᠭᠠᠷᠯᠠᠵᠤ᠂ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠣᠨᠴᠠ | ᠵᠥᠪᠰᠢᠶᠡᠷᠡᠯ ᠲᠠᠢ ᠡᠵᠡᠩᠨᠡᠯᠲᠡ ᠳᠤ ᠣᠷᠣᠯᠴᠠᠬᠤ ᠶᠢ ᠬᠢᠵᠠᠭᠠᠷᠯᠠᠨ᠎ᠠ᠃ | | ᠠᠵᠤ ᠠᠬᠤᠶᠢᠯᠠᠯ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠣᠯ | ᠬᠠᠷᠢᠭᠤᠴᠠᠯᠭᠠᠲᠠᠨ ᠪᠠ ᠢᠲᠡᠭᠡᠯ ᠠᠯᠳᠠᠭᠰᠠᠨ ᠠᠵᠢᠯᠯᠠᠭ᠎ᠠ ᠳᠤ ᠰᠢᠭᠤᠳ ᠬᠠᠷᠢᠭᠤᠴᠠᠯᠭ᠎ᠠ ᠲᠠᠢ ᠳᠠᠩᠰᠠᠯᠠᠭᠤᠯᠤᠭᠰᠠᠨ | ᠠᠵᠢᠯ ᠡᠷᠭᠢᠯᠡᠬᠦ ᠬᠥᠮᠥᠰ ᠵᠡᠷᠭᠡ ᠳᠤ ᠵᠠᠬ᠎ᠠ ᠳᠡᠯᠭᠡᠭᠦᠷ ᠪᠠ ᠠᠵᠢᠯ ᠲᠥᠷᠥᠯ ᠳᠤ ᠣᠷᠣᠬᠤ ᠶᠢ ᠬᠤᠷᠢᠭᠯᠠᠬᠤ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ᠄ | | ︵ ᠬᠤᠶᠠᠷ︶ ᠵᠠᠬ᠎ᠠ ᠳᠡᠯᠭᠡᠭᠦᠷ ᠤᠨ ᠴᠢᠨᠠᠷᠲᠠᠢ ᠬᠢᠵᠠᠭᠠᠷᠯᠠᠯ ᠪᠠ ᠵᠠᠯᠬᠠᠭᠠᠨ ᠴᠡᠭᠡᠷᠯᠡᠭᠦᠯᠬᠦ ᠶᠢ | ᠴᠢᠩᠭᠠᠳᠬᠠᠨ᠎ᠠ᠄ | | ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠢ ᠨᠢᠭᠡᠳᠬᠡᠬᠦ ᠪᠠᠷ ᠬᠡᠯᠬᠢᠶᠡᠰᠦ ᠪᠣᠯᠭᠠᠵᠤ᠂ ᠬᠤᠯᠪᠣᠭᠳᠠᠬᠤ | ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡ ᠨᠡᠶᠢᠲᠡᠯᠡᠵᠦ᠂ ᠵᠠᠬ᠎ᠠ ᠳᠡᠯᠭᠡᠭᠦᠷ ᠤᠨ ᠢᠲᠡᠭᠡᠯ ᠢᠶᠠᠨ ᠠᠯᠳᠠᠭᠰᠠᠨ | ᠦᠶᠯᠡ ᠠᠵᠢᠯᠯᠠᠭ᠎ᠠ ᠶᠢ ᠢᠯᠭᠠᠨ ᠲᠠᠨᠢᠵᠤ᠂ ᠢᠲᠡᠭᠡᠮᠵᠢ ᠶᠢᠨ ᠲᠦᠭᠰᠢᠭᠦᠷᠢ ᠶᠢ ᠰᠡᠷᠭᠡᠶᠢᠯᠡᠬᠦ ᠳᠤ ᠲᠥᠬᠦᠮ ᠪᠣᠯᠭᠠᠨ᠎ᠠ︔ | ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢᠨ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ | ᠦᠶᠯᠡ ᠠᠵᠢᠯᠯᠠᠭ᠎ᠠ ᠶᠢᠨ ᠮᠡᠳᠡᠭᠡ ᠵᠠᠩᠭᠢ ᠴᠤᠭᠯᠠᠭᠤᠯᠬᠤ ᠶᠢ ᠳᠡᠮᠵᠢᠵᠦ᠂ ᠢᠲᠡᠭᠡᠮᠵᠢ ᠶᠢᠨ ᠲᠡᠮᠳᠡᠭᠯᠡᠯ ᠪᠠ | ᠢᠲᠡᠭᠡᠮᠵᠢ ᠶᠢᠨ ᠮᠡᠳᠡᠭᠦᠯᠦᠯᠲᠡ ᠳᠤ ᠣᠷᠣᠭᠤᠯᠬᠤ ᠬᠡᠷᠡᠭᠲᠡᠢ᠃ | | ︵ ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠤᠰᠤᠳ ᠬᠠᠮᠢᠶᠠᠷᠤᠯᠲᠠ ᠳᠤ ᠰᠠᠨᠠᠭᠤᠯᠬᠤ ᠪᠠ ᠦᠨᠡᠨᠴᠢ | ᠢᠲᠡᠭᠡᠮᠵᠢᠲᠡᠢ ᠪᠠᠷ ᠪᠣᠯᠵᠣᠨ ᠶᠠᠷᠢᠯᠴᠠᠬᠤ ᠶᠢ ᠳᠡᠩᠰᠡᠯᠡᠨ ᠲᠡᠮᠳᠡᠭᠯᠡᠵᠦ᠂ ᠰᠠᠨᠠᠭᠤᠯᠬᠤ ᠪᠠ ᠪᠣᠯᠵᠣᠨ ᠶᠠᠷᠢᠯᠴᠠᠬᠤ | ᠡᠲᠡᠭᠡᠳ᠂ ᠴᠠᠭ ᠬᠤᠭᠤᠴᠠᠭ᠎ᠠ᠂ ᠠᠷᠭ᠎ᠠ ᠮᠠᠶ᠋ᠢᠭ ᠵᠢᠴᠢ ᠠᠭᠤᠯᠭ᠎ᠠ ᠶᠢ ᠨᠠᠷᠢᠨ ᠲᠣᠳᠣᠷᠬᠠᠢ ᠲᠡᠮᠳᠡᠭᠯᠡᠬᠦ ᠶᠢᠨ ᠬᠠᠮᠲᠤ | ᠲᠣᠪᠴᠢᠶ᠎ᠠ ᠶᠢᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠲᠠᠰᠤᠭ ᠲᠤ ᠮᠡᠳᠡᠭᠦᠯᠦᠨ ᠬᠦᠷᠭᠡᠵᠦ | ᠦᠯᠡᠳᠡᠭᠡᠨ ᠬᠠᠳᠠᠭᠠᠯᠠᠭᠤᠯᠤᠨ᠎ᠠ᠃ ᠲᠣᠪᠴᠢᠶ᠎ᠠ ᠶᠢᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠲᠠᠰᠤᠭ ᠢ | ᠪᠠᠶᠢᠳᠠᠯ ᠢ ᠦᠨᠳᠦᠰᠦᠯᠡᠨ ᠬᠤᠰᠢᠭᠤᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠦᠢᠯᠡᠴᠢᠯᠡᠭᠡᠨ ᠤ ᠲᠠᠪᠴᠠᠩ ᠳᠤ ᠬᠦᠷᠭᠡᠨ᠎ᠡ᠃ | | ᠠᠷᠪᠠᠨ ᠲᠠᠪᠤᠳᠤᠭᠠᠷ ᠵᠦᠢᠯ ᠣᠯᠠᠨ ᠨᠡᠶᠢᠲᠡ ᠶᠢᠨ ᠬᠢᠨᠠᠯᠲᠠ ᠲᠠᠯᠪᠢᠬᠤ ᠳᠤ ᠣᠷᠣᠯᠴᠠᠬᠤ ᠠᠷᠭ᠎ᠠ ᠵᠠᠮ ᠪᠠ | ᠠᠷᠭ᠎ᠠ ᠮᠠᠶ᠋ᠢᠭ ᠢ ᠤᠯᠠᠮ ᠥᠷᠭᠡᠳᠬᠡᠵᠦ᠂ ᠨᠡᠶᠢᠭᠡᠮ ᠨᠡᠶᠢᠲᠡ ᠪᠠᠷ ᠢᠶᠠᠨ ︵ ᠬᠠᠤᠯᠢ ᠶᠢᠨ ᠡᠷᠬᠡᠲᠡᠨ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠪᠠᠶᠢᠭᠠᠯᠢ ᠬᠥᠮᠥᠨ︶ ᠤ ᠬᠦᠨᠳᠦ ᠨᠣᠴᠢᠲᠠᠢ ᠢᠲᠡᠭᠡᠯ ᠠᠯᠳᠠᠭᠰᠠᠨ ᠦᠶᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ | ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠢ᠃ ᠢᠲᠡᠭᠡᠯ ᠠᠯᠳᠠᠭᠰᠠᠨ ᠭᠤᠣᠯ ᠴᠣᠭᠴᠠ ᠶᠢ ᠵᠠᠯᠬᠠᠭᠠᠨ ᠴᠡᠭᠡᠷᠯᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠴᠠᠭ ᠲᠤᠬᠠᠢ ᠳᠤᠨᠢ ᠢᠯᠡᠴᠢᠯᠡᠬᠦ ᠬᠡᠷᠡᠭᠲᠡᠢ︔ ᠢᠲᠡᠭᠡᠮᠵᠢ ᠲᠠᠢ ᠪᠠᠶᠢᠬᠤ ᠦᠶᠯᠡ | ᠠᠵᠢᠯᠯᠠᠭ᠎ᠠ ᠶᠢ ᠵᠣᠷᠢᠭᠵᠢᠭᠤᠯᠵᠤ᠂ ᠢᠲᠡᠭᠡᠮᠵᠢ ᠰᠠᠶᠢᠲᠠᠢ ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠳᠤ | ᠬᠠᠷᠠᠭᠠᠯᠵᠠᠯ ᠦᠵᠡᠭᠦᠯᠬᠦ ᠪᠠ ᠵᠣᠷᠢᠭᠵᠢᠭᠤᠯᠬᠤ ᠲᠥᠷᠥ ᠶᠢᠨ ᠪᠣᠳᠣᠯᠭ᠎ᠠ ᠣᠯᠭᠤᠨ᠎ᠠ᠃ | | ᠠᠷᠪᠠᠨ ᠵᠢᠷᠭᠤᠳᠤᠭᠠᠷ ᠵᠦᠢᠯ ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠢᠲᠡᠭᠡᠯ ᠢᠶᠠᠨ ᠠᠯᠳᠠᠭᠰᠠᠨ | ᠦᠶᠯᠡ ᠠᠵᠢᠯᠯᠠᠭ᠎ᠠ ᠳᠤ ᠣᠨᠳᠣᠣ ᠰᠠᠨᠠᠯ ᠲᠠᠢ ᠪᠠᠶᠢᠪᠠᠯ᠂ ᠰᠡᠭᠦᠯᠴᠢ ᠶᠢᠨ ᠬᠤᠭᠤᠴᠠᠭᠠᠨ ᠳᠤ ᠮᠠᠭᠠᠳᠯᠠᠨ | ᠲᠣᠭᠲᠠᠭᠠᠬᠤ ᠪᠠᠷ ᠳᠡᠮᠵᠢᠨ ᠬᠦᠴᠦᠨ ᠦᠭᠡᠢ ᠪᠣᠯᠭᠠᠬᠤ ᠪᠤᠶᠤ ᠢᠲᠡᠭᠡᠮᠵᠢ ᠶᠢᠨ ᠰᠡᠷᠭᠦᠭᠡᠯᠲᠡ ᠶᠢ ᠬᠢᠭᠰᠡᠨ ᠪᠠᠶᠢᠪᠠᠯ᠂ | ᠲᠣᠪᠴᠢᠶ᠎ᠠ ᠶᠢᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠲᠠᠰᠤᠭ ᠨᠢ ᠭᠦᠢᠴᠡᠳᠬᠡᠭᠰᠡᠨ ᠦᠷ᠎ᠡ | ᠳ᠋ᠦᠩ ᠢᠶᠠᠨ ᠦᠨᠳᠦᠰᠦᠯᠡᠨ᠂ ᠢᠲᠡᠭᠡᠮᠵᠢ ᠶᠢᠨ ᠲᠠᠰ ᠲᠥᠷᠥᠯ ᠬᠤᠪᠢᠶᠠᠭᠰᠠᠨ ᠬᠢᠨᠠᠯᠲᠠ ᠬᠠᠮᠢᠶᠠᠷᠤᠯᠲᠠ ᠶᠢᠨ ᠮᠡᠳᠡᠭᠡ | ᠵᠠᠩᠭᠢ ᠶᠢ ᠥᠭᠡᠷᠡᠴᠢᠯᠡᠨ᠎ᠡ᠃ | | ᠠᠷᠪᠠᠨ ᠬᠤᠶᠠᠳᠤᠭᠠᠷ ᠵᠦᠢᠯ ᠰᠤᠷᠭᠠᠯᠲᠠ ᠶᠢᠨ ᠲᠠᠯᠠᠪᠤᠷ ᠭᠠᠵᠠᠷ ᠤᠨ ᠨᠥᠬᠦᠴᠡᠯ ᠤᠨ ᠲᠠᠯ᠎ᠠ ᠪᠠᠷ᠂ ᠡᠷᠬᠡᠪᠰᠢ | ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠢ ᠤᠨᠲᠠᠷᠠᠭᠠᠬᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ | ᠢᠳᠡᠭᠡᠨ ᠤ ᠠᠮᠤᠷ ᠲᠦᠪᠰᠢᠨ ᠵᠡᠷᠭᠡ ᠶᠢᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠪᠠᠭᠰᠢ ᠶᠢᠨ ᠨᠥᠬᠦᠴᠡᠯ ᠤᠨ ᠲᠠᠯ᠎ᠠ ᠪᠠᠷ᠂ | ᠵᠢᠭᠠᠨ ᠰᠤᠷᠭᠠᠬᠤ᠂ ᠵᠢᠭᠠᠨ ᠰᠤᠳᠤᠯᠬᠤ ᠠᠵᠢᠯᠲᠠᠨ ᠡᠷᠬᠡᠪᠰᠢ ᠪᠡᠶ᠎ᠡ ᠶᠢᠨ ᠲᠠᠮᠢᠷ᠂ ᠰᠣᠶᠣᠯ ᠤᠷᠠᠯᠢᠭ᠂ ᠰᠢᠨᠵᠢᠯᠡᠬᠦ | ᠤᠬᠠᠭᠠᠨ ᠮᠡᠷᠭᠡᠵᠢᠯ ᠵᠡᠷᠭᠡ ᠵᠣᠬᠢᠴᠠᠩᠭᠤᠢ ᠲᠥᠷᠥᠯ ᠢᠯᠭᠠᠯ ᠤᠨ ᠠᠵᠢᠯ ᠮᠡᠷᠭᠡᠵᠢᠯ ︵ ᠲᠤᠰᠬᠠᠢ ᠮᠡᠷᠭᠡᠵᠢᠯ︶ ᠤᠨ | ᠴᠢᠳᠠᠪᠤᠷᠢ ᠲᠠᠢ ᠪᠤᠶᠤ ᠵᠣᠬᠢᠴᠠᠩᠭᠤᠢ ᠲᠥᠷᠥᠯ ᠢᠯᠭᠠᠯ ᠤᠨ ᠪᠠᠭᠰᠢ ᠶᠢᠨ ᠬᠢᠷᠢ ᠬᠡᠮ ᠤᠨ ᠦᠨᠡᠮᠯᠡᠯ ᠲᠠᠢ ᠪᠠᠶᠢᠬᠤ | ᠬᠡᠷᠡᠭᠲᠡᠢ᠃ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠰᠤᠷᠭᠠᠨ | ᠬᠥᠮᠦᠵᠢᠯ ᠤᠨ ᠶᠠᠮᠤᠨ ᠤ ᠬᠠᠮᠲᠤᠷᠠᠨ ᠬᠡᠪᠯᠡᠨ ᠲᠠᠷᠬᠠᠭᠠᠭᠰᠠᠨ ︽ᠠᠵᠢᠯ ᠡᠷᠭᠢᠯᠡᠬᠦ ᠶᠢ ᠬᠤᠷᠢᠭᠯᠠᠬᠤ ᠳᠦᠷᠢᠮ ᠢ | ᠨᠠᠶᠢᠳᠠᠪᠤᠷᠢᠵᠢᠭᠤᠯᠬᠤ ᠲᠤᠬᠠᠢ ᠰᠠᠨᠠᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠪᠡᠯ᠂ ᠳᠤᠮᠳᠠᠳᠤ | ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ︵ ᠠᠷᠠᠳ ᠠᠴᠠ ᠡᠷᠭᠢᠯᠡᠭᠰᠡᠨ ᠳᠤᠮᠳᠠᠳᠤ ᠪᠠᠭ᠎ᠠ | ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠪᠠᠭᠲᠠᠨ᠎ᠠ︶ ᠶᠢ ᠤᠷᠢᠨ ᠬᠡᠷᠡᠭᠯᠡᠵᠦ ᠪᠣᠯᠬᠤ ᠦᠭᠡᠢ᠂ | ᠭᠠᠳᠠᠭᠠᠳᠤ ᠶᠢᠨ ᠬᠠᠷᠢᠶ᠎ᠠ ᠲᠠᠢ ᠠᠵᠢᠯᠲᠠᠨ ᠢ ᠤᠷᠢᠨ ᠬᠡᠷᠡᠭᠯᠡᠬᠦ ᠳᠤ ᠡᠷᠬᠡᠪᠰᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠡᠵᠡᠩᠨᠡᠯᠲᠡ ᠶᠢᠨ ᠨᠥᠬᠦᠴᠡᠯ ᠤᠨ ᠲᠠᠯ᠎ᠠ ᠪᠠᠷ ᠡᠷᠬᠡᠪᠰᠢ | ᠵᠢᠷᠤᠮᠵᠢᠭᠰᠠᠨ ᠳᠦᠷᠢᠮ ᠪᠠ ᠵᠣᠬᠢᠴᠠᠩᠭᠤᠢ ᠬᠠᠮᠢᠶᠠᠷᠤᠯᠲᠠ ᠶᠢᠨ ᠳᠦᠷᠢᠮ ᠲᠠᠢ ᠪᠠᠶᠢᠬᠤ ᠬᠡᠷᠡᠭᠲᠡᠢ᠃ | | ᠠᠷᠪᠠᠨ ᠭᠤᠷᠪᠠᠳᠤᠭᠠᠷ ᠵᠦᠢᠯ ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠭᠤᠷᠪᠠᠨ ᠰᠠᠯᠠᠭ᠎ᠠ | ᠮᠥᠴᠢᠷ ᠤᠨ ︽ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠳᠤ ᠬᠠᠨᠳᠤᠭᠤᠯᠤᠭᠰᠠᠨ ᠰᠢᠨᠵᠢᠯᠡᠭᠡᠨ ᠤ | ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢ ᠵᠢᠷᠤᠮᠵᠢᠭᠤᠯᠬᠤ ᠲᠤᠬᠠᠢ ᠰᠠᠨᠠᠯ︾ ᠤᠨ | ᠱᠠᠭᠠᠷᠳᠠᠯᠭ᠎ᠠ ᠶᠣᠰᠣᠭᠠᠷ᠂ ᠣᠲᠣ ᠶᠢᠨ ᠪᠠᠶᠢᠭ᠎ᠠ ᠪᠠᠶᠢᠭᠤᠯᠤᠮᠵᠢ ᠶᠢ ᠪᠥᠬᠦ ᠲᠠᠯ᠎ᠠ ᠪᠠᠷ ᠨᠠᠷᠢᠪᠴᠢᠯᠠᠨ ᠪᠠᠶᠢᠴᠠᠭᠠᠵᠤ᠂ | ᠲᠣᠬᠢᠷᠠᠭᠤᠯᠬᠤ ᠪᠠᠷᠢᠮᠵᠢᠶ᠎ᠠ ᠳᠤ ᠨᠡᠶᠢᠴᠡᠬᠦ ᠦᠭᠡᠢ ᠶᠢ ᠨᠢ ᠪᠠᠷᠢᠮᠵᠢᠶ᠎ᠠ ᠳᠤ ᠵᠣᠬᠢᠴᠠᠭᠤᠯᠤᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠢ᠃ ᠰᠢᠨ᠎ᠡ ᠪᠠᠷ ᠪᠠᠶᠢᠭᠤᠯᠬᠤ ᠪᠠᠷ ᠭᠤᠶᠤᠴᠢᠯᠠᠭᠰᠠᠨ ᠪᠠᠶᠢᠭᠤᠯᠤᠮᠵᠢ ᠨᠢ ᠪᠠᠶᠢᠭᠤᠯᠬᠤ | ᠪᠠᠷᠢᠮᠵᠢᠶ᠎ᠠ ᠳᠤ ᠨᠡᠶᠢᠴᠡᠪᠡᠯ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠬᠦ ᠬᠡᠷᠡᠭᠲᠡᠢ᠃ | | ᠠᠷᠪᠠᠨ ᠳᠥᠷᠪᠡᠳᠦᠭᠡᠷ ᠵᠦᠢᠯ ᠰᠤᠷᠭᠠᠯᠲᠠ ᠶᠢᠨ ᠲᠥᠷᠥᠯ ᠢᠯᠭᠠᠯ ᠤᠨ ᠨᠠᠷᠢᠨ ᠬᠠᠭᠤᠳᠠᠰᠤ ᠶᠢᠨ ᠭᠠᠷᠴᠠᠭ ᠢ | ᠨᠠᠷᠢᠯᠢᠭᠵᠢᠭᠤᠯᠵᠤ᠂ ᠰᠢᠨ᠎ᠡ ᠪᠠᠷ ᠢᠯᠡᠷᠡᠭᠰᠡᠨ ᠰᠤᠷᠭᠠᠯᠲᠠ ᠶᠢᠨ ᠲᠥᠷᠥᠯ ᠬᠡᠯᠪᠡᠷᠢ ᠶᠢ ᠦᠨᠳᠦᠰᠦᠯᠡᠨ᠂ ᠴᠠᠭ ᠲᠤᠬᠠᠢ | ᠳᠤᠨᠢ ᠬᠥᠳᠡᠯᠦᠩᠭᠦᠢ ᠲᠣᠬᠢᠷᠠᠭᠤᠯᠤᠯᠲᠠ ᠬᠢᠬᠦ ᠬᠡᠷᠡᠭᠲᠡᠢ᠃ ᠣᠯᠠᠨ ᠲᠥᠷᠥᠯ ᠢᠯᠭᠠᠯ ᠤᠨ ᠰᠤᠷᠭᠠᠯᠲᠠ ᠶᠢ ᠵᠡᠷᠭᠡᠪᠡᠷ | ᠥᠷᠨᠢᠭᠦᠯᠬᠦ ᠵᠡᠷᠭᠡ ᠪᠠᠶᠢᠳᠠᠯ ᠳᠤ᠂ ᠭᠤᠣᠯ ᠪᠣᠯᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠲᠣᠳᠣᠷᠬᠠᠶᠢᠯᠠᠬᠤ | ᠪᠠ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠪᠠᠯᠠᠢ ᠭᠠᠵᠠᠷ ᠭᠠᠷᠬᠤ ᠠᠴᠠ ᠵᠠᠶᠢᠯᠠᠰᠬᠢᠨ᠎ᠡ᠃ | | ᠠᠷᠪᠠᠨ ᠲᠠᠪᠤᠳᠤᠭᠠᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ | ᠡᠷᠭᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠵᠢᠴᠢ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠰᠢᠨᠵᠢᠯᠡᠭᠡᠨ ᠤ ᠲᠥᠷᠥᠯ ᠤᠨ ᠪᠤᠰᠤ ᠰᠤᠷᠭᠠᠯᠲᠠ ᠶᠢᠨ ᠪᠠᠶᠢᠭᠤᠯᠤᠮᠵᠢ ᠪᠠᠶᠢᠭᠤᠯᠬᠤ ᠲᠠᠰ | ᠳᠠᠷᠠᠭᠠᠯᠠᠯ ᠢ ᠤᠯᠠᠮ ᠲᠣᠳᠣᠷᠬᠠᠶᠢᠯᠠᠨ᠎ᠠ᠃ ᠰᠢᠨᠵᠢᠯᠡᠭᠡᠨ ᠤ ᠪᠤᠰᠤ ᠲᠥᠷᠥᠯ ᠤᠨ ᠰᠦᠯᠵᠢᠶᠡᠨ ᠳᠡᠭᠡᠷᠡᠬᠢ | ᠰᠤᠷᠭᠠᠯᠲᠠ ᠶᠢᠨ ᠪᠠᠶᠢᠭᠤᠯᠤᠮᠵᠢ ᠨᠢ ᠡᠷᠬᠡᠪᠰᠢ ᠵᠣᠬᠢᠬᠤ ᠲᠥᠷᠥᠯ ᠢᠯᠭᠠᠯ ᠤᠨ ᠥᠪᠡᠷᠲᠡᠭᠡᠨ ᠵᠠᠰᠠᠬᠤ ᠣᠷᠣᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠶᠣᠰᠣᠭᠠᠷ | ᠣᠯᠣᠭᠰᠠᠨ ᠤ ᠳᠠᠷᠠᠭ᠎ᠠ᠂ ᠳᠠᠬᠢᠨ ᠬᠠᠤᠯᠢ ᠶᠣᠰᠣᠭᠠᠷ ᠬᠠᠤᠯᠢ ᠶᠢᠨ ᠡᠷᠬᠡᠲᠡᠨ ᠢ ᠳᠠᠩᠰᠠᠯᠠᠬᠤ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠢᠨᠠᠨ ᠵᠥᠪᠰᠢᠶᠡᠷᠡᠬᠦ ᠭᠠᠷᠳᠠᠮ ᠢ ᠰᠢᠨᠵᠢᠯᠡᠭᠡᠨ ᠤ | ᠰᠠᠯᠠᠭ᠎ᠠ ᠶᠢᠨ ᠪᠤᠰᠤ ᠲᠥᠷᠥᠯ ᠤᠨ ᠰᠦᠯᠵᠢᠶᠡᠨ ᠠᠴᠠ ᠭᠠᠳᠠᠭᠤᠷᠬᠢ ᠰᠤᠷᠭᠠᠯᠲᠠ ᠶᠢᠨ ᠪᠠᠶᠢᠭᠤᠯᠤᠮᠵᠢ ᠨᠢ ᠡᠷᠬᠡᠪᠰᠢ | ᠵᠣᠬᠢᠴᠠᠩᠭᠤᠢ ᠲᠥᠷᠥᠯ ᠢᠯᠭᠠᠯ ᠤᠨ ᠰᠢᠶᠠᠨ ᠤ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠵᠥᠪᠰᠢᠶᠡᠷᠡᠯ ᠢ ᠣᠯᠣᠭᠰᠠᠨ ᠤ ᠳᠠᠷᠠᠭ᠎ᠠ᠂ ᠳᠠᠭᠢᠵᠤ ᠬᠠᠤᠯᠢ ᠶᠣᠰᠣᠭᠠᠷ ᠬᠠᠤᠯᠢ ᠶᠢᠨ ᠬᠥᠮᠥᠨ ᠤ | ᠰᠢᠶᠠᠨ ᠤ ᠬᠡᠪᠴᠢᠶ᠎ᠡ ᠠᠯᠤᠰᠯᠠᠨ ᠰᠦᠯᠵᠢᠶᠡᠨ ᠠᠴᠠ ᠭᠠᠳᠠᠭᠤᠷᠬᠢ ᠰᠤᠷᠭᠠᠯᠲᠠ ᠶᠢ ᠥᠷᠨᠢᠭᠦᠯᠪᠡᠯ᠂ ᠬᠠᠤᠯᠢ ᠶᠣᠰᠣᠭᠠᠷ | ᠱᠠᠭᠠᠷᠳᠠᠯᠭ᠎ᠠ ᠶᠣᠰᠣᠭᠠᠷ ᠰᠢᠶᠠᠨ ᠤ ᠬᠡᠪᠴᠢᠶ᠎ᠡ ᠨᠢᠭᠡᠪᠦᠷᠢ ᠠᠴᠠ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠣᠯᠬᠤ ᠶᠢᠨ ᠬᠠᠮᠲᠤ᠂ ︽ᠨᠢᠭᠡ ᠴᠡᠭ ᠨᠢᠭᠡ ᠦᠨᠡᠮᠯᠡᠯ︾ | ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠨᠵᠢᠯᠡᠭᠡᠨ ᠤ ᠲᠥᠷᠥᠯ ᠤᠨ ᠪᠤᠰᠤ ᠣᠯᠠᠨ | ᠲᠥᠷᠥᠯ ᠤᠨ ᠲᠤᠬᠠᠶᠢᠯᠠᠭᠰᠠᠨ ᠠᠵᠢᠯ ᠢ ᠡᠵᠡᠩᠨᠡᠵᠦ ᠪᠠᠶᠢᠭ᠎ᠠ ᠪᠠᠶᠢᠭᠤᠯᠤᠮᠵᠢ ᠶᠢ ᠭᠤᠣᠯ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠰᠠᠯᠠᠭ᠎ᠠ ᠮᠥᠴᠢᠷ ᠤᠳ ᠬᠠᠮᠲᠤᠷᠠᠨ ᠬᠢᠨᠠᠨ ᠬᠠᠷᠭᠤᠭᠤᠯᠬᠤ ᠶᠢ | ᠬᠡᠷᠡᠭᠵᠢᠭᠦᠯᠵᠦ ᠪᠣᠯᠣᠨ᠎ᠠ᠃ | | ᠠᠷᠪᠠᠨ ᠵᠢᠷᠭᠤᠳᠤᠭᠠᠷ ᠵᠦᠢᠯ ᠰᠢᠨᠵᠢᠯᠡᠭᠡᠨ ᠤ ᠲᠥᠷᠥᠯ ᠤᠨ ᠪᠤᠰᠤ ᠰᠤᠷᠭᠠᠯᠲᠠ ᠶᠢᠨ ᠠᠭᠤᠯᠭ᠎ᠠ ᠶᠢ | ᠰᠤᠷᠭᠠᠯᠲᠠ ᠶᠢᠨ ᠡᠲᠡᠭᠡᠳ ᠤᠨ ᠨᠠᠰᠤ ᠵᠢᠯ᠂ ᠪᠡᠶ᠎ᠡ ᠮᠠᠬᠠᠪᠤᠳ ᠤᠨ ᠬᠡᠪ ᠴᠢᠨᠠᠷ᠂ ᠲᠠᠨᠢᠨ ᠮᠡᠳᠡᠬᠦᠢ ᠶᠢᠨ ᠬᠢᠷᠢ | ᠬᠡᠮᠵᠢᠶ᠎ᠡ ᠯᠦᠭᠡ ᠬᠠᠷᠢᠯᠴᠠᠨ ᠵᠣᠬᠢᠴᠠᠭᠤᠯᠵᠤ᠂ ᠪᠡᠶ᠎ᠡ ᠰᠡᠳᠬᠢᠯ ᠤᠨ ᠣᠨᠴᠠᠯᠢᠭ ᠪᠠ ᠰᠤᠷᠭᠠᠨ ᠬᠥᠮᠦᠵᠢᠯ ᠤᠨ ᠵᠢᠮ᠎ᠡ | ᠶᠣᠰᠣᠨ ᠳᠤ ᠨᠡᠶᠢᠴᠡᠭᠦᠯᠵᠦ᠂ ᠰᠤᠷᠤᠭᠴᠢᠳ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ | ᠰᠤᠷᠤᠯᠴᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠢᠨᠵᠢᠯᠡᠭᠡᠨ ᠤ ᠲᠥᠷᠥᠯ ᠤᠨ ᠰᠤᠷᠭᠠᠯᠲᠠ ᠶᠢᠨ | ᠬᠤᠯᠪᠣᠭᠳᠠᠬᠤ ᠠᠭᠤᠯᠭ᠎ᠠ ᠶᠢ ᠨᠡᠭᠡᠭᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠭᠡᠭᠡᠵᠦ ᠪᠣᠯᠬᠤ ᠦᠭᠡᠢ᠃ ︽ | ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ | ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ ︵ ᠲᠤᠷᠰᠢᠨ ᠬᠡᠷᠡᠭᠵᠢᠭᠦᠯᠬᠦ︶ ︾ ᠶᠢᠨ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠯᠲᠠ ᠶᠢᠨ ᠮᠠᠲ᠋ᠧᠷᠢᠶᠠᠯ ᠤᠨ ᠪᠥᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠰᠤᠷᠭᠠᠯᠲᠠ ᠶᠢᠨ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠳᠡᠩᠰᠡᠯᠡᠨ ᠬᠠᠮᠢᠶᠠᠷᠬᠤ | ᠪᠠ ᠰᠤᠭᠤᠴᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢ ᠴᠢᠩᠭᠠᠷᠠᠭᠤᠯᠵᠤ᠂ ᠰᠤᠷᠭᠠᠯᠲᠠ ᠶᠢᠨ ᠵᠥᠪ ᠴᠢᠭᠯᠡᠯ ᠢ | ᠦᠨᠡᠨᠬᠦ ᠪᠠᠲᠤᠯᠠᠬᠤ ᠬᠡᠷᠡᠭᠲᠡᠢ᠃ ᠰᠤᠷᠭᠠᠯᠲᠠ ᠶᠢᠨ ᠴᠠᠭ ᠢ ᠲᠤᠬᠠᠢ ᠶᠢᠨ ᠭᠠᠵᠠᠷ ᠤᠨ ᠳᠤᠮᠳᠠᠳᠤ ᠪᠠᠭ᠎ᠠ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠠᠭ ᠲᠠᠢ ᠮᠥᠷᠭᠦᠯᠳᠦᠭᠦᠯᠵᠦ ᠪᠣᠯᠬᠤ ᠦᠭᠡᠢ᠂ ᠰᠦᠯᠵᠢᠶᠡᠨ ᠭᠠᠳᠠᠨᠠᠬᠢ | ᠰᠤᠷᠭᠠᠯᠲᠠ ᠶᠢᠨ ᠲᠡᠭᠦᠰᠬᠦ ᠴᠠᠭ ᠢ 20:30 ᠠᠴᠠ ᠬᠡᠲᠦᠷᠡᠭᠦᠯᠵᠦ ᠪᠣᠯᠬᠤ ᠦᠭᠡᠢ᠂ ᠰᠦᠯᠵᠢᠶᠡᠨ ᠳᠡᠭᠡᠷᠡᠬᠢ | ᠰᠤᠷᠭᠠᠯᠲᠠ ᠶᠢᠨ ᠲᠡᠭᠦᠰᠬᠦ ᠴᠠᠭ ᠢ 21:00 ᠠᠴᠠ ᠬᠡᠲᠦᠷᠡᠭᠦᠯᠵᠦ ᠪᠣᠯᠬᠤ ᠦᠭᠡᠢ᠃ | | | | ᠠᠷᠪᠠᠨ ᠳᠣᠯᠣᠳᠤᠭᠠᠷ ᠵᠦᠶᠯ ᠰᠢᠨᠵᠢᠯᠡᠭᠡᠨ ᠤ ᠲᠥᠷᠥᠯ ᠤᠨ ᠪᠤᠰᠤ ᠰᠤᠷᠭᠠᠯᠲᠠ ᠶᠢᠨ ᠪᠠᠶᠢᠭᠤᠯᠤᠮᠵᠢ ᠨᠤᠭᠤᠳ | ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠨ᠂ ᠲᠥᠪ ᠭᠤᠤᠯᠴᠢ᠂ ᠬᠠᠤᠯᠢ ᠳᠤ ᠨᠡᠶᠢᠴᠡᠬᠦ᠂ ᠦᠨᠡᠨᠴᠢ | ᠢᠲᠡᠭᠡᠮᠵᠢᠲᠡᠶ ᠪᠠᠶᠢᠬᠤ ᠵᠠᠷᠴᠢᠮ ᠢ ᠵᠢᠷᠤᠮᠯᠠᠵᠤ᠂ ᠰᠤᠷᠭᠠᠯᠲᠠ ᠶᠢᠨ ᠥᠪᠡᠷ ᠤᠨ ᠥᠷᠲᠡᠭ᠂ ᠵᠠᠬ᠎ᠠ ᠳᠡᠯᠭᠡᠭᠦᠷ ᠤᠨ | ᠬᠠᠩᠭᠠᠯᠭ᠎ᠠ ᠬᠡᠷᠡᠭᠴᠡᠭᠡ ᠵᠡᠷᠭᠡ ᠬᠦᠴᠦᠨ ᠵᠦᠶᠯ ᠢ ᠦᠨᠳᠦᠰᠦᠯᠡᠨ᠂ ᠰᠦᠶᠳᠬᠡᠯ ᠬᠤᠷᠢᠶᠠᠬᠤ ᠲᠥᠷᠥᠯ ᠵᠦᠶᠯ ᠪᠠ | ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠦᠨ᠎ᠡ ᠲᠣᠬᠢᠷᠠᠭᠤᠯᠬᠤ ᠳᠠᠪᠲᠠᠮᠵᠢ ᠪᠠ ᠬᠡᠮᠵᠢᠶ᠎ᠡ ᠶᠢ | ᠬᠢᠵᠠᠭᠠᠷᠯᠠᠬᠤ ᠶᠢᠨ ᠬᠠᠮᠲᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠡᠯ᠎ᠡ | ᠭᠠᠵᠠᠷ ᠤᠨ ᠬᠢᠨ ᠰᠤᠷᠭᠠᠯᠲᠠ ᠶᠢᠨ ᠳᠤᠮᠳᠠᠴᠢ ᠥᠪᠡᠷ ᠤᠨ ᠥᠷᠲᠡᠭ ᠢ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠤᠷᠭᠠᠯᠲᠠ ᠶᠢᠨ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠵᠦᠶ ᠵᠣᠬᠢᠰᠲᠠᠶ ᠪᠠᠷ | ᠦᠨ᠎ᠡ ᠲᠣᠭᠲᠠᠭᠠᠯᠭᠠᠨ᠎ᠠ᠃ ᠰᠤᠷᠭᠠᠯᠲᠠ ᠶᠢᠨ ᠪᠠᠶᠢᠭᠤᠯᠤᠮᠵᠢ ᠰᠦᠶᠳᠬᠡᠯ ᠬᠤᠷᠢᠶᠠᠬᠤ ᠳᠠᠭᠠᠨ ᠦᠨ᠎ᠡ ᠬᠠᠩᠰᠢ ᠶᠢ | ᠢᠯᠡ ᠬᠠᠳᠠᠬᠤ ᠶᠢ ᠬᠡᠷᠡᠭᠵᠢᠭᠦᠯᠵᠦ᠂ ᠰᠤᠷᠭᠠᠯᠲᠠ ᠶᠢᠨ ᠠᠭᠤᠯᠭ᠎ᠠ᠂ ᠰᠤᠷᠭᠠᠯᠲᠠ ᠶᠢᠨ ᠴᠠᠭ ᠤᠨ ᠣᠷᠳᠣ᠂ | ᠰᠦᠶᠳᠬᠡᠯ ᠬᠤᠷᠢᠶᠠᠬᠤ ᠲᠥᠷᠥᠯ ᠵᠦᠶᠯ᠂ ᠰᠦᠶᠳᠬᠡᠯ ᠬᠤᠷᠢᠶᠠᠬᠤ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ | ᠨᠡᠶᠢᠭᠡᠮ ᠳᠤ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ ᠤᠭ ᠦᠨ᠎ᠡ ᠶᠢ ᠬᠤᠳᠠᠯ ᠢᠶᠠᠷ | ᠵᠣᠬᠢᠶᠠᠬᠤ᠂ ᠬᠤᠳᠠᠯ ᠬᠠᠭᠤᠷᠮᠠᠭ ᠢᠶᠠᠷ ᠬᠠᠷᠠᠭᠠᠯᠵᠠᠯ ᠦᠵᠡᠭᠦᠯᠵᠦ ᠨᠤᠭᠤᠯᠤᠨ ᠪᠤᠳᠤᠬᠤ ᠵᠡᠷᠭᠡ ᠶᠠᠮᠠᠷᠪᠠ ᠬᠡᠯᠪᠡᠷᠢ ᠶᠢᠨ | ᠦᠨ᠎ᠡ ᠬᠠᠩᠰᠢ ᠶᠢᠨ ᠮᠡᠬᠡᠯᠡᠯ ᠤᠨ ᠠᠵᠢᠯᠯᠠᠭ᠎ᠠ ᠶᠢ ᠬᠤᠷᠢᠭᠯᠠᠨ᠎ᠠ᠃ ᠡᠯ᠎ᠡ ᠭᠠᠵᠠᠷ ᠨᠢ ᠰᠢᠨᠵᠢᠯᠡᠭᠡᠨ ᠤ ᠲᠥᠷᠥᠯ ᠤᠨ | ᠪᠤᠰᠤ ᠰᠤᠷᠭᠠᠯᠲᠠ ᠶᠢᠨ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠪᠦᠲᠦᠴᠡ ᠶᠢ ᠪᠠᠶᠢᠭᠤᠯᠤᠨ ᠪᠦᠷᠢᠨᠰᠢᠬᠦᠯᠵᠦ᠂ | ᠪᠡᠶ᠎ᠡ ᠶᠢᠨ ᠲᠠᠮᠢᠷ᠂ ᠤᠷᠠᠯᠢᠭ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠥᠷᠭᠡᠨ ᠢᠶᠠᠷ | ᠣᠷᠣᠯᠴᠠᠭᠰᠠᠨ ᠪᠤᠰᠤᠳ ᠰᠢᠨᠵᠢᠯᠡᠭᠡᠨ ᠤ ᠲᠥᠷᠥᠯ ᠤᠨ ᠪᠤᠰᠤ ᠰᠤᠷᠭᠠᠯᠲᠠ ᠶᠢᠨ ᠰᠦᠶᠳᠬᠡᠯ ᠬᠤᠷᠢᠶᠠᠯᠲᠠ ᠶᠢ ᠬᠢᠨᠠᠨ | ᠬᠡᠮᠵᠢᠬᠦ ᠶᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ᠃ | | ᠠᠷᠪᠠᠨ ᠨᠠᠢᠮᠠᠳᠤᠭᠠᠷ ᠵᠦᠶᠯ ᠰᠤᠷᠭᠠᠯᠲᠠ ᠶᠢᠨ ᠪᠠᠶᠢᠭᠤᠯᠤᠮᠵᠢ ᠰᠦᠶᠳᠬᠡᠯ ᠬᠤᠷᠢᠶᠠᠬᠤ ᠳᠠᠭᠠᠨ ᠪᠦᠬᠦᠨ ᠢ | ᠲᠣᠰ ᠪᠠᠶᠢᠭᠤᠯᠤᠮᠵᠢ ᠶᠢᠨ ᠰᠦᠶᠳᠬᠡᠯ ᠬᠤᠷᠢᠶᠠᠬᠤ ᠲᠤᠰᠬᠠᠶ ᠲᠠᠩᠰᠠᠨ ᠡᠷᠦᠬᠡ ᠳᠤ ᠣᠷᠣᠭᠤᠯᠵᠤ᠂ ᠪᠡᠯᠡᠨ ᠵᠣᠭᠤᠰ | ᠵᠡᠷᠭᠡ ᠬᠡᠯᠪᠡᠷᠢ ᠪᠠᠷ ᠰᠦᠶᠳᠬᠡᠯ ᠬᠤᠷᠢᠶᠠᠬᠤ ᠶᠢ ᠬᠠᠲᠠᠭᠤ ᠬᠤᠷᠢᠭᠯᠠᠬᠤ ᠬᠡᠷᠡᠭᠲᠡᠶ᠂ ᠲᠣᠰ ᠪᠠᠶᠢᠭᠤᠯᠤᠮᠵᠢ ᠶᠢᠨ | ᠪᠤᠰᠤᠳ ᠲᠠᠩᠰᠠᠨ ᠡᠷᠦᠬᠡ ᠪᠤᠶᠤ ᠲᠣᠰ ᠪᠠᠶᠢᠭᠤᠯᠤᠮᠵᠢ ᠶᠢᠨ ᠪᠤᠰᠤ ᠲᠠᠩᠰᠠᠨ ᠡᠷᠦᠬᠡ ᠪᠠᠷ ᠰᠤᠷᠭᠠᠯᠲᠠ ᠶᠢᠨ | ᠰᠦᠶᠳᠬᠡᠯ ᠬᠤᠷᠢᠶᠠᠵᠤ ᠪᠣᠯᠬᠤ ᠥᠬᠡᠶ᠂ ᠰᠦᠶᠳᠬᠡᠯ ᠬᠤᠷᠢᠶᠠᠬᠤ ᠲᠠᠩᠰᠠᠨ ᠡᠷᠦᠬᠡ ᠶᠢ ᠨᠡᠶᠢᠭᠡᠮ ᠨᠡᠶᠢᠲᠡ ᠳᠤ ᠢᠯᠡ | ᠪᠣᠯᠭᠠᠬᠤ ᠬᠡᠷᠡᠭᠲᠡᠶ᠃ ᠰᠤᠷᠭᠠᠯᠲᠠ ᠶᠢᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠤᠷᠢᠳᠠᠪᠠᠷ ᠰᠤᠷᠭᠠᠯᠲᠠ ᠶᠢᠨ | ᠦᠶᠯᠡᠴᠢᠯᠡᠭᠡ ᠬᠠᠩᠭᠠᠵᠤ ᠳᠠᠷᠠᠭ᠎ᠠ ᠨᠢ ᠰᠦᠶᠳᠬᠡᠯ ᠬᠤᠷᠢᠶᠠᠬᠤ ᠠᠷᠭ᠎ᠠ ᠮᠠᠶ᠋ᠢᠭ ᠢᠶᠠᠷ ᠠᠵᠢᠯᠯᠠᠭᠤᠯᠤᠨ᠂ | ᠤᠷᠢᠳᠴᠢᠯᠠᠨ ᠰᠦᠶᠳᠬᠡᠯ ᠬᠤᠷᠢᠶᠠᠬᠤ ᠠᠷᠭ᠎ᠠ ᠮᠠᠶ᠋ᠢᠭ ᠢ ᠬᠡᠷᠡᠭᠯᠡᠭᠰᠡᠨ ᠪᠠᠶᠢᠪᠠᠯ᠂ ᠰᠤᠷᠭᠠᠯᠲᠠ ᠶᠢᠨ | ᠪᠠᠶᠢᠭᠤᠯᠤᠮᠵᠢ ᠶᠢᠨ ᠤᠷᠢᠳᠴᠢᠯᠠᠨ ᠰᠦᠶᠳᠬᠡᠯ ᠬᠤᠷᠢᠶᠠᠬᠤ ᠶᠢ ᠪᠥᠬᠦ ᠲᠤᠭ᠎ᠠ ᠪᠠᠷ ᠨᠢ ᠬᠢᠨᠠᠨ ᠬᠠᠮᠢᠶᠠᠷᠬᠤ | ᠬᠡᠪᠴᠢᠶᠡᠨ ᠳᠤ ᠣᠷᠣᠭᠤᠯᠵᠤ᠂ ᠡᠯ᠎ᠡ ᠭᠠᠵᠠᠷ ᠤᠨ ᠬᠢᠨ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠪᠠᠩᠬᠢ ᠠᠴᠠ | ᠨᠠᠶᠢᠳᠠᠨ ᠬᠠᠮᠢᠶᠠᠷᠤᠭᠤᠯᠬᠤ᠂ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠶᠢᠨ ᠠᠷᠭ᠎ᠠ ᠮᠠᠶ᠋ᠢᠭ ᠢ ᠠᠪᠴᠤ᠂ | ᠰᠤᠷᠭᠠᠯᠲᠠ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠶᠳᠬᠡᠯ ᠬᠤᠷᠢᠶᠠᠬᠤ ᠳᠤ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠬᠡᠷᠡᠭᠲᠡᠶ᠃ ᠰᠤᠷᠭᠠᠯᠲᠠ ᠶᠢᠨ ᠪᠠᠶᠢᠭᠤᠯᠤᠮᠵᠢ ᠨᠢ ᠰᠤᠷᠭᠠᠭᠤᠯᠢ ᠡᠷᠭᠢᠯᠡᠬᠦ ᠪᠠᠶᠢᠭ᠎ᠠ ᠭᠠᠵᠠᠷ ᠤᠨ ᠬᠤᠰᠢᠭᠤ | ᠰᠢᠶᠠᠨ ︵ ᠬᠤᠲᠠ᠂ ᠲᠣᠭᠤᠷᠢᠭ︶ ᠤ ᠬᠡᠪᠴᠢᠶᠡᠨ ᠳᠣᠲᠣᠷ᠎ᠠ ᠪᠠᠨ ᠨᠥᠬᠦᠴᠡᠯ ᠳᠤ ᠨᠡᠶᠢᠴᠡᠬᠦ ᠪᠠᠩᠬᠢ ᠶᠢ ᠡᠵᠡᠨ | ᠮᠡᠳᠡᠵᠦ ᠰᠣᠩᠭᠤᠨ᠂ ᠬᠢᠨᠠᠨ ᠬᠠᠮᠢᠶᠠᠷᠬᠤ ᠵᠥᠪᠯᠡᠯᠴᠡᠭᠡᠷ ᠲᠣᠭᠲᠠᠬᠤ ᠶᠢᠨ ᠬᠠᠮᠲᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠳᠠᠩᠰᠠᠯᠠᠭᠤᠯᠵᠤ᠂ ᠤᠷᠢᠳᠴᠢᠯᠠᠨ ᠰᠦᠶᠳᠬᠡᠯ ᠬᠤᠷᠢᠶᠠᠬᠤ ᠪᠠᠯᠠ ᠮᠥᠩᠭᠦ ᠶᠢ ᠨᠠᠶᠢᠳᠠᠯᠭ᠎ᠠ ᠪᠠᠷ | ᠬᠠᠮᠢᠶᠠᠷᠬᠤ ᠲᠤᠰᠬᠠᠶ ᠲᠠᠩᠰᠠᠨ ᠡᠷᠦᠬᠡ ᠪᠤᠶᠤ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠶᠢᠨ ᠲᠤᠰᠬᠠᠶ ᠲᠠᠩᠰᠠᠨ | ᠡᠷᠦᠬᠡ ᠪᠠᠶᠢᠭᠤᠯᠵᠤ᠂ ᠤᠷᠢᠳᠴᠢᠯᠠᠨ ᠰᠦᠶᠳᠬᠡᠯ ᠬᠤᠷᠢᠶᠠᠬᠤ ᠪᠠᠯᠠ ᠮᠥᠩᠭᠦ ᠶᠢ ᠥᠪᠡᠷ ᠤᠨ ᠪᠠᠯᠠ ᠮᠥᠩᠭᠦ ᠲᠠᠢ ᠪᠠᠨ | ᠲᠠᠩᠰᠠ ᠬᠤᠪᠢᠶᠠᠨ ᠬᠠᠮᠢᠶᠠᠷᠬᠤ ᠬᠡᠷᠡᠭᠲᠡᠶ᠃ ᠰᠤᠷᠭᠠᠯᠲᠠ ᠶᠢᠨ ᠪᠠᠶᠢᠭᠤᠯᠤᠮᠵᠢ ᠨᠢ ᠨᠢᠭᠡ ᠤᠳᠠᠭ᠎ᠠ ᠳᠤ ᠬᠤᠷᠢᠶᠠᠬᠤ | ᠪᠤᠶᠤ ᠵᠣᠭᠤᠰ ᠨᠡᠮᠡᠬᠦ᠂ ᠤᠳᠠᠭ᠎ᠠ ᠺᠠᠷᠲ ᠬᠡᠷᠡᠭᠯᠡᠬᠦ ᠵᠡᠷᠭᠡ ᠬᠡᠯᠪᠡᠷᠢ ᠪᠠᠷ ᠬᠡᠯᠪᠡᠷᠢ ᠶᠢ ᠨᠢ ᠥᠭᠡᠷᠡᠲᠦᠭᠦᠯᠦᠨ 3 ᠳ᠋ᠤᠭᠠᠷ | ᠰᠠᠷ᠎ᠠ ᠪᠤᠶᠤ 60 ᠬᠢᠴᠢᠶᠡᠯ ᠤᠨ ᠴᠠᠭ ᠠᠴᠠ ᠬᠡᠲᠦᠷᠡᠭᠰᠡᠨ ᠵᠠᠷᠤᠳᠠᠯ ᠢ ᠬᠤᠷᠢᠶᠠᠵᠤ ᠪᠣᠯᠬᠤ ᠥᠬᠡᠶ ᠮᠥᠷᠲᠡᠭᠡᠨ | 5000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ ᠰᠤᠷᠭᠠᠯᠲᠠ ᠶᠢᠨ ᠪᠠᠶᠢᠭᠤᠯᠤᠮᠵᠢ ᠨᠢ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠤᠷᠢᠳᠴᠢᠯᠠᠨ | ᠰᠦᠶᠳᠬᠡᠯ ᠬᠤᠷᠢᠶᠠᠬᠤ ᠪᠠᠯᠠ ᠮᠥᠩᠭᠦ ᠶᠢ ᠪᠥᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ | ᠰᠤᠷᠭᠠᠯᠲᠠ ᠶᠢᠨ ᠬᠢᠨᠠᠯᠲᠠ ᠬᠠᠮᠢᠶᠠᠷᠤᠯᠲᠠ ᠬᠢᠭᠡᠳ ᠦᠶᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ︵ ᠳᠣᠷᠣᠭᠰᠢ | ᠬᠢᠨᠠᠯᠲᠠ ᠬᠠᠮᠢᠶᠠᠷᠤᠯᠲᠠ ᠶᠢᠨ ᠲᠠᠪᠴᠠᠩ ᠭᠡᠵᠦ ᠲᠣᠪᠴᠢᠯᠠᠨ᠎ᠠ︶ ᠳᠤ ᠣᠷᠣᠭᠤᠯᠤᠨ ᠬᠢᠨᠠᠯᠲᠠ ᠬᠠᠮᠢᠶᠠᠷᠤᠯᠲᠠ ᠬᠢᠵᠦ᠂ | ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠬᠦᠷᠭᠡᠬᠦ ᠪᠤᠶᠤ ᠨᠠᠶᠢᠳᠠᠯᠭ᠎ᠠ ᠪᠠᠷ ᠬᠠᠮᠢᠶᠠᠷᠬᠤ ᠪᠠᠩᠬᠢ ᠳᠤ ᠡᠷᠬᠡ ᠣᠯᠭᠤᠵᠤ | ᠬᠠᠮᠢᠶ᠎ᠠ ᠪᠥᠬᠦᠶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ᠂ ᠶᠡᠭᠡ ᠲᠣᠭᠠᠨ ᠤ ᠪᠠᠯᠠ | ᠮᠥᠩᠭᠦ ᠶᠢᠨ ᠬᠤᠪᠢᠷᠠᠯᠲᠠ᠂ ᠠᠷᠠᠯᠵᠢᠶᠠᠨ ᠤ ᠴᠤᠪᠤᠷᠠᠯ ᠵᠡᠷᠭᠡ ᠮᠡᠳᠡᠭᠡ ᠵᠠᠩᠭᠢ ᠶᠢ ᠬᠦᠷᠭᠡᠬᠦ ᠬᠡᠷᠡᠭᠲᠡᠶ᠃ | ᠰᠢᠨᠵᠢᠯᠡᠭᠡᠨ ᠤ ᠲᠥᠷᠥᠯ ᠤᠨ ᠪᠤᠰᠤ ᠰᠤᠷᠭᠠᠯᠲᠠ ᠶᠢᠨ ᠪᠠᠶᠢᠭᠤᠯᠤᠮᠵᠢ ᠶᠢᠨ ᠬᠢᠯᠢ ᠶᠢᠨ ᠳᠣᠲᠣᠷ᠎ᠠ ᠵᠠᠬ᠎ᠠ ᠳᠡᠯᠭᠡᠭᠦᠷ ᠲᠤ | ᠭᠠᠷᠭᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠪᠣᠭᠤᠮᠲᠠ ᠶᠢ ᠴᠢᠩᠭ᠎ᠠ | ᠠᠳᠬᠤᠵᠤ᠂ ᠬᠢᠨᠠᠨ ᠬᠠᠮᠢᠶᠠᠷᠬᠤ ᠪᠠ ᠬᠥᠲᠥᠯᠦᠨ ᠵᠢᠯᠣᠭᠤᠳᠬᠤ ᠶᠢ ᠰᠠᠶᠢᠲᠤᠷ ᠬᠢᠵᠦ᠂ ᠵᠡᠷᠯᠢᠭ ᠪᠠᠯᠠᠮᠠᠳ ᠢᠶᠠᠷ | ᠦᠰᠦᠨ ᠪᠤᠶᠢᠵᠢᠬᠤ ᠶᠢ ᠰᠡᠷᠭᠡᠶᠢᠯᠡᠬᠦ ᠬᠡᠷᠡᠭᠲᠡᠶ᠃ ᠰᠤᠷᠭᠠᠯᠲᠠ ᠶᠢᠨ ᠪᠠᠶᠢᠭᠤᠯᠤᠮᠵᠢ ᠶᠢᠨ ᠪᠠᠯᠠ ᠲᠣᠬᠢᠷᠠᠭᠤᠯᠭ᠎ᠠ ᠵᠢᠴᠢ | ᠣᠷᠣᠯᠭ᠎ᠠ ᠶᠢ ᠭᠤᠤᠯᠳᠠᠭᠤ ᠰᠤᠷᠭᠠᠯᠲᠠ ᠶᠢᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠳᠤ ᠬᠡᠷᠡᠭᠯᠡᠬᠦ ᠬᠡᠷᠡᠭᠲᠡᠶ᠃ ︽ | ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ | ᠦᠶᠯᠡᠴᠢᠯᠡᠭᠡᠨ ᠤ ᠭᠡᠷ᠎ᠡ ︵ ᠵᠢᠱᠢᠶ᠎ᠡ ᠦᠵᠡᠭᠦᠯᠬᠦ ᠪᠢᠴᠢᠭ︶ ︾ ︵ 2021 ᠣᠨ ᠤ ᠵᠠᠰᠠᠪᠤᠷᠢ ᠣᠷᠣᠭᠤᠯᠤᠭᠰᠠᠨ | ᠬᠡᠪᠯᠡᠯ︶ ᠶᠢ ᠪᠥᠬᠦ ᠲᠠᠯ᠎ᠠ ᠪᠠᠷ ᠬᠡᠷᠡᠭᠯᠡᠵᠦ᠂ ᠰᠤᠷᠭᠠᠯᠲᠠ ᠶᠢᠨ ᠲᠥᠷᠥᠯ ᠵᠦᠶᠯ᠂ ᠰᠤᠷᠭᠠᠯᠲᠠ ᠶᠢᠨ ᠱᠠᠭᠠᠷᠳᠠᠯᠭ᠎ᠠ᠂ | ᠰᠤᠷᠭᠠᠯᠲᠠ ᠶᠢᠨ ᠰᠦᠶᠳᠬᠡᠯ ᠬᠤᠷᠢᠶᠠᠬᠤ ᠪᠤᠴᠠᠭᠠᠬᠤ ᠵᠢᠴᠢ ᠭᠡᠷ᠎ᠡ ᠵᠥᠷᠢᠴᠡᠭᠰᠡᠨ ᠬᠠᠷᠢᠭᠤᠴᠠᠯᠭ᠎ᠠ᠂ | ᠮᠠᠷᠭᠤᠯᠳᠤᠭᠠᠨ ᠢ ᠰᠢᠶᠳᠪᠦᠷᠢᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠭᠤᠤᠯᠴᠢ ᠪᠤᠰᠤ ᠬᠡᠯᠪᠡᠷᠢᠵᠢᠭᠰᠡᠨ ᠵᠦᠶᠯ | ᠵᠤᠷᠪᠤᠰ ᠢ ᠠᠰᠢᠭᠯᠠᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠶᠢ ᠬᠠᠲᠠᠭᠤ | ᠬᠤᠷᠢᠭᠯᠠᠨ᠎ᠠ᠃ | | ᠠᠷᠪᠠ ᠶᠢᠰᠦᠳᠦᠭᠡᠷ ᠵᠦᠶᠯ ᠪᠠᠶᠢᠭᠤᠯᠤᠮᠵᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠ ᠪᠣᠳᠠᠲᠠᠶ | ᠡᠵᠡᠮᠳᠡᠭᠴᠢ ᠶᠢ ᠠᠮᠤᠷ ᠲᠦᠪᠰᠢᠨ ᠤ ᠬᠠᠮᠢᠶᠠᠷᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠭᠠᠬᠤ ᠶᠢ | ᠨᠠᠶᠢᠳᠠᠪᠤᠷᠢᠵᠢᠭᠤᠯᠵᠤ᠂ ᠲᠡᠳᠡᠨ ᠢ ᠵᠢᠯᠣᠭᠤᠳᠤᠨ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠦᠨᠡᠨᠬᠦ | ᠰᠠᠶᠢᠲᠤᠷ ᠭᠦᠶᠴᠡᠳᠬᠡᠨ᠎ᠡ᠃ ᠪᠠᠶᠢᠭᠤᠯᠤᠮᠵᠢ ᠶᠢᠨ ᠤᠯᠤᠰ ᠠᠴᠠ ᠲᠣᠭᠲᠠᠭᠠᠭᠰᠠᠨ ᠠᠷᠠᠳ ᠤᠨ ᠠᠭᠠᠷ ᠤᠨ | ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠵᠡᠷᠭᠡ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠱᠠᠭᠠᠷᠳᠠᠵᠤ᠂ | ᠰᠦᠯᠵᠢᠶᠡᠨ ᠠᠴᠠ ᠭᠠᠳᠠᠭᠤᠷᠬᠢ ᠰᠤᠷᠭᠠᠯᠲᠠ ᠶᠢᠨ ᠲᠠᠯᠠᠪᠤᠷ ᠭᠠᠵᠠᠷ ᠲᠤ ᠬᠠᠮᠢᠶ᠎ᠠ ᠪᠥᠬᠦᠶ ᠮᠡᠷᠭᠡᠵᠢᠯ ᠤᠨ | ᠪᠠᠷᠢᠮᠵᠢᠶ᠎ᠠ ᠳᠤ ᠨᠡᠶᠢᠴᠡᠭᠰᠡᠨ ᠲᠠᠭᠤ ᠳᠦᠷᠰᠦ ᠰᠢᠩᠭᠡᠭᠡᠯᠲᠡ ᠶᠢᠨ ᠬᠢᠨᠠᠨ ᠡᠵᠡᠮᠳᠡᠬᠦ ᠲᠥᠬᠦᠭᠡᠷᠦᠮᠵᠢ ᠳᠣᠭᠢᠷᠠᠭᠤᠯᠵᠤ᠂ | ᠬᠢᠴᠢᠶᠡᠯ ᠤᠨ ᠬᠡᠷ᠂ ᠬᠡᠷ ᠤᠨ ᠭᠠᠳᠠᠨᠠᠬᠢ ᠠᠵᠢᠯᠯᠠᠭᠠᠨ ᠤ ᠲᠠᠯᠠᠪᠤᠷ ᠭᠠᠵᠠᠷ᠂ ᠠᠵᠢᠯᠯᠠᠭᠠᠨ ᠤ ᠥᠷᠥᠭᠡ᠂ ᠡᠷᠬᠢᠨ | ᠲᠣᠭᠤᠷᠢᠨ ᠵᠡᠷᠭᠡ ᠲᠠᠯᠠᠪᠤᠷ ᠭᠠᠵᠠᠷ ᠲᠤ ᠥᠯᠥ ᠣᠨᠣᠭᠳᠠᠬᠤ ᠭᠠᠵᠠᠷ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠢᠯᠡ | ᠲᠣᠳᠣ ᠰᠠᠨᠠᠭᠤᠯᠤᠮᠵᠢ ᠶᠢᠨ ᠴᠢᠨᠠᠷᠲᠠᠶ ᠲᠡᠮᠳᠡᠭ ᠪᠠᠶᠢᠷᠢᠯᠠᠭᠤᠯᠬᠤ ᠶᠢᠨ ᠬᠠᠮᠲᠤ ᠳᠣᠲᠣᠭᠠᠳᠤ ᠶᠢ ᠬᠠᠮᠠᠭᠠᠯᠠᠬᠤ᠂ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠰᠠᠯᠠᠭ᠎ᠠ | ᠮᠥᠴᠢᠷ ᠯᠦᠭᠡ ᠴᠠᠭ ᠲᠤᠬᠠᠶ ᠳᠤᠨᠢ ᠰᠦᠯᠵᠢᠶᠡᠨ ᠳᠤ ᠬᠤᠯᠪᠣᠭᠰᠠᠨ ᠵᠠᠯᠭᠠᠰᠤ ᠶᠢ ᠪᠦᠷᠢᠯᠳᠦᠭᠦᠯᠬᠦ ᠬᠡᠷᠡᠭᠲᠡᠶ᠃ ᠠᠮᠤᠷ | ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠠᠳᠡᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠨ | ᠰᠢᠶᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠪᠠᠴᠢᠮ ᠪᠠᠶᠢᠳᠠᠯ ᠢ ᠲᠦᠷᠭᠡᠨ ᠠᠷᠭᠠᠴᠠᠨ | ᠰᠢᠶᠳᠪᠦᠷᠢᠯᠡᠬᠦ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠮᠤᠷ ᠲᠦᠪᠰᠢᠨ ᠤ ᠥᠪᠡᠷ ᠤᠨ | ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠮᠤᠷ ᠲᠦᠪᠰᠢᠨ ᠤ ᠰᠤᠷᠭᠠᠯᠲᠠ ᠶᠢᠨ | ᠪᠠᠶᠢᠭᠤᠯᠤᠮᠵᠢ ᠶᠢᠨ ᠲᠠᠯᠠᠪᠤᠷ ᠭᠠᠵᠠᠷ ᠤᠨ ᠬᠠᠷᠢᠭᠤᠴᠠᠯᠭ᠎ᠠ ᠶᠢᠨ ᠳᠠᠭᠠᠳᠬᠠᠯ᠂ ᠬᠥᠮᠦᠨ ᠤ ᠪᠡᠶ᠎ᠡ ᠶᠢᠨ ᠰᠠᠨᠠᠭᠠᠨ ᠳᠤ | ᠥᠬᠡᠶ ᠭᠡᠮᠲᠦᠯ ᠤᠨ ᠳᠠᠭᠠᠳᠬᠠᠯ ᠵᠡᠷᠭᠡ ᠶᠢ ᠬᠤᠳᠠᠯᠳᠤᠨ | | ᠬᠤᠷᠢᠳᠤᠭᠠᠷ ᠵᠦᠢᠯ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷᠠᠬᠢ ᠡᠯ᠎ᠡ | ᠰᠠᠯᠠᠭ᠎ᠠ ᠮᠥᠴᠢᠷ ᠤᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠠᠵᠢᠯ ᠬᠤᠪᠢᠶᠠᠷᠢᠯᠠᠨ | ᠬᠠᠮᠲᠤᠷᠠᠯᠴᠠᠬᠤ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠳᠡᠭᠡᠳᠦ ᠳᠤᠤᠷᠠᠳᠤ ᠱᠠᠲᠤᠨ ᠤ | ᠬᠤᠭᠤᠷᠣᠨᠳᠣᠬᠢ᠂ ᠠᠳᠠᠯᠢ ᠱᠠᠲᠤᠨ ᠤ ᠬᠤᠭᠤᠷᠣᠨᠳᠣᠬᠢ᠂ ᠣᠨᠳᠣᠣ ᠭᠠᠵᠠᠷ ᠤᠨ ᠬᠤᠭᠤᠷᠣᠨᠳᠣᠬᠢ ᠵᠣᠬᠢᠴᠠᠯᠳᠤᠨ | ᠬᠤᠯᠪᠣᠭᠠᠯᠠᠨ ᠬᠥᠳᠡᠯᠦᠯᠴᠡᠬᠦ ᠶᠢ ᠲᠦᠯᠬᠢᠨ ᠠᠬᠢᠭᠤᠯᠤᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠰᠢᠨᠵᠢᠯᠡᠭᠡᠨ ᠤ ᠰᠠᠯᠠᠭ᠎ᠠ ᠶᠢᠨ ᠪᠤᠰᠤ ᠲᠥᠷᠥᠯ ᠤᠨ ᠰᠤᠷᠭᠠᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠬᠠᠮᠵᠢᠯᠴᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ | ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠢᠷᠢ ᠴᠢᠳᠠᠮᠵᠢ ᠪᠦᠷᠢᠨ | ᠪᠤᠰᠤ᠂ ᠬᠠᠵᠠᠭᠤ ᠶᠢᠨ ᠪᠥᠮᠪᠦᠭᠡ ᠪᠠᠷ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠰᠤᠷᠭᠠᠯᠲᠠ ᠥᠷᠨᠢᠭᠦᠯᠬᠦ᠂ ᠵᠦᠶ | ᠵᠣᠬᠢᠰ ᠥᠬᠡᠶ ᠦᠨ᠎ᠡ ᠬᠠᠩᠰᠢ ᠶᠢᠨ ᠦᠶᠯᠡ ᠠᠵᠢᠯᠯᠠᠭ᠎ᠠ ᠥᠷᠨᠢᠭᠦᠯᠬᠦ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ | ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ᠂ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠡᠮᠬᠢ | ᠵᠢᠷᠤᠮ ᠢ ᠨᠥᠯᠥᠭᠡᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ | ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠵᠦ | ᠰᠢᠶᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ | ᠬᠠᠤᠯᠢ ᠠᠴᠠ ᠵᠥᠷᠢᠴᠡᠭᠰᠡᠨ ᠰᠦᠪᠡᠭᠴᠢ ᠶᠢ ᠬᠠᠷᠢᠯᠴᠠᠨ ᠬᠤᠯᠪᠣᠯᠳᠤᠭᠤᠯᠬᠤ᠂ ᠬᠢᠨᠠᠨ ᠬᠠᠮᠢᠶᠠᠷᠬᠤ ᠪᠠᠷᠢᠮᠵᠢᠶ᠎ᠠ ᠶᠢ | ᠬᠠᠷᠢᠯᠴᠠᠨ ᠨᠡᠪᠲᠡᠷᠡᠯᠴᠡᠭᠦᠯᠬᠦ᠂ ᠰᠢᠶᠳᠪᠦᠷᠢᠯᠡᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠲᠦᠷᠭᠡᠳᠬᠡᠨ | ᠪᠡᠶᠡᠯᠡᠭᠦᠯᠦᠨ᠎ᠡ᠃ ᠣᠯᠠᠨ ᠲᠦᠮᠡᠨ ᠤ ᠲᠤᠰᠬᠠᠯ ᠶᠡᠬᠡᠲᠡᠶ ᠲᠣᠪᠤᠶᠢᠮ᠎ᠠ ᠠᠰᠠᠭᠤᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠡᠮᠬᠢᠯᠡᠨ ᠳᠢᠭᠯᠡᠵᠦ᠂ ᠲᠥᠪᠯᠡᠷᠡᠭᠦᠯᠦᠨ ᠲᠤᠰᠬᠠᠶ ᠵᠦᠶᠯ ᠢᠶᠠᠷ ᠵᠠᠰᠠᠨ ᠴᠡᠭᠴᠡᠯᠡᠬᠦ ᠶᠢ | ᠴᠠᠭ ᠲᠤᠨᠢ ᠳᠣᠭᠢᠷᠠᠭᠤᠯᠤᠨ ᠪᠠᠶᠢᠷᠢᠯᠠᠭᠤᠯᠵᠤ᠂ ᠰᠢᠨᠵᠢᠯᠡᠭᠡᠨ ᠤ ᠪᠤᠰᠤ ᠲᠥᠷᠥᠯ ᠤᠨ ᠰᠤᠷᠭᠠᠯᠲᠠ ᠶᠢᠨ ᠬᠠᠤᠯᠢ | ᠲᠣᠭᠲᠠᠭᠠᠯ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠵᠠᠷᠯᠠᠨ ᠮᠡᠳᠡᠭᠳᠡᠵᠦ᠂ | ᠰᠡᠷᠡᠮᠵᠢᠯᠡᠭᠦᠯᠬᠦ ᠰᠦᠷᠳᠡᠭᠦᠯᠦᠯ ᠢ ᠪᠦᠷᠢᠯᠳᠦᠭᠦᠯᠦᠨ᠎ᠡ᠃ | | ᠬᠤᠷᠢᠨ ᠨᠢᠭᠡᠳᠦᠭᠡᠷ ᠵᠦᠶᠯ ᠰᠢᠨᠵᠢᠯᠡᠭᠡᠨ ᠤ ᠲᠥᠷᠥᠯ ᠤᠨ ᠪᠤᠰᠤ ᠰᠤᠷᠭᠠᠯᠲᠠ ᠶᠢᠨ ᠪᠠᠶᠢᠭᠤᠯᠤᠮᠵᠢ ᠶᠢ | ᠪᠦᠬᠦᠨ ᠢ ᠬᠢᠨᠠᠨ ᠬᠠᠮᠢᠶᠠᠷᠬᠤ ᠲᠠᠪᠴᠠᠩ ᠳᠤ ᠣᠷᠣᠭᠤᠯᠤᠨ ᠨᠢᠭᠡᠳᠦᠯᠲᠡᠶ ᠬᠠᠮᠢᠶᠠᠷᠴᠤ᠂ ᠳᠡᠩᠰᠡᠯᠡᠨ ᠲᠡᠮᠳᠡᠭᠯᠡᠬᠦ ᠶᠢ | ᠵᠡᠷᠭᠡ ᠳᠤᠨᠢ ᠪᠡᠶᠡᠯᠡᠭᠦᠯᠦᠨ᠂ ᠣᠨ ᠤ ᠪᠠᠶᠢᠴᠠᠭᠠᠯᠲᠠ ᠣᠨ ᠤ ᠬᠢᠨᠠᠯᠲᠠ ᠶᠢ ᠴᠠᠭ ᠲᠤᠬᠠᠶ ᠳᠤᠨᠢ ᠭᠥᠯᠢᠶᠡᠨ ᠠᠪᠴᠤ᠂ | ᠮᠡᠳᠡᠭᠡ ᠵᠠᠩᠭᠢ ᠶᠢ ᠳᠠᠭᠠᠯᠳᠤᠭᠤᠯᠬᠤ ᠮᠠᠶ᠋ᠢᠭ ᠢᠶᠠᠷ ᠴᠤᠭᠯᠠᠭᠤᠯᠬᠤ ᠶᠢ ᠥᠷᠨᠢᠭᠦᠯᠵᠦ᠂ ᠪᠠᠶᠢᠭᠤᠯᠤᠮᠵᠢ ᠶᠢ | ᠣᠷᠬᠢᠭᠳᠠᠭᠤᠯᠬᠤ ᠥᠬᠡᠶ᠂ ᠲᠤᠭ᠎ᠠ ᠪᠠᠷᠢᠮᠲᠠ ᠶᠢ ᠪᠦᠬᠦᠨ ᠢ ᠴᠤᠭᠯᠠᠭᠤᠯᠬᠤ᠂ ᠮᠡᠳᠡᠭᠡ ᠵᠠᠩᠭᠢ ᠶᠢ ᠣᠨᠣᠪᠴᠢᠲᠠᠶ | ᠣᠶᠢᠯᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠮᠤ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ | ᠮᠡᠷᠭᠡᠵᠢᠯ ᠢ ᠭᠦᠢᠴᠡᠳ ᠠᠰᠢᠭᠯᠠᠵᠤ᠂ ᠠᠯᠤᠰ ᠠᠴᠠ ᠬᠢᠨᠠᠨ ᠬᠠᠮᠢᠶᠠᠷᠬᠤ᠂ ᠰᠢᠯᠵᠢᠮᠡᠯ ᠬᠤᠯᠪᠣᠭ᠎ᠠ ᠪᠠᠷ ᠬᠢᠨᠠᠨ | ᠬᠠᠮᠢᠶᠠᠷᠬᠤ ᠵᠡᠷᠭᠡ ᠲᠤᠬᠠᠢ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠶᠢ ᠰᠦᠪᠡᠭᠴᠢᠯᠡᠵᠦ᠂ ︽ᠢᠨᠲ᠋ᠧᠷ | ᠰᠦᠯᠵᠢᠶ᠎ᠡ + ᠬᠢᠨᠠᠨ ᠬᠠᠮᠢᠶᠠᠷᠤᠯᠲᠠ︾ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠬᠢᠨᠠᠨ | ᠬᠠᠮᠢᠶᠠᠷᠤᠯᠲᠠ ᠶᠢᠨ ᠤᠨᠢᠨ ᠣᠨᠣᠪᠴᠢᠵᠢᠬᠤ᠂ ᠤᠶᠤᠨᠴᠢᠯᠠᠬᠤ ᠲᠦᠪᠰᠢᠨ ᠢ ᠳᠡᠭᠡᠭᠰᠢᠯᠡᠭᠦᠯᠦᠨ᠎ᠡ᠃ ᠲᠤᠭ᠎ᠠ | ᠪᠠᠷᠢᠮᠲᠠ ᠶᠢ ᠰᠣᠯᠢᠯᠴᠠᠵᠤ ᠬᠠᠮᠲᠤᠪᠠᠷ ᠡᠳ᠋ᠯᠡᠬᠦ ᠶᠢ ᠠᠬᠢᠭᠤᠯᠵᠤ᠂ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠨ | ᠰᠢᠨᠵᠢᠯᠡᠭᠡᠨ ᠤ ᠪᠤᠰᠤ ᠲᠥᠷᠥᠯ ᠤᠨ ᠰᠤᠷᠭᠠᠯᠲᠠ ᠶᠢᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠮᠡᠳᠡᠭᠡ ᠵᠠᠩᠭᠢ ᠶᠢ | ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠄ ᠮᠡᠳᠡᠭᠡ ᠵᠠᠩᠭᠢ᠂ ᠬᠠᠷ᠎ᠠ ᠴᠠᠭᠠᠨ ᠲᠠᠩᠰᠠ ᠶᠢᠨ ᠮᠡᠳᠡᠭᠡ | ᠵᠠᠩᠭᠢ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ᠂ | ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ ᠥᠪᠥᠷ | ᠮᠣᠩᠭᠤᠯ︶ ᠵᠡᠷᠭᠡ ᠳᠤ ᠴᠤᠭᠯᠠᠭᠤᠯᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠪᠦᠲᠦᠴᠡ ᠶᠢ ᠪᠠᠶᠢᠭᠤᠯᠤᠨ | ᠂ ᠰᠤᠷᠭᠠᠯᠲᠠ ᠶᠢᠨ ᠪᠠᠶᠢᠭᠤᠯᠤᠮᠵᠢ ᠶᠢᠨ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠬᠥᠲᠥᠯᠦᠨ ᠵᠢᠯᠣᠭᠤᠳᠤᠨ᠎ᠠ᠃ | | ᠬᠤᠷᠢᠨ ᠬᠤᠶᠠᠳᠤᠭᠠᠷ ᠵᠦᠶᠯ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠨᠡᠶᠢᠭᠡᠮᠯᠢᠭ ᠢ | ᠵᠢᠯᠣᠭᠤᠳᠤᠨ ᠠᠵᠢᠯ ᠲᠥᠷᠥᠯ ᠤᠨ ᠡᠵᠡᠩᠨᠡᠯᠲᠡ ᠶᠢᠨ ᠥᠪᠡᠷ ᠢ ᠪᠠᠨ ᠱᠠᠭᠠᠷᠳᠠᠬᠤ ᠵᠢᠷᠤᠮᠵᠢᠯ᠂ ᠠᠵᠢᠯ ᠮᠡᠷᠭᠡᠵᠢᠯ ᠤᠨ | ᠶᠣᠰᠣ ᠮᠣᠷᠠᠯ ᠤᠨ ᠪᠠᠷᠢᠮᠵᠢᠶ᠎ᠠ ᠪᠠ ᠠᠵᠢᠯ ᠲᠥᠷᠥᠯ ᠤᠨ ᠴᠢᠨᠠᠷᠲᠠᠶ ᠵᠠᠯᠬᠠᠭᠠᠨ ᠴᠡᠭᠡᠷᠯᠡᠭᠦᠯᠬᠦ ᠲᠣᠭᠲᠠᠴᠠ ᠵᠡᠷᠭᠡ ᠶᠢ | ᠪᠠᠶᠢᠭᠤᠯᠤᠨ ᠪᠦᠷᠢᠨᠰᠢᠬᠦᠯᠵᠦ᠂ ᠰᠤᠷᠭᠠᠯᠲᠠ ᠶᠢᠨ ᠪᠠᠶᠢᠭᠤᠯᠤᠮᠵᠢ ᠶᠢᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠡᠷᠬᠡ | ᠲᠡᠭᠰᠢ ᠪᠠᠷ ᠥᠷᠢᠰᠥᠯᠳᠦᠬᠦ ᠶᠢ ᠤᠷᠤᠭᠰᠢ ᠠᠬᠢᠭᠤᠯᠵᠤ᠂ ᠠᠵᠢᠯ ᠲᠥᠷᠥᠯ ᠤᠨ ᠡᠮᠬᠢ ᠳᠢᠭᠯᠢᠮ ᠢ ᠬᠦᠴᠦᠯᠡᠨ | ᠵᠢᠷᠤᠮᠵᠢᠭᠤᠯᠤᠨ᠎ᠠ᠃ ᠠᠵᠢᠯ ᠲᠥᠷᠥᠯ ᠤᠨ ᠨᠡᠶᠢᠭᠡᠮᠯᠢᠭ ᠤᠨ ᠬᠠᠮᠢᠶ᠎ᠠ ᠪᠥᠬᠦᠶ ᠠᠵᠢᠯ ᠲᠥᠷᠥᠯ ᠤᠨ ᠦᠶᠯᠡᠴᠢᠯᠡᠭᠡᠨ ᠤ | ᠪᠠᠷᠢᠮᠵᠢᠶ᠎ᠠ ᠲᠣᠭᠲᠠᠭᠠᠬᠤ ᠶᠢ ᠵᠣᠷᠢᠭᠵᠢᠭᠤᠯᠵᠤ᠂ ᠦᠶᠯᠡᠴᠢᠯᠡᠭᠡᠨ ᠤ ᠴᠢᠨᠠᠷ ᠴᠢᠨᠰᠠᠭ᠎ᠠ ᠶᠢ ᠠᠵᠢᠯ ᠲᠥᠷᠥᠯ ᠤᠨ | ᠨᠡᠶᠢᠭᠡᠮᠯᠢᠭ ᠤᠨ ᠵᠢᠭᠤᠷᠠᠯᠳᠤᠭᠠᠨ ᠢ ᠰᠢᠶᠳᠪᠦᠷᠢᠯᠡᠬᠦ᠂ ᠡᠷᠬᠡ ᠠᠰᠢᠭ ᠢ ᠬᠠᠮᠠᠭᠠᠯᠠᠬᠤ᠂ ᠠᠵᠢᠯ ᠲᠥᠷᠥᠯ ᠤᠨ | ᠢᠲᠡᠭᠡᠮᠵᠢ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠦᠶᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠠᠵᠢᠯ | ᠲᠥᠷᠥᠯ ᠤᠨ ᠵᠢᠷᠤᠮᠵᠢᠭᠰᠠᠨ ᠠᠵᠢᠯᠯᠠᠭᠠᠨ ᠢ ᠠᠬᠢᠭᠤᠯᠤᠨ᠎ᠠ᠃ | | ᠬᠤᠷᠢᠨ ᠭᠤᠷᠪᠠᠳᠤᠭᠠᠷ ᠵᠦᠶᠯ ᠰᠢᠨᠵᠢᠯᠡᠭᠡᠨ ᠤ ᠲᠥᠷᠥᠯ ᠤᠨ ᠪᠤᠰᠤ ᠰᠤᠷᠭᠠᠯᠲᠠ ᠶᠢᠨ ᠪᠠᠶᠢᠭᠤᠯᠤᠮᠵᠢ ᠶᠢ | ᠣᠷᠣᠭᠤᠯᠤᠨ ᠠᠪᠴᠢᠷᠠᠵᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠳᠤ ᠣᠷᠣᠯᠴᠠᠭᠤᠯᠤᠨ᠎ᠠ᠃ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠠᠷᠴᠢᠮ ᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠠᠴᠠ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠨ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠬᠠᠤᠯᠢ ᠴᠠᠭᠠᠵᠠ ᠶᠢᠨ ᠲᠦᠷᠢᠮ ᠤᠨ ᠲᠣᠭᠲᠠᠭᠠᠯ | ᠶᠣᠰᠣᠭᠠᠷ᠂ ᠬᠢᠨᠠᠨ ᠬᠠᠮᠢᠶᠠᠷᠬᠤ ᠲᠠᠪᠴᠠᠩ ᠤᠨ ᠨᠡᠷᠡᠰ ᠤᠨ ᠴᠠᠭᠠᠨ ᠲᠠᠩᠰᠠᠨ ᠳᠤ ᠣᠷᠣᠭᠤᠯᠤᠨ ᠠᠪᠴᠢᠷᠠᠬᠤ ᠶᠢ | ᠵᠥᠪᠰᠢᠶᠡᠷᠡᠬᠦ ᠰᠤᠷᠭᠠᠯᠲᠠ ᠶᠢᠨ ᠪᠠᠶᠢᠭᠤᠯᠤᠮᠵᠢ ᠶᠢ ᠲᠣᠭᠲᠠᠭᠠᠵᠤ᠂ ᠰᠤᠷᠭᠠᠯᠲᠠ ᠶᠢᠨ ᠪᠠᠶᠢᠭᠤᠯᠤᠮᠵᠢ ᠪᠠ | ᠦᠶᠯᠡᠴᠢᠯᠡᠭᠡᠨ ᠤ ᠲᠥᠷᠥᠯ ᠵᠦᠶᠯ ᠤᠨ ᠨᠡᠷᠡᠰ ᠵᠢᠴᠢ ᠣᠷᠣᠭᠤᠯᠤᠨ ᠠᠪᠴᠢᠷᠠᠬᠤ ᠵᠠᠷᠤᠳᠠᠯ ᠤᠨ ᠪᠠᠷᠢᠮᠵᠢᠶ᠎ᠠ ᠶᠢ ᠪᠣᠶ | ᠪᠣᠯᠭᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠬᠥᠳᠡᠯᠦᠩᠭᠦᠶ | ᠳᠣᠭᠢᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠣᠷᠣᠭᠤᠯᠵᠤ ᠢᠷᠡᠬᠦ ᠵᠠᠷᠤᠳᠠᠯ ᠤᠨ ᠪᠠᠷᠢᠮᠵᠢᠶ᠎ᠠ ᠶᠢ | ᠳᠠᠭᠠᠭᠠᠴᠢᠯᠠᠯᠲᠠ ᠵᠠᠷᠯᠠᠬᠤ ᠵᠡᠷᠭᠡ ᠥᠷᠢᠰᠥᠯᠳᠦᠭᠡᠨ ᠤ ᠴᠢᠨᠠᠷᠲᠠᠶ ᠠᠷᠭ᠎ᠠ ᠮᠠᠶ᠋ᠢᠭ ᠢᠶᠠᠷ ᠳᠠᠮᠵᠢᠭᠤᠯᠤᠨ | ᠲᠣᠭᠲᠠᠭᠠᠬᠤ ᠶᠢᠨ ᠬᠠᠮᠲᠤ ᠰᠤᠷᠭᠠᠯᠲᠠ ᠶᠢᠨ ᠪᠠᠶᠢᠭᠤᠯᠤᠮᠵᠢ ᠶᠢᠨ ᠰᠤᠷᠭᠠᠭᠤᠯᠢ ᠶᠢᠨ ᠭᠠᠳᠠᠨ᠎ᠠ ᠬᠠᠩᠭᠠᠭᠰᠠᠨ ᠠᠳᠠᠯᠢ | ᠴᠢᠨᠠᠷ ᠤᠨ ᠰᠤᠷᠭᠠᠯᠲᠠ ᠶᠢᠨ ᠦᠶᠯᠡᠴᠢᠯᠡᠭᠡᠨ ᠤ ᠰᠦᠶᠳᠬᠡᠯ ᠬᠤᠷᠢᠶᠠᠬᠤ ᠪᠠᠷᠢᠮᠵᠢᠶ᠎ᠠ ᠠᠴᠠ ᠢᠯᠡᠷᠬᠡᠶ ᠳᠣᠤᠷ᠎ᠠ | ᠪᠠᠶᠢᠯᠭᠠᠬᠤ ᠬᠡᠷᠡᠭᠲᠡᠶ᠃ ᠴᠢᠬᠤᠯᠠᠲᠠᠶ ᠦᠶ᠎ᠡ ᠳᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠥᠪᠡᠷ ᠤᠨ ᠥᠷᠲᠡᠭ ᠤᠨ ᠪᠠᠶᠢᠴᠠᠭᠠᠯᠲᠠ ᠬᠢᠵᠦ᠂ | ᠭᠠᠳᠠᠭᠠᠳᠤ ᠠᠴᠠ ᠣᠷᠣᠭᠤᠯᠬᠤ ᠵᠠᠷᠤᠳᠠᠯ ᠤᠨ ᠪᠠᠷᠢᠮᠵᠢᠶ᠎ᠠ ᠶᠢ ᠪᠠᠭᠤᠷᠠᠭᠤᠯᠬᠤ ᠶᠢ ᠰᠢᠮᠳᠠᠭᠤᠯᠵᠤ ᠪᠣᠯᠤᠨ᠎ᠠ᠃ ᠡᠯ᠎ᠡ | ᠭᠠᠵᠠᠷ ᠨᠢ ᠲᠣᠰ ᠭᠠᠵᠠᠷ ᠣᠷᠣᠨ ᠤ ᠪᠠᠶᠢᠳᠠᠯ ᠢᠶᠠᠨ ᠦᠨᠳᠦᠰᠦᠯᠡᠨ᠂ ᠰᠤᠷᠭᠠᠯᠲᠠ ᠶᠢᠨ ᠪᠠᠶᠢᠭᠤᠯᠤᠮᠵᠢ ᠶᠢ | ᠣᠷᠣᠭᠤᠯᠤᠨ ᠠᠪᠴᠢᠷᠠᠬᠤ ᠳᠤ ᠬᠡᠷᠡᠭᠰᠡᠬᠦ ᠵᠠᠷᠤᠳᠠᠯ ᠢ ᠲᠣᠭᠲᠠᠭᠠᠯ ᠶᠣᠰᠣᠭᠠᠷ ᠲᠤᠬᠠᠶ ᠶᠢᠨ ᠭᠠᠵᠠᠷ ᠤᠨ ᠬᠢᠴᠢᠶᠡᠯ ᠤᠨ | ᠳᠠᠷᠠᠭᠠᠬᠢ ᠦᠶᠯᠡᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ ᠣᠷᠣᠭᠤᠯᠬᠤ ᠬᠡᠷᠡᠭᠲᠡᠶ︔ ᠦᠨᠡᠬᠡᠷ | ᠠᠰ ᠲᠤᠨᠢ ᠰᠦᠢᠳᠬᠡᠯ ᠬᠤᠷᠢᠶᠠᠬᠤ ᠴᠢᠬᠤᠯᠠ ᠲᠠᠢ ᠪᠣᠯ ᠣᠷᠣᠯᠠᠨ ᠰᠦᠢᠳᠬᠡᠯ ᠬᠤᠷᠢᠶᠠᠬᠤ ᠬᠠᠮᠢᠶᠠᠷᠤᠯᠲᠠ ᠳᠤ | ᠣᠷᠣᠭᠤᠯᠬᠤ ᠬᠡᠷᠡᠭᠲᠡᠶ᠃ ᠰᠤᠷᠭᠠᠭᠤᠯᠢ ᠨᠤᠭᠤᠳ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠨᠡᠷᠡᠰ ᠤᠨ | ᠳᠣᠲᠣᠷᠠᠬᠢ ᠦᠶᠯᠡᠴᠢᠯᠡᠭᠡᠨ ᠤ ᠲᠥᠷᠥᠯ ᠵᠦᠶᠯ ᠪᠠ ᠰᠤᠷᠭᠠᠯᠲᠠ ᠶᠢᠨ ᠪᠠᠶᠢᠭᠤᠯᠤᠮᠵᠢ ᠶᠢ ᠰᠣᠩᠭᠤᠨ ᠬᠡᠷᠡᠭᠯᠡᠬᠦ ᠳᠡᠭᠡᠨ | ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠰᠦᠶᠳᠬᠡᠯ ᠢ ᠣᠷᠣᠯᠠᠨ ᠬᠤᠷᠢᠶᠠᠵᠤ ᠦᠨ᠎ᠡ ᠨᠡᠮᠡᠵᠦ᠂ ᠠᠰᠢᠭ | ᠣᠷᠣᠯᠭ᠎ᠠ ᠣᠯᠵᠤ ᠪᠣᠯᠬᠤ ᠥᠬᠡᠶ᠃ ᠡᠯ᠎ᠡ ᠭᠠᠵᠠᠷ ᠤᠨ ᠬᠢᠨ ᠲᠣᠭᠲᠠᠴᠠ ᠪᠠᠨ ᠲᠡᠭᠦᠯᠳᠡᠷᠵᠢᠭᠦᠯᠵᠦ᠂ ᠪᠠᠭᠤᠷᠠᠶ | ᠰᠤᠷᠭᠠᠭᠤᠯᠢ᠂ ᠬᠥᠳᠡᠭᠡ ᠲᠣᠰᠬᠤᠨ ᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠶᠯᠡᠴᠢᠯᠡᠭᠡ ᠥᠷᠨᠢᠭᠦᠯᠬᠦ ᠶᠢ | ᠢᠯᠡᠭᠦᠬᠡᠨ ᠳᠡᠮᠵᠢᠬᠦ ᠶᠢᠨ ᠬᠠᠮᠲᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠰᠤᠷᠤᠭᠴᠢᠳ ᠤᠨ ᠰᠦᠶᠳᠬᠡᠯ ᠬᠤᠷᠢᠶᠠᠯᠲᠠ ᠶᠢ ᠬᠠᠰᠤᠵᠤ ᠭᠡᠯᠳᠦᠷᠢᠭᠦᠯᠬᠦ ᠬᠡᠷᠡᠭᠲᠡᠶ᠃ ᠬᠢᠴᠢᠶᠡᠯ | ᠲᠥᠷᠥᠯ ᠤᠨ ᠪᠤᠰᠤ ᠰᠤᠷᠭᠠᠯᠲᠠ ᠶᠢᠨ ᠪᠠᠶᠢᠭᠤᠯᠤᠮᠵᠢ ᠶᠢᠨ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠳᠤ | ᠣᠷᠣᠯᠴᠠᠬᠤ ᠶᠢ ᠦᠨᠡᠯᠡᠨ ᠵᠢᠱᠢᠵᠦ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠵᠤ᠂ ᠦᠶᠯᠡᠴᠢᠯᠡᠭᠡᠨ ᠤ ᠬᠢᠷᠢ | ᠬᠡᠮᠵᠢᠶ᠎ᠡ ᠪᠠᠷ ᠳᠣᠤᠷ᠎ᠠ᠂ ᠮᠠᠭᠤ ᠰᠠᠨᠠᠭ᠎ᠠ ᠲᠠᠢ ᠪᠠᠷ ᠰᠤᠷᠭᠠᠭᠤᠯᠢ ᠳᠤ ᠰᠣᠷᠣᠭᠴᠢ ᠶᠢᠨ ᠢᠷᠡᠯᠲᠡ ᠶᠢ ᠲᠠᠲᠠᠵᠤ | ᠠᠪᠴᠢᠷᠠᠬᠤ᠂ ᠲᠣᠭᠲᠠᠭᠠᠯ ᠶᠣᠰᠣᠭᠠᠷ ᠦᠶᠯᠡᠴᠢᠯᠡᠭᠡ ᠬᠠᠩᠭᠠᠬᠤ ᠥᠬᠡᠶ᠂ ᠰᠤᠷᠭᠠᠭᠤᠯᠢ ᠶᠢᠨ ᠰᠤᠷᠭᠠᠨ ᠬᠥᠮᠦᠵᠢᠯ | ᠵᠢᠭᠠᠨ ᠰᠤᠷᠭᠠᠯᠲᠠ ᠪᠠ ᠰᠣᠷᠣᠭᠴᠢ ᠡᠯᠰᠡᠬᠦ ᠡᠮᠬᠢ ᠵᠢᠷᠤᠮ ᠢ ᠰᠠᠮᠠᠭᠤᠷᠠᠭᠤᠯᠬᠤ ᠵᠡᠷᠭᠡ ᠠᠰᠠᠭᠤᠳᠠᠯ ᠢᠯᠡᠷᠡᠭᠰᠡᠨ | ᠰᠤᠷᠭᠠᠯᠲᠠ ᠶᠢᠨ ᠪᠠᠶᠢᠭᠤᠯᠤᠮᠵᠢ ᠶᠢᠨ ᠰᠤᠷᠭᠠᠯᠲᠠ ᠶᠢᠨ ᠬᠢᠷᠢ ᠬᠡᠮ ᠢ ᠡᠷᠡᠰ ᠬᠦᠴᠦᠨ ᠥᠬᠡᠶ ᠪᠣᠯᠭᠠᠬᠤ ᠬᠡᠷᠡᠭᠲᠡᠶ᠃ | | ᠬᠤᠷᠢᠨ ᠳᠥᠷᠪᠡᠳᠦᠭᠡᠷ ᠵᠦᠢᠯ ᠲᠤᠰ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠮᠥᠷᠳᠡᠨ᠎ᠡ᠃ | | | |