ᠥᠯᠵᠡᠢ ᠪᠣᠭᠤᠮᠲᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/5/28
  ᠨᠠᠷᠠᠨ᠎ᠠ᠂ ᠡᠷᠳᠡᠨᠢᠬᠦᠦ                                      ᠣᠶᠢᠷ᠎ᠠ ᠳᠤ᠂ ᠰᠤᠷᠪᠤᠯᠵᠢᠯᠠᠬᠴᠢ ᠥᠯᠵᠡᠢ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠵᠢᠴᠢ ᠪᠠᠷᠠᠭᠠᠨ ᠤ ᠭᠦᠢᠯᠭᠡᠭᠡᠨ ᠤ ᠢᠵᠢ ᠪᠦᠷᠢᠳᠦᠭᠦᠯᠬᠦ ᠦᠢᠯᠡᠴᠢᠯᠡᠭᠡᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠶ ᠳᠤ᠂ ᠠᠵᠢᠯᠴᠢᠳ ᠶᠠᠭ ᠴᠠᠭ ᠨᠡᠮᠡᠵᠦ ᠠᠵᠢᠯᠯᠠᠨ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ ᠶᠢ ᠤᠭᠰᠠᠷᠠᠬᠤ᠂ ᠲᠠᠯᠠᠪᠤᠷ ᠢ ᠲᠡᠭᠰᠢᠯᠡᠬᠦ᠂ ᠪᠣᠭᠤᠮᠲᠠ ᠶᠢ ᠵᠠᠰᠠᠨ ᠴᠢᠮᠡᠭᠯᠡᠬᠦ ᠠᠵᠢᠯ ᠢ ᠪᠠᠴᠢᠮ ᠶᠠᠭᠠᠷᠠᠯᠲᠠᠢ ᠪᠥᠭᠡᠳ ᠡᠮᠬᠢ ᠵᠢᠷᠤᠮ ᠲᠠᠢ ᠬᠢᠵᠦ ᠪᠠᠶᠢᠬᠤ ᠶᠢ ᠣᠯᠵᠤ ᠬᠠᠷᠠᠪᠠ᠃              ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭᠠᠨ ᠤ ᠬᠠᠷᠢᠭᠤᠴᠠᠯᠭᠠᠲᠠᠨ ᠰᠠᠷᠠᠭᠤᠯ ᠤᠨ ᠲᠠᠨᠢᠯᠴᠠᠭᠤᠯᠤᠭᠰᠠᠨ ᠢᠶᠠᠷ᠂ ᠡᠨᠡ ᠵᠢᠯ ᠥᠯᠵᠡᠢ ᠬᠢᠯᠢ ᠶᠢᠨ ᠪᠣᠭᠤᠮᠲᠠ ᠬᠤᠶᠠᠷ ᠶᠡᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠲᠤᠬᠠᠶᠢᠯᠠᠪᠠᠯ ᠬᠢᠨᠠᠯᠲᠠ ᠬᠠᠮᠢᠶᠠᠷᠤᠯᠲᠠ ᠶᠢᠨ ᠣᠷᠣᠨ ᠵᠢᠴᠢ ᠪᠠᠷᠠᠭᠠᠨ ᠤ ᠭᠦᠢᠯᠭᠡᠭᠡᠨ ᠤ ᠢᠵᠢ ᠪᠦᠷᠢᠳᠦᠭᠦᠯᠬᠦ ᠦᠢᠯᠡᠴᠢᠯᠡᠭᠡᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ ᠪᠣᠭᠤᠮᠲᠠ ᠪᠠᠷ ᠥᠩᠭᠡᠷᠡᠬᠦ ᠪᠠᠷᠠᠭ᠎ᠠ ᠶᠢ ᠪᠠᠶᠢᠴᠠᠭᠠᠨ ᠰᠢᠯᠭᠠᠬᠤ ᠲᠥᠬᠦᠭᠡᠷᠦᠮᠵᠢ ᠵᠢᠴᠢ ᠢᠵᠢ ᠪᠦᠷᠢᠳᠦᠭᠦᠯᠬᠦ ᠲᠥᠷᠥᠯ ᠵᠦᠢᠯ ᠪᠣᠯᠣᠨ᠎ᠠ᠃ ᠲᠤᠰ ᠬᠤᠶᠠᠷ ᠲᠦᠷᠦᠯ ᠵᠦᠢᠯ ᠳᠤ ᠨᠡᠶᠢᠲᠡ 16.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠨᠡ ᠵᠢᠯ 7560 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠶ᠃ ᠣᠳᠣᠬᠠᠨ ᠳᠤ᠂ ᠪᠣᠭᠤᠮᠲᠠ ᠪᠠᠷ ᠥᠩᠭᠡᠷᠡᠬᠦ ᠪᠠᠷᠠᠭ᠎ᠠ ᠶᠢ ᠪᠠᠶᠢᠴᠠᠭᠠᠨ ᠰᠢᠯᠭᠠᠬᠤ ᠲᠥᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶  ᠢ ᠯᠠᠪᠳᠠᠭᠤᠨ ᠢᠶᠠᠷ ᠠᠬᠢᠭᠤᠯᠤᠨ᠂ ᠪᠣᠭᠤᠮᠲᠠ ᠶᠢᠨ ᠡᠷᠭᠢᠨ ᠲᠣᠭᠤᠷᠢᠨ ᠤ ᠰᠡᠷᠭᠡᠶᠢᠯᠡᠨ ᠬᠠᠮᠠᠭᠠᠯᠠᠵᠤ ᠬᠠᠮᠢᠶᠠᠷᠤᠨ ᠡᠵᠡᠮᠳᠡᠬᠦ ᠲᠥᠬᠦᠭᠡᠷᠦᠮᠵᠢ ᠨᠢ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠶᠠᠪᠤᠴᠠ ᠳᠤ ᠣᠷᠣᠵᠤ᠂ ᠬᠤᠲᠠ ᠶᠢᠨ ᠵᠠᠮ ᠤᠨ ᠪᠣᠳᠠᠰ ᠥᠩᠭᠡᠷᠡᠭᠦᠯᠬᠦ ᠬᠤᠶᠠᠳᠤᠭᠠᠷ ᠵᠠᠮ ᠤᠨ ᠢᠨᠵᠧᠨᠧᠷᠢᠩ 6 ᠰᠠᠷ᠎ᠠ ᠳᠤ ᠠᠵᠢᠯ ᠢᠶᠠᠨ ᠰᠡᠷᠭᠦᠭᠡᠵᠦ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠤᠢ᠃              ᠣᠶᠢᠯᠠᠭᠠᠭᠰᠠᠨ ᠢᠶᠠᠷ᠂ ᠥᠯᠵᠡᠢ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠵᠢᠴᠢ ᠪᠠᠷᠠᠭᠠᠨ ᠤ ᠭᠦᠢᠯᠭᠡᠭᠡᠨ ᠤ ᠢᠵᠢ ᠪᠦᠷᠢᠳᠦᠭᠦᠯᠬᠦ ᠦᠢᠯᠡᠴᠢᠯᠡᠭᠡᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 15 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ 4.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠯ ᠳᠤ 3000 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠶ᠃ ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠪᠠᠷᠤᠭ 35 ᠳ᠋ᠦᠩᠰᠢᠭᠤᠷ ᠲᠥᠭᠦᠷᠢᠭ᠂ ᠠᠰᠢᠭ ᠭᠠᠶᠢᠯᠢ ᠪᠠᠷᠤᠭ 5 ᠳ᠋ᠦᠩᠰᠢᠭᠤᠷ ᠲᠥᠭᠦᠷᠢᠭ ᠲᠤ ᠬᠦᠷᠴᠦ᠂ 2000 ᠬᠥᠮᠥᠨ ᠤ ᠠᠵᠢᠯ ᠣᠯᠭᠤᠯᠲᠠ ᠶᠢ ᠳᠠᠶᠢᠴᠢᠯᠠᠨ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠥᠭᠵᠢᠯᠲᠡ ᠳᠤ ᠠᠰᠢᠭᠲᠠᠢ ᠪᠠᠶᠢᠵᠤ᠂ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠲᠡᠳᠡᠨ ᠣᠷᠣᠭᠤᠯᠵᠤ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠪᠣᠯᠣᠨ᠎ᠠ᠃              ᠥᠯᠵᠡᠢ ᠪᠣᠭᠤᠮᠲᠠ ᠪᠠᠷ ᠥᠩᠭᠡᠷᠡᠬᠦ ᠪᠠᠶᠢᠴᠠᠭᠠᠨ ᠰᠢᠯᠭᠠᠬᠤ ᠲᠥᠬᠦᠭᠡᠷᠦᠮᠵᠢ ᠵᠢᠴᠢ ᠢᠵᠢ ᠪᠦᠷᠢᠳᠦᠭᠦᠯᠬᠦ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1.13 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ 4660 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠂ ᠵᠢᠯ ᠳᠤ 4560 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠶ᠃ ᠣᠳᠣᠬᠠᠨ ᠳᠤ 440 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠲᠥᠯᠥᠪᠯᠡᠭᠡ ᠪᠠᠨ 9.8 % ᠪᠠᠷ ᠪᠡᠶᠡᠯᠡᠭᠦᠯᠪᠡ᠃ ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠳᠤᠮᠳᠠᠳᠤ ᠮᠣᠩᠭᠤᠯ ᠤᠨ ᠥᠯᠵᠡᠢ ᠴᠠᠭᠠᠨ ᠳᠡᠯ ᠬᠢᠯᠢ ᠶᠢᠨ ᠪᠣᠭᠤᠮᠲᠠ ᠶᠢ ᠵᠢᠩᠬᠢᠨᠢ ᠪᠠᠷ ᠨᠡᠭᠡᠭᠡᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠪᠣᠭᠤᠮᠲᠠ᠂ ᠬᠢᠯᠢ ᠶᠢᠨ ᠪᠠᠶᠢᠴᠠᠭᠠᠯᠲᠠ ᠶᠢᠨ ᠨᠢᠭᠡᠴᠢ ᠶᠢᠨ ᠪᠠᠶᠢᠴᠠᠭᠠᠨ ᠰᠢᠯᠭᠠᠬᠤ ᠲᠤᠬᠠᠶᠢᠯᠠᠭᠰᠠᠨ ᠠᠵᠢᠯ ᠢᠶᠠᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠡᠶᠡᠯᠡᠭᠦᠯᠵᠦ᠂ ᠪᠣᠭᠤᠮᠲᠠ ᠶᠢᠨ ᠡᠯ᠎ᠡ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠰᠦᠯᠵᠢᠶᠡᠨ ᠳᠡᠭᠡᠷ᠎ᠡ ᠬᠤᠯᠪᠣᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠲᠠᠰ ᠬᠤᠪᠢᠶᠠᠨ ᠬᠠᠮᠲᠤ ᠪᠠᠷ ᠡᠳ᠋ᠯᠡᠬᠦ ᠪᠠ ᠶᠡᠷᠦᠩᠬᠡᠶᠢᠯᠡᠨ ᠬᠡᠷᠡᠭᠯᠡᠬᠦ ᠶᠢ ᠪᠦᠲᠦᠮᠵᠢᠲᠡᠶ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠠᠰᠢᠭᠲᠠᠢ ᠪᠤᠯᠬᠤ ᠶᠤᠮ᠃              ᠥᠯᠵᠡᠢ ᠬᠢᠯᠢ ᠶᠢᠨ ᠪᠣᠭᠤᠮᠲᠠ ᠶᠢ 2016 ᠣᠨ ᠳᠤ ᠡᠬᠢᠯᠡᠨ ᠪᠠᠶᠢᠭᠤᠯᠤᠭᠰᠠᠨ ᠠᠴᠠ ᠨᠠᠭᠠᠰᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ 21 ᠲᠥᠷᠥᠯ ᠵᠦᠢᠯ ᠢ ᠪᠡᠶᠡᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ 26.6 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ 17.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ ᠣᠳᠣᠬᠠᠨ ᠳᠤ᠂ ᠪᠣᠭᠤᠮᠲᠠ ᠶᠢᠨ ᠤᠰᠤ᠂ ᠴᠠᠭᠢᠯᠭᠠᠨ᠂ ᠵᠠᠮ᠂ ᠮᠡᠳᠡᠭᠡᠯᠡᠯ ᠵᠡᠷᠭᠡ ᠰᠠᠭᠤᠷᠢ ᠲᠥᠬᠦᠭᠡᠷᠦᠮᠵᠢ ᠪᠠ ᠬᠠᠮᠲᠤᠷᠠᠨ ᠪᠠᠶᠢᠴᠠᠭᠠᠬᠤ ᠠᠰᠠᠷ᠂ ᠬᠠᠮᠲᠤᠷᠠᠨ ᠪᠠᠶᠢᠴᠠᠭᠠᠬᠤ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠬᠢᠯᠢ ᠶᠢᠨ ᠪᠠᠶᠢᠴᠠᠭᠠᠯᠲᠠ ᠶᠢᠨ ᠬᠤᠸᠠᠷᠠᠨ ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠵᠡᠷᠭᠡ ᠬᠠᠮᠲᠤᠷᠠᠨ ᠪᠠᠶᠢᠴᠠᠭᠠᠬᠤ ᠪᠣᠭᠤᠮᠲᠠ ᠪᠠᠷ ᠥᠩᠭᠡᠷᠡᠬᠦ ᠲᠥᠬᠦᠭᠡᠷᠦᠮᠵᠢ ᠶᠢ ᠨᠢᠭᠡᠨᠲᠡ ᠪᠠᠶᠢᠭᠤᠯᠵᠤ ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠤᠭᠰᠠᠨ ᠪᠠᠶᠢᠨ᠎ᠠ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号