| | | | | | | 4 ᠳ᠋ᠦ᠋ᠭᠡᠷ ᠰᠠᠷ᠎ᠠ ᠶᠢᠨ 24 ᠤ ᠡᠳᠦᠷ᠂ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯ ᠤᠨ ᠬᠤᠷᠢᠶ᠎ᠠ ᠠᠴᠠ ᠣᠨᠣᠯ ᠰᠤᠷᠤᠯᠴᠠᠬᠤ ᠭᠤᠣᠯ ᠳᠤᠭᠤᠶᠢᠯᠠᠩ ᠤᠨ | ᠳᠥᠷᠪᠡᠳᠦᠭᠡᠷ ᠬᠤᠭᠤᠴᠠᠭᠠᠨ ᠤ ᠲᠤᠰᠬᠠᠢ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠢᠵᠦ᠂ ᠲᠤᠰ | ᠤᠳᠠᠭ᠎ᠠ ᠶᠢᠨ ᠬᠤᠷᠠᠯ ᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯ ᠤᠨ ᠬᠤᠷᠢᠶ᠎ᠠ ᠶᠢᠨ | ᠱᠦᠵᠢ ᠠᠴᠠ ᠡᠷᠭᠢᠯᠡᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯ ᠤᠨ | ᠬᠤᠷᠢᠶ᠎ᠠ ᠶᠢᠨ ᠣᠨᠣᠯ ᠰᠤᠷᠤᠯᠴᠠᠬᠤ ᠲᠥᠪ ᠤᠨ ᠳᠤᠭᠤᠶᠢᠯᠠᠩ ᠤᠨ ᠪᠦᠷᠢᠯᠳᠦᠭᠦᠨ ᠨᠠᠷ ᠣᠷᠣᠯᠴᠠᠵᠠᠢ᠃ | ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ | ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠰᠠᠨᠠᠭ᠎ᠠ ᠰᠣᠶᠣᠯ ᠤᠨ | ᠤᠬᠠᠭᠤᠯᠭ᠎ᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠣᠨ ᠪᠦᠭᠦ ᠤᠯᠤᠰ ᠤᠨ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ | ᠰᠤᠷᠤᠯᠴᠠᠬᠤ ᠶᠢᠨ ᠬᠠᠮᠲᠤ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢᠨ ᠲᠣᠭᠤᠷᠢᠨ ᠳᠤ ᠲᠤᠰᠬᠠᠢ | ᠰᠡᠳᠦᠪᠲᠦ ᠰᠤᠳᠤᠯᠤᠨ ᠶᠠᠷᠢᠯᠴᠠᠭ᠎ᠠ ᠬᠢᠵᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠨᠠᠮ ᠤᠨ ᠬᠠᠮᠢᠶᠠᠷᠤᠯᠲᠠ᠂ ᠨᠠᠮ ᠤᠨ ᠬᠠᠮᠢᠶᠠᠷᠤᠯᠲᠠ᠂ ᠤᠬᠠᠭᠤᠯᠭ᠎ᠠ᠂ ᠨᠠᠮ ᠤᠨ | ᠬᠠᠮᠢᠶᠠᠷᠤᠯᠲᠠ ᠦᠵᠡᠯ ᠤᠬᠠᠮᠰᠠᠷ ᠤᠨ ᠭᠡᠯᠪᠡᠷᠢ ᠶᠢ ᠲᠤᠭ ᠲᠡᠮᠳᠡᠭ ᠲᠣᠳᠣᠷᠬᠠᠢ ᠪᠠᠷ ᠪᠠᠷᠢᠮᠲᠠᠯᠠᠵᠤ᠂ ᠰᠣᠶᠣᠯ ᠤᠨ | ᠢᠲᠡᠭᠡᠯ ᠵᠣᠷᠢᠭ ᠪᠠ ᠥᠪᠡᠷᠲᠡᠭᠡᠨ ᠬᠦᠴᠦᠷᠬᠡᠭᠵᠢᠬᠦ ᠶᠢ ᠪᠠᠲᠤᠳᠬᠠᠵᠤ᠂ ᠺᠠᠳ᠋ᠷ ᠠᠵᠢᠯᠲᠠᠨ ᠠᠵᠢᠯᠴᠢᠨ ᠤ ᠤᠯᠤᠰ | ᠲᠥᠷᠥ ᠦᠵᠡᠯ ᠰᠠᠨᠠᠭ᠎ᠠ ᠨᠡᠩ ᠡᠷᠡᠰ ᠪᠠᠲᠤ᠂ ᠰᠣᠶᠣᠯ ᠤᠨ ᠣᠷᠴᠢᠨ ᠨᠥᠬᠦᠴᠡᠯ ᠨᠡᠩ ᠥᠳᠬᠡᠨ᠂ ᠳᠣᠲᠣᠭᠠᠳᠤ | ᠭᠠᠳᠠᠭᠠᠳᠤ ᠶᠢᠨ ᠣᠷᠴᠢᠨ ᠠᠬᠤᠢ ᠨᠡᠩ ᠭᠤᠶᠢᠳᠠ ᠰᠠᠶᠢᠬᠠᠨ᠂ ᠠᠵᠢᠯ ᠤᠨ ᠪᠣᠳᠠᠲᠤ ᠪᠦᠲᠦᠮᠵᠢ ᠨᠡᠩ ᠢᠯᠡᠳᠲᠡ᠂ | ᠣᠪᠣᠷ ᠰᠤᠷᠲᠠᠯ ᠰᠠᠬᠢᠯᠭ᠎ᠠ ᠪᠠᠲᠤ ᠨᠡᠩ ᠰᠢᠯᠢᠳᠡᠭ ᠪᠣᠯᠵᠤ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠣᠶᠤᠨ ᠰᠠᠨᠠᠭᠠᠨ ᠤ ᠲᠦᠰᠢᠭ ᠲᠤᠯᠭᠠᠭᠤᠷᠢ ᠬᠠᠩᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠢᠭᠡ ᠳᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠡᠯ᠎ᠡ ᠲᠥᠷᠥᠯ ᠤᠨ | ᠰᠤᠷᠤᠯᠴᠠᠨ ᠶᠠᠷᠢᠯᠴᠠᠬᠤ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠢ᠃ ᠠᠵᠢᠯ ᠤᠨ ᠪᠣᠳᠠᠲᠠᠢ ᠲᠠᠢ ᠪᠠᠨ | ᠤᠶᠠᠯᠳᠤᠭᠤᠯᠤᠨ᠂ ᠣᠨᠣᠯ ᠰᠤᠷᠤᠯᠴᠠᠬᠤ ᠭᠤᠣᠯ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ | ᠰᠡᠳᠦᠪᠲᠦ ᠨᠠᠮ ᠤᠨ ᠡᠳᠦᠷ ᠵᠡᠷᠭᠡ ᠭᠡᠯᠪᠡᠷᠢ ᠪᠠᠷ ᠳᠠᠮᠵᠢᠨ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢᠨ | ᠰᠤᠷᠤᠯᠴᠠᠯᠭ᠎ᠠ᠂ ᠰᠤᠳᠤᠯᠭᠠᠨ᠂ ᠲᠠᠶᠢᠯᠪᠤᠷᠢᠯᠠᠯᠲᠠ ᠶᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ ᠠᠵᠢᠯ ᠤᠨ ᠡᠯ᠎ᠡ | ᠲᠠᠯ᠎ᠠ᠂ ᠪᠦᠭᠦ ᠶᠠᠪᠤᠴᠠ ᠳᠤ ᠤᠬᠠᠮᠰᠠᠷ ᠠᠴᠠ ᠪᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ | ᠦᠶ᠎ᠡ ᠳᠤ ᠬᠦᠴᠦᠯᠡᠨ ᠲᠠᠪᠰᠢᠬᠤ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠲᠠᠰᠤᠷᠠᠯᠲᠠ ᠦᠭᠡᠢ | ᠪᠠᠬᠢᠵᠢᠭᠦᠯᠦᠨ ᠪᠤᠵᠠᠭᠠᠶᠢᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠶᠡᠬᠡᠪᠡᠷ | ᠪᠠᠳᠠᠷᠠᠭᠤᠯᠬᠤ ᠪᠠ ᠦᠢᠯᠡᠳᠦᠯᠭᠡᠵᠢᠭᠦᠯᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠠᠷᠢᠬᠢ | ᠲᠣᠯᠣᠭᠠᠢ ᠳᠤ ᠬᠠᠳᠠᠩᠰᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠤᠶᠠᠷ ᠲᠤ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠥᠷᠭᠡᠨ ᠣᠯᠠᠨ ᠨᠠᠮ ᠤᠨ ᠭᠡᠰᠢᠭᠦᠨ ᠢ ᠲᠡᠦᠬᠡ | ᠮᠡᠳᠡᠯᠭᠡ ᠶᠢ ᠣᠶᠢᠯᠠᠭᠠᠨ ᠨᠠᠮ ᠢᠶᠠᠨ ᠬᠠᠶᠢᠷᠠᠯᠠᠬᠤ᠂ ᠲᠡᠦᠬᠡ ᠮᠡᠳᠡᠯᠭᠡ ᠶᠢᠡᠷ ᠡᠬᠡ ᠣᠷᠣᠨ ᠢᠶᠠᠨ ᠬᠠᠶᠢᠷᠠᠯᠠᠬᠤ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠲᠠᠰᠤᠷᠠᠯᠲᠠ ᠦᠭᠡᠢ | ᠪᠠᠲᠤᠳᠬᠠᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠳᠡᠪᠬᠢᠲᠡᠢ ᠪᠠᠷ | ᠪᠣᠶᠢᠵᠢᠭᠤᠯᠤᠨ ᠦᠢᠯᠡᠳᠦᠯᠭᠡᠵᠢᠭᠦᠯᠵᠦ᠂ ᠢᠷᠠᠭᠤ ᠠᠯᠳᠠᠷ ᠪᠠ ᠢᠴᠢᠭᠦᠷᠢ ᠭᠤᠲᠤᠮᠰᠢᠭ ᠢ ᠮᠡᠳᠡᠬᠦ᠂ ᠲᠥᠪ ᠰᠤᠷᠲᠠᠯ ᠢ | ᠡᠷᠭᠢᠮᠯᠡᠭᠦ᠂ ᠬᠤᠪᠢ ᠨᠡᠮᠡᠷᠢ ᠦᠵᠡᠭᠦᠯᠭᠦ᠂ ᠡᠶ᠎ᠡ ᠵᠣᠬᠢᠴᠠᠯ ᠢ ᠠᠬᠢᠭᠤᠯᠬᠤ ᠰᠠᠶᠢᠨ ᠰᠠᠶᠢᠬᠠᠨ ᠬᠡᠪ ᠰᠤᠷᠲᠠᠯ ᠢ ᠪᠤᠢ | ᠪᠤᠯᠭᠠᠬᠤ ᠬᠡᠷᠡᠭᠲᠡᠢ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠪᠠᠷ ᠬᠡᠷᠡᠭᠵᠢᠭᠦᠯᠵᠦ᠂ | ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠣᠯᠠᠨ ᠲᠦᠮᠡᠨ ᠤ ᠡᠭᠦᠳᠡᠨ ᠳᠤ ᠪᠠᠶᠢᠭᠤᠯᠤᠨ᠂ | ᠠᠵᠢᠯᠯᠠᠭ᠎ᠠ ᠶᠢ ᠰᠡᠳᠬᠢᠯ ᠤᠨ ᠭᠦᠨ ᠳᠤ ᠬᠦᠷᠭᠡᠨ᠂ ᠠᠷᠠᠳ ᠣᠯᠠᠨ ᠤ ᠣᠶᠤᠨ ᠤ ᠰᠣᠶᠣᠯ ᠤᠨ ᠠᠮᠢᠳᠤᠷᠠᠯ ᠤᠨ | ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃ ᠭᠤᠷᠪᠠ ᠳᠤ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭ ᠢ ᠪᠤᠢ | ᠪᠤᠯᠭᠠᠬᠤ ᠶᠢᠨ ᠴᠢᠬᠤᠯᠠ ᠠᠴᠢ ᠬᠤᠯᠪᠣᠭᠳᠠᠯ ᠢ ᠡᠷᠴᠢᠮᠲᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠰᠢᠵᠢᠮ ᠪᠣᠯᠭᠠᠨ ︽ᠤᠮᠠᠷᠠᠲᠤ | ᠬᠢᠯᠢ ᠶᠢᠨ ᠰᠣᠶᠣᠯ︾ ᠤᠨ ᠤᠬᠠᠭᠤᠯᠤᠨ ᠬᠥᠲᠥᠯᠥᠨ ᠳᠠᠭᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ | ᠬᠢᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠯᠠᠪᠳᠠᠭᠤᠨ ᠪᠠᠲᠤᠲᠠᠢ ᠠᠯᠬᠤᠮ ᠢ ᠠᠯᠬᠤᠬᠤ ᠶᠢ | ᠬᠦᠴᠦᠯᠡᠨ ᠠᠬᠢᠭᠤᠯᠬᠤ ᠬᠡᠷᠡᠭᠲᠡᠢ᠃ ᠳᠥᠷᠪᠡ ᠳᠤ᠂ ᠰᠠᠨᠠᠭᠠᠴᠢᠯᠠᠭᠠᠲᠤ ᠦᠵᠡᠯ ᠤᠬᠠᠮᠰᠠᠷ ᠢᠶᠠᠨ ᠴᠢᠩᠭᠠᠳᠬᠠᠵᠤ᠂ | ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠬᠡᠷᠡᠭᠲᠡᠢ᠃ ᠺᠠᠳ᠋ᠷ | ᠣᠯᠠᠨ ᠲᠦᠮᠡᠨ ᠢᠶᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠠᠮ ᠤᠨ ᠲᠥᠪ ᠬᠤᠷᠢᠶᠠᠨ ᠤ ᠱᠤᠭᠤᠮ | ᠴᠢᠭᠯᠡᠯᠲᠡ ᠲᠥᠷᠥ ᠶᠢᠨ ᠪᠣᠳᠣᠯᠭ᠎ᠠ ᠶᠢᠨ ᠲᠠᠯ᠎ᠠ ᠳᠤ ᠦᠨᠡᠨᠬᠦ ᠨᠢᠭᠡᠳᠬᠡᠬᠦ ᠬᠡᠷᠡᠭᠲᠡᠢ ᠭᠡᠯᠡ᠃ | |