ᠠᠮᠢᠲᠠᠨ ᠤ ᠬᠢᠵᠢᠭ ᠰᠡᠷᠭᠡᠶᠢᠯᠡᠬᠦ ︽ᠤᠷᠢᠳᠴᠢᠯᠠᠨ ᠰᠡᠷᠭᠡᠶᠢᠯᠡᠬᠦ ᠵᠡᠭᠦᠦ︾ ᠶᠢ ᠰᠠᠶᠢᠲᠤᠷ ᠭᠦᠢᠴᠡᠳᠬᠡᠬᠦ ᠠᠵᠢᠯ ᠢ ᠪᠠᠲᠤᠯᠠᠪᠠ
ᠨᠡᠶᠢᠲᠡᠯᠡᠭᠰᠡᠨ ᠴᠠᠭ᠄
2024/5/28
      2024 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ ᠠᠴᠠ ᠡᠬᠢᠯᠡᠨ ᠪᠠᠶᠠᠨᠬᠤᠲᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠡᠯ᠎ᠡ ᠦᠨᠳᠦᠰᠦᠨ ᠱᠠᠲᠤᠨ ᠤ ᠬᠢᠵᠢᠭ ᠰᠡᠷᠭᠡᠶᠢᠯᠡᠭᠴᠢ ᠶᠢ ᠵᠣᠬᠢᠶᠠᠨ ᠪᠠᠶᠢᠭᠤᠯᠤᠨ ᠭᠠᠴᠠᠭ᠎ᠠ ᠳᠤ ᠭᠦᠨᠵᠡᠭᠡᠶᠢᠷᠡᠭᠦᠯᠵᠦ᠂ ᠡᠷᠦᠭᠡ ᠳᠠᠷᠠᠭᠠᠯᠠᠨ ᠨᠠᠷᠢᠪᠴᠢᠯᠠᠨ ᠪᠠᠶᠢᠴᠠᠭᠠᠵᠤ᠂ ᠠᠮᠢᠲᠠᠨ ᠤ ᠬᠢᠵᠢᠭ ᠰᠡᠷᠭᠡᠶᠢᠯᠡᠬᠦ ︽ᠤᠷᠢᠳᠴᠢᠯᠠᠨ ᠰᠡᠷᠭᠡᠶᠢᠯᠡᠬᠦ ᠵᠡᠭᠦᠦ︾ ᠶᠢ ᠰᠠᠶᠢᠲᠤᠷ ᠭᠦᠢᠴᠡᠳᠬᠡᠬᠦ ᠠᠵᠢᠯ ᠢ ᠪᠠᠲᠤᠯᠠᠪᠠ᠃ ᠠᠵᠢᠯ ᠤᠨ ᠳᠤᠮᠳᠠ ᠬᠠᠷᠢᠶ᠎ᠠ ᠣᠷᠣᠨ ᠤ ᠪᠠᠨ ᠮᠠᠯ ᠵᠢᠭᠦᠷᠲᠡᠨ ᠤ ᠰᠢᠯᠦᠬᠡᠢ ᠡᠪᠡᠳᠴᠢᠨ᠂ ᠮᠠᠯ ᠤᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠬᠢᠵᠢᠭ ᠡᠪᠡᠳᠴᠢᠨ ᠳᠤ ᠭᠤᠣᠯᠳᠠᠯᠭ᠎ᠠ ᠲᠠᠢ ᠳᠠᠷᠬᠠᠯᠠᠭ᠎ᠠ ᠶᠢ ᠭᠦᠢᠴᠡᠳᠬᠡᠭᠰᠡᠨ ᠪᠠᠶᠢᠨ᠎ᠠ᠃ ᠬᠢᠵᠢᠭ ᠰᠡᠷᠭᠡᠶᠢᠯᠡᠭᠴᠢ ᠠᠴᠠ ᠦᠯᠦ ᠬᠠᠯᠳᠠᠭᠠᠬᠤ ᠶᠠᠪᠤᠴᠠ ᠳᠤ ᠲᠡᠵᠢᠭᠡᠨ ᠦᠷᠡᠵᠢᠭᠦᠯᠬᠦ ᠡᠷᠦᠭᠡ ᠳᠤ ᠰᠠᠷᠠᠪᠴᠢ ᠶᠢᠨ ᠠᠷᠢᠭᠤᠳᠤᠯᠲᠠ ᠪᠠᠨ ᠴᠢᠩᠭᠠᠳᠬᠠᠵᠤ᠂ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠦᠨᠡᠨᠬᠦ ᠪᠠᠲᠤᠯᠠᠬᠤ ᠶᠢᠨ ᠬᠠᠮᠲᠤ ︽ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠤᠬᠠᠭᠤᠯᠭ᠎ᠠ ᠶᠢᠨ ᠳᠡᠪᠲᠡᠷ︾ ᠢ 260 ᠭᠠᠷᠤᠢ ᠬᠤᠪᠢ ᠲᠠᠷᠬᠠᠭᠠᠨ ᠥᠭᠪᠡ᠃ ᠬᠢᠵᠢᠭ ᠦᠯᠦ ᠬᠠᠯᠳᠠᠭᠠᠬᠤ ᠠᠵᠢᠯ ᠤᠨ ᠲᠤᠬᠠᠢ ᠲᠡᠵᠢᠭᠡᠨ ᠦᠷᠡᠵᠢᠭᠦᠯᠬᠦ ᠡᠷᠦᠭᠡ ᠶᠢᠨ ᠲᠠᠨᠢᠯᠲᠠ ᠶᠢ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ ᠡᠷᠦᠭᠡ ᠶᠢᠨ ᠦᠯᠦ ᠬᠠᠯᠳᠠᠭᠠᠯᠲᠠ ᠬᠢᠬᠦ ᠳᠤ ᠢᠳᠡᠪᠬᠢᠲᠡᠢ ᠬᠠᠮᠵᠢᠯᠴᠠᠬᠤ ᠶᠢ ᠠᠬᠢᠭᠤᠯᠵᠤ᠂ ᠬᠢᠵᠢᠭ ᠦᠯᠦ ᠬᠠᠯᠳᠠᠭᠠᠬᠤ ᠠᠵᠢᠯ ᠤᠨ ᠤᠷᠤᠭᠰᠢᠲᠠᠢ ᠥᠷᠨᠢᠬᠦ ᠶᠢ ᠪᠠᠲᠤᠯᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号