ᠡᠳᠡᠭᠡᠷ ᠡᠮ ᠠᠷᠢᠬᠢᠨ ᠳᠤ ᠶᠡᠭᠡ ᠬᠠᠷᠰᠢ︕
ᠨᠡᠶᠢᠲᠡᠯᠡᠭᠰᠡᠨ ᠴᠠᠭ᠄
2024/5/28
                    ᠠᠷᠢᠬᠢ ᠤᠤᠭᠤᠳᠠᠭ ᠬᠦᠮᠤᠰ ᠠᠩᠬᠠᠷ᠄ ᠡᠮ ᠠᠷᠢᠬᠢ ᠬᠤᠶᠠᠷ ᠬᠠᠷᠰᠢ ᠶᠤᠮ᠂ ᠠᠷᠢᠬᠢ ᠤᠤᠭᠤᠭᠰᠠᠨ ᠦᠶ᠎ᠡ  ᠳᠤ ᠲᠸᠥ ᠪᠣᠤ ᠠᠴᠠ ᠭᠠᠳᠠᠨ᠎ᠠ ᠪᠠᠰᠠ ᠡᠳᠡᠭᠡᠷ ᠡᠮ ᠢ ᠤᠤᠭᠤᠵᠤ ᠤᠭᠳᠤ ᠪᠤᠯᠬᠤ ᠦᠭᠡᠢ︕                     1 . ᠲᠸᠥ ᠪᠣᠤ  ︵头孢︶ ᠶᠢᠨ ᠲᠥᠷᠥᠯ ᠤᠨ ᠡᠮ᠃ ᠠᠷᠢᠬᠢ ᠤᠤᠭᠤᠭᠰᠠᠨ ᠤ           ᠳᠠᠷᠠᠭᠠᠬᠢ 3 ᠡᠳᠦᠷ ‍ᠤᠨ‌‍ᠲ᠋ᠣᠲᠣᠷ᠎ᠠ ᠲᠸᠥ ᠪᠣᠤ  ᠶᠢᠨ ᠲᠥᠷᠥᠯ ᠤᠨ ᠡᠮ ᠬᠡᠷᠡᠭᠯᠡᠵᠦ ᠪᠣᠯᠬᠤ ᠦᠭᠡᠢ᠃ ᠲᠸᠥ ᠪᠣᠤ ᠬᠡᠷᠡᠭᠯᠡᠭᠰᠡᠨ ᠪᠤᠯ 7 ᠡᠳᠦᠷ ᠤᠨ ᠳᠣᠲᠣᠷ᠎ᠠ ᠠᠷᠢᠬᠢ ᠤᠤᠭᠤᠵᠤ ᠪᠣᠯᠬᠤ ᠥᠬᠡᠶ᠂ ᠬᠠᠮᠲᠤ ᠳᠤᠨᠢ ᠰᠫᠢᠷᠲ ᠠᠭᠤᠯᠤᠭᠰᠠᠨ ᠡᠮ ᠪᠠ ᠢᠳᠡᠭᠡᠨ ᠢ ᠪᠠᠰᠠ ᠴᠡᠭᠡᠷᠯᠡᠬᠦ ᠬᠡᠷᠡᠭᠲᠡᠢ᠃           2 . ᠬᠤᠯᠢᠮᠠᠭ ᠠᠼᠤᠲ᠋ᠢᠯ ᠠᠮᠢᠨᠣ᠋ ᠹᠤᠨᠤᠯ ᠬᠠᠪᠲᠠᠭᠠᠶ ᠦᠷᠢᠯ           (对乙酰氨基酚片)᠃ ᠰᠤᠳᠤᠯᠭᠠᠨ ᠠᠴᠠ ᠦᠵᠡᠪᠡᠯ᠂ ᠠᠷᠢᠬᠢ ᠤᠤᠭᠤᠬᠤ ᠨᠢ ᠬᠤᠯᠢᠮᠠᠭ ᠠᠼᠤᠲ᠋ᠢᠯ ᠠᠮᠢᠨᠣ᠋           ᠹᠤᠨᠤᠯ ᠠᠴᠠ ᠡᠯᠢᠭᠡᠨ ᠳᠤ ᠦᠵᠡᠭᠦᠯᠬᠦ ᠬᠤᠣᠷᠳᠠᠯ ᠢ ᠨᠡᠮᠡᠭᠳᠡᠭᠦᠯᠬᠦ ᠪᠣᠯᠤᠯᠴᠠᠭ᠎ᠠ ᠲᠠᠢ᠃           3 . ᠴᠢᠰᠤᠨ ᠳᠠᠷᠤᠯᠲᠠ ᠶᠢ ᠪᠠᠭᠤᠷᠠᠭᠤᠯᠬᠤ ᠡᠮ (降压药 )᠃ ᠬᠡᠷᠪᠡ ᠠᠷᠢᠬᠢᠨ ᠤ ᠳᠠᠷᠠᠭ᠎ᠠ ᠴᠢᠰᠤᠨ‌‍ᠲ᠋ᠠᠷᠤᠯᠲᠠ ᠶᠢ ᠪᠠᠭᠤᠷᠠᠭᠤᠯᠬᠤ ᠡᠮ ᠤᠤᠭᠤᠪᠠᠯ᠂ ᠨᠠᠷᠢᠨ ᠰᠤᠳᠠᠯ ᠢ ᠨᠡᠩ           ᠲᠡᠯᠡᠭᠳᠡᠭᠦᠯᠵᠦ᠂ ᠴᠢᠰᠤᠨ ᠳᠠᠷᠤᠯᠲᠠ ᠶᠢ ᠴᠣᠴᠢᠮᠠᠭ ᠪᠠᠭᠤᠷᠠᠭᠤᠯᠵᠤ᠂ ᠪᠡᠶ᠎ᠡ ᠶᠢᠨ ᠪᠠᠶᠢᠷᠢ ᠶᠢᠨ ᠬᠤᠪᠢᠷᠠᠯᠲᠠ  ᠶᠢᠨ ᠴᠢᠨᠠᠷᠲᠠᠢ ᠴᠢᠰᠤᠨ ᠳᠠᠷᠤᠯᠲᠠ ᠳᠣᠣᠷ᠎ᠠ ᠪᠤᠶᠤ ᠤᠬᠠᠭᠠᠨ ᠠᠯᠳᠠᠬᠤ ᠪᠠᠶᠢᠳᠠᠯ ᠠᠮᠠᠷᠬᠠᠨ ᠭᠠᠷᠳᠠᠭ᠃                     4 ᠠᠰᠫᠢᠷᠢᠨ (阿司匹林)᠃ ᠠᠰᠫᠢᠷᠢᠨ ᠠᠷᠢᠭᠢ ᠨᠡᠶᠢᠯᠡᠪᠡᠯ ᠰᠢᠩᠭᠡᠭᠡᠯᠲᠡ ᠶᠢᠨ ᠵᠠᠮ ᠳᠤ ᠰᠡᠳᠦᠯᠲᠡ‌ᠥᠭᠴᠦ᠂ ᠬᠤᠳᠣᠭᠤᠳᠣᠨ ᠤ ᠰᠠᠯᠢᠰᠤᠲᠤ ᠪᠦᠷᠬᠦᠪᠴᠢ ᠶᠢᠨ ᠡᠪᠡᠳᠴᠢᠨ ᠤ ᠬᠤᠪᠢᠷᠠᠯᠲᠠ ᠶᠢ ᠡᠭᠦᠰᠭᠡᠬᠦ ᠪᠤᠶᠤ ᠰᠢᠷᠬᠠᠯᠠᠭ᠎ᠠ ᠶᠢ ᠳᠠᠬᠢᠨ ᠡᠭᠦᠰᠭᠡᠵᠦ᠂ ᠠᠰᠫᠢᠷᠢᠨ ᠳᠤ ᠬᠤᠯᠪᠤᠭᠳᠠᠭᠰᠠᠨ ᠳᠡᠭᠡᠳᠦ ᠰᠢᠩᠭᠡᠭᠡᠯᠲᠡ ᠶᠢᠨ ᠵᠠᠮ ᠠᠴᠠ ᠴᠢᠰᠤ ᠭᠠᠷᠬᠤ ᠲᠦᠭᠰᠢᠭᠦᠷᠢ ᠶᠢ ᠨᠡᠮᠡᠭᠳᠡᠭᠦᠯᠦᠨ᠎ᠡ᠃                     5 . ᠲᠠᠶᠢᠳᠬᠬᠷᠠᠭᠤᠯᠤᠨ ᠤᠨᠲᠠᠭᠤᠯᠬᠤ ᠡᠮ (镇静催眠药)᠃ ᠲᠠᠶᠢᠳᠬᠤᠷᠠᠭᠤᠯᠤᠨ ᠤᠨᠲᠠᠭᠤᠯᠬᠤ ᠡᠮᠲᠦ ᠪᠣᠳᠠᠰ ᠪᠣᠯᠤᠨ ᠡᠲ᠋ᠠᠨᠤᠯ ᠢ ᠬᠠᠮᠲᠤᠷᠠᠭᠤᠯᠤᠨ ᠬᠡᠷᠡᠭᠯᠡᠭᠰᠡᠨ ᠤ ᠳᠠᠷᠠᠭ᠎ᠠ᠂ ᠲᠥᠪ ᠮᠡᠳᠡᠷᠡᠯ ᠢ ᠰᠠᠭᠠᠳᠠᠭᠤᠯᠬᠤ ᠬᠡᠮᠵᠢᠶ᠎ᠡ ᠨᠢ ᠡᠮᠲᠦ ᠪᠣᠳᠠᠰ ᠤᠨ ᠲᠥᠷᠥᠯ ᠵᠦᠢᠯ᠂ ᠡᠮ ᠬᠡᠷᠡᠭᠯᠡᠬᠦ ᠬᠡᠮᠵᠢᠶ᠎ᠡ᠂ ᠠᠷᠢᠬᠢ ᠤᠤᠭᠤᠬᠤ ᠬᠡᠮᠵᠢᠶ᠎ᠡ ᠲᠠᠢ ᠬᠠᠷᠢᠴᠠᠭ᠎ᠠ ᠲᠠᠢ ᠪᠠᠶᠢᠳᠠᠭ᠂ ᠲᠡᠭᠦᠨ ᠤ ᠢᠯᠡᠷᠡᠯ ᠭᠡᠪᠡᠯ ᠮᠠᠩᠰᠢᠭᠤᠷᠠᠭᠤᠯᠤᠨ ᠤᠨᠳᠠᠭᠤᠯᠬᠤ᠂ ᠲᠤᠰᠬᠠᠯ ᠤᠨ ᠴᠢᠳᠠᠪᠤᠷᠢ ᠶᠢ ᠪᠠᠭᠤᠷᠠᠭᠤᠯᠬᠤ᠂           ᠠᠩᠬᠠᠷᠤᠯ ᠰᠠᠷᠨᠢᠭᠤᠯᠬᠤ᠂ ᠵᠣᠬᠢᠴᠠᠭᠤᠯᠬᠤ ᠴᠢᠳᠠᠪᠤᠷᠢ ᠶᠢ ᠮᠠᠭᠤᠲᠠᠭᠤᠯᠵᠤ᠂ ᠬᠦᠨᠳᠤ ᠨᠣᠴᠢᠲᠠᠶ ᠨᠢ ᠦᠬᠦᠭᠦᠯᠵᠦ ᠮᠡᠳᠡᠨ᠎ᠡ᠃                     6 . ᠤᠨᠠᠳᠠᠭ ᠡᠪᠡᠳᠴᠢᠨ ᠢ ᠳᠠᠷᠤᠬᠤ ᠡᠮ (抗癫痫药)᠃ ᠡᠲ᠋ᠠᠨᠤᠯ ᠨᠢ ᠵᠠᠷᠢᠮ ᠤᠨᠠᠳᠠᠭ ᠡᠪᠡᠳᠴᠢᠨ ᠢ ᠳᠠᠷᠤᠬᠤ ᠡᠮ ᠤᠨ ᠰᠣᠯᠢᠯᠴᠠᠭ᠎ᠠ ᠶᠢ ᠨᠥᠯᠥᠭᠡᠯᠡᠵᠦ᠂ ᠡᠮᠴᠢᠯᠡᠭᠡᠨ ᠤ ᠦᠢᠯᠡᠳᠦᠯ ᠢ ᠨᠥᠯᠥᠭᠡᠯᠡᠳᠡᠭ᠃ ᠡᠭᠦᠨ ᠡᠴᠠ‌ᠭᠠᠳᠠᠨ᠎ᠠ᠂ ᠠᠷᠢᠬᠢ ᠤᠤᠭᠤᠬᠤ ᠨᠢ ᠪᠠᠰᠠ ᠤᠨᠠᠳᠠᠭ ᠡᠪᠡᠳᠴᠢᠨ ᠢ ᠡᠭᠦᠰᠭᠡᠵᠦ ᠮᠡᠳᠡᠨ᠎ᠡ᠃ ᠡᠶᠢᠮᠦ ᠠᠴᠠ ᠤᠨᠠᠳᠠᠭ ᠡᠪᠡᠳᠴᠢᠲᠡᠨ ᠠᠷᠢᠬᠢ ᠤᠤᠭᠤᠵᠦ ᠪᠤᠯᠬᠤ ᠦᠭᠡᠢ᠃                     7 . ᠴᠢᠰᠤᠨ ᠰᠢᠬᠢᠷ ᠢ ᠪᠠᠭᠤᠷᠠᠭᠤᠯᠬᠤ ᠡᠮ(降糖药)᠃ ᠴᠢᠰᠤᠨ ᠰᠢᠬᠢᠷ ᠢ           ᠪᠠᠭᠤᠷᠠᠭᠤᠯᠬᠤ ᠡᠮ ᠢ ᠤᠤᠭᠤᠵᠤ ᠪᠠᠶᠢᠬᠤ ᠬᠤᠭᠤᠴᠠᠭᠠᠨ ᠳᠤ ᠠᠷᠢᠬᠢ ᠤᠤᠭᠤᠪᠠᠯ᠂ ᠴᠢᠰᠤᠨ ᠰᠢᠬᠢᠷ ᠬᠦᠨᠳᠦ ᠨᠣᠴᠢᠲᠠᠶ ᠲᠤᠤᠷᠠᠳᠠᠬᠤ ᠪᠤᠶᠤ ᠰᠥᠷᠴᠦ ᠪᠣᠯᠤᠰᠢ ᠥᠬᠡᠶ ᠮᠡᠳᠡᠷᠡᠯ ᠤᠨ ᠰᠢᠰᠲ᠋ᠧᠮ ᠤᠨ ᠡᠪᠡᠳᠴᠢᠨ ᠤ ᠬᠤᠪᠢᠷᠠᠯᠲᠠ ᠭᠠᠷᠴᠤ ᠮᠡᠳᠡᠨ᠎ᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号