ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠠᠩᠬᠠᠳᠤᠭᠠᠷ ᠤᠳᠠᠭ᠎ᠠ ᠶᠢᠨ ᠬᠤᠷᠠᠯ ᠬᠢᠵᠡᠢ
ᠨᠡᠶᠢᠲᠡᠯᠡᠭᠰᠡᠨ ᠴᠠᠭ᠄
2024/5/28
     ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ 4 ᠤ ᠦᠳᠡ ᠶᠢᠨ ᠡᠮᠦᠨ᠎ᠡ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠪᠦᠭᠦ ᠤᠯᠤᠰ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠤᠤ ᠯᠧ ᠵᠢᠢ ᠬᠤᠷᠠᠯ ᠡᠷᠭᠢᠯᠡᠵᠠᠢ᠃      ᠲᠡᠷᠢᠭᠦᠯᠡᠭᠴᠢᠳ ᠤᠨ ᠪᠦᠯᠭᠦᠮ ᠤᠨ ᠬᠤᠷᠠᠯ ᠳᠤ ᠣᠷᠤᠯᠴᠠᠬᠤ ᠶᠣᠰᠣᠲᠠᠢ ᠬᠥᠮᠥᠨ 181 ᠪᠠᠶᠢᠵᠤ᠂ 180 ᠬᠥᠮᠥᠨ ᠣᠷᠣᠯᠴᠠᠨ᠂ 1 ᠬᠥᠮᠥᠨ ᠣᠷᠣᠯᠴᠠᠬᠰᠠᠨ ᠦᠭᠡᠢ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃      ᠬᠤᠷᠠᠯ ᠠᠴᠠ ᠡᠩ ᠲᠡᠷᠢᠭᠦᠨ ᠳᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ  ᠶᠢᠨ ᠲᠡᠷᠢᠭᠦᠯᠡᠭᠴᠢ ᠶᠢ ᠳᠡᠪᠰᠢᠭᠦᠯᠦᠨ ᠰᠣᠩᠭᠤᠪᠠ᠃ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠶᠢᠨ ᠲᠤᠰᠢᠶᠠᠯ ᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ᠂ ᠳᠡᠳ᠋ ᠬᠤᠷᠢᠶᠠᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠡᠭᠦᠷᠭᠡᠯᠡᠨ᠎ᠡ᠃ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠲᠡᠷᠢᠭᠦᠯᠡᠭᠴᠢᠳ ᠤᠨ ᠪᠦᠯᠭᠦᠮ ᠤᠨ ᠬᠤᠷᠠᠯ ᠢ ᠬᠤᠷᠠᠯᠳᠤᠭᠤᠯᠬᠤ ᠪᠥᠭᠡᠳ ᠡᠷᠭᠢᠯᠡᠨ᠎ᠡ᠃      ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠡᠳᠦᠷ ᠤᠨ ᠳᠠᠷᠠᠭᠠᠯᠠᠯ ᠢ ᠪᠠᠲᠤᠯᠠᠪᠠ᠃ ᠬᠤᠷᠠᠯ ᠤᠨ ᠡᠳᠦᠷ ᠤᠨ ᠳᠠᠷᠠᠭᠠᠯᠠᠯ ᠢ ᠦᠨᠳᠦᠰᠦᠯᠡᠪᠡᠯ᠂ ᠡᠨᠡ ᠤᠳᠠᠭ᠎ᠠ ᠶᠢᠨ ᠶᠡᠭᠡ ᠬᠤᠷᠠᠯ ᠢ 3 ᠰᠠᠷ᠎ᠠ ᠶᠢᠨ 5 ᠤ ᠦᠳᠡ ᠶᠢᠨ ᠡᠮᠦᠨ᠎ᠡ ᠡᠬᠢᠯᠡᠭᠦᠯᠵᠦ᠂ 3 ᠰᠠᠷ᠎ᠠ ᠶᠢᠨ 11 ᠤ ᠦᠳᠡ ᠶᠢᠨ ᠬᠤᠶᠢᠨ᠎ᠠ ᠲᠡᠭᠦᠰᠬᠡᠬᠦ ᠪᠠᠷ ᠲᠣᠭᠲᠠᠪᠠ᠂ ᠬᠤᠷᠠᠯ ᠤᠨ ᠬᠤᠭᠤᠴᠠᠭ᠎ᠠ ᠨᠢ 7 ᠡᠳᠦᠷ ᠪᠣᠯᠣᠨ᠎ᠠ᠃      ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠬᠦ ᠳᠦᠷᠢᠮ ᠤᠨ ᠲᠣᠭᠲᠠᠭᠠᠯ ᠢ ᠦᠨᠳᠦᠰᠦᠯᠡᠨ᠂ ᠲᠡᠷᠢᠭᠦᠯᠡᠭᠴᠢᠳ ᠤᠨ ᠪᠦᠯᠭᠦᠮ ᠤᠨ ᠠᠩᠬᠠᠳᠤᠭᠠᠷ ᠤᠳᠠᠭ᠎ᠠ ᠶᠢᠨ ᠬᠤᠷᠠᠯ ᠠᠴᠠ ᠳᠡᠪᠰᠢᠭᠦᠯᠦᠨ ᠰᠣᠩᠭᠤᠭᠰᠠᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠨᠠᠷ ᠲᠤᠰ ᠲᠤᠰ ᠤᠳᠠᠭ᠎ᠠ ᠪᠦᠷᠢ  ᠶᠢᠨ ᠶᠡᠭᠡ ᠬᠤᠷᠠᠯ ᠤᠨ ᠪᠦᠭᠦᠳᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠨ᠎ᠡ᠃ ᠪᠠᠲᠤᠯᠠᠯᠲᠠ ᠬᠢᠬᠦ ᠪᠠᠷ ᠳᠠᠮᠵᠢᠨ᠂ ᠬᠤᠷᠠᠯ ᠠᠴᠠ ᠶᠡᠭᠡ ᠬᠤᠷᠠᠯ ᠤᠨ ᠪᠦᠭᠦᠳᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠶᠢ ᠳᠡᠪᠰᠢᠭᠦᠯᠦᠨ ᠰᠣᠩᠭᠤᠪᠠ᠃      ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ᠂ ᠯᠢᠦ ᠴᠢ᠂ ᠯᠢᠦ ᠵᠢᠶᠦ᠋ᠨ ᠴᠧᠨ᠂ ᠰᠢᠨ ᠴᠦᠨ ᠶᠢᠩ᠂ ᠯᠧᠦ ᠴᠢᠨ ᠵᠢᠶᠠᠨ᠂ ᠺᠦᠩ ᠱᠤᠤ ᠰᠢᠶᠦ᠋ᠨ᠂ ᠯᠢᠦ ᠵᠢᠶᠠᠨ ᠪᠦᠸᠧ ᠶᠢ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠪᠤᠯᠭᠠᠬᠤ ᠪᠠᠷ ᠲᠣᠭᠲᠠᠭᠠᠪᠠ᠃ ᠬᠤᠷᠠᠯ ᠠᠴᠠ ᠯᠧᠦ ᠴᠢᠨ ᠵᠢᠶᠠᠨ ᠳᠤ ᠶᠡᠭᠡ ᠬᠤᠷᠠᠯ ᠤᠨ ᠥᠭᠦᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠭᠦᠯᠬᠦ ᠪᠠᠷ ᠲᠣᠭᠲᠠᠪᠠ᠃      ᠬᠤᠷᠠᠯ ᠠᠴᠠ ᠪᠠᠲᠤᠯᠠᠯᠲᠠ ᠬᠢᠬᠦ ᠪᠠᠷ ᠳᠠᠮᠵᠢᠨ᠂ ᠶᠡᠭᠡ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ  ᠤᠨ ᠰᠠᠨᠠᠯ ᠵᠥᠪᠯᠡᠯᠭᠡ ᠳᠤᠷᠠᠳᠬᠤ ᠴᠠᠭ ᠢ 3 ᠰᠠᠷ᠎ᠠ ᠶᠢᠨ 8 ᠤ 12 ᠴᠠᠭ ᠢᠶᠠᠷ ᠬᠢᠵᠠᠭᠠᠷᠯᠠᠬᠤ ᠪᠠᠷ ᠲᠣᠭᠲᠠᠭᠠᠪᠠ᠃ ᠬᠤᠷᠠᠯ ᠤᠨ ᠬᠤᠭᠤᠴᠠᠭᠠᠨ ᠳᠤ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠠᠴᠠ ᠲᠥᠯᠥᠭᠡᠯᠡᠭᠴᠢᠳ ᠤᠨ ᠪᠦᠯᠭᠦᠮ ᠪᠠ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭᠠᠨ ᠳᠤ ᠳᠤᠷᠠᠳᠤᠭᠰᠠᠨ ᠰᠠᠨᠠᠯ ᠵᠥᠪᠯᠡᠯᠭᠡ ᠶᠢ ᠰᠤᠳᠤᠯᠵᠤ᠂ ᠰᠢᠢᠳᠪᠦᠷᠢᠯᠡᠬᠦ ᠰᠠᠨᠠᠯ ᠳᠤᠷᠠᠳᠤᠨ᠂ ᠲᠡᠷᠢᠭᠦᠯᠡᠭᠴᠢᠳ ᠤᠨ ᠪᠦᠯᠭᠦᠮ ᠳᠤ ᠮᠡᠳᠡᠭᠦᠯᠦᠨ ᠲᠣᠭᠲᠠᠭᠠᠯ ᠭᠠᠷᠭᠠᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号