4 ᠳ᠋ᠦ᠋ᠭᠡᠷ ᠰᠠᠷ᠎ᠠ ᠶᠢᠨ 18 ᠡᠳᠦᠷ᠂ ᠰᠢᠨᠡᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠨᠡᠶᠢᠭᠡᠮ ᠲᠣᠭᠤᠷᠢᠭ 2024 ᠣᠨ ᠤ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠵᠡᠢ᠃ | | | | | | ᠬᠤᠷᠠᠯ ᠢ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠨ ᠲᠢᠶᠠᠨ ᠨᠡᠶᠢᠭᠡᠮ | ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠭᠢᠯᠡᠭᠴᠢ ᠡᠷᠭᠢᠯᠡᠵᠡᠢ᠃ | ᠬᠤᠷᠠᠯ ᠠᠴᠠ ᠲᠦᠷᠦᠭᠦᠦ ᠵᠢᠯ ᠤᠨ ᠨᠠᠨᠲᠢᠶᠠᠨ ᠨᠡᠶᠢᠭᠡᠮ ᠲᠣᠭᠤᠷᠢᠭ ᠪᠣᠯᠣᠨ ᠡᠯ᠎ᠡ ᠠᠭᠤᠰᠤᠯᠴᠠᠭᠰᠠᠨ ᠨᠠᠮ ᠤᠨ | ᠪᠠᠶᠢᠭᠤᠯᠤᠯᠲᠠ ᠶᠢᠨ ᠨᠢᠭᠡᠴᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠡᠷᠭᠢᠴᠡᠭᠦᠯᠬᠦ ᠶᠢᠨ ᠬᠠᠮᠲᠤ᠂ ᠨᠠᠮ ᠤᠨ | ᠪᠠᠶᠢᠭᠤᠯᠤᠯᠲᠠ ᠶᠢᠨ ᠡᠯ᠎ᠡ ᠪᠠᠶᠢᠭᠤᠯᠭ᠎ᠠ ᠲᠠᠢ ᠠᠭᠤᠰᠤᠯᠴᠠᠭᠰᠠᠨ ᠨᠢᠭᠡᠴᠢ ᠨᠡᠶᠢᠭᠡᠮ ᠲᠣᠭᠤᠷᠢᠭ ᠤᠨ ᠳᠡᠮᠵᠢᠯᠭᠡ | ᠦᠵᠡᠭᠦᠯᠦᠭᠰᠡᠨ ᠳᠤ ᠲᠠᠯᠠᠷᠬᠠᠵᠤ ᠪᠠᠶᠢᠭ᠎ᠠ ᠪᠠᠨ ᠢᠯᠡᠳᠬᠡᠪᠡ᠃ ᠳᠠᠷᠠᠭ᠎ᠠ ᠨᠢ᠂ ᠡᠯ᠎ᠡ ᠠᠭᠤᠰᠤᠯᠴᠠᠭᠰᠠᠨ ᠨᠠᠮ ᠤᠨ | ᠪᠠᠶᠢᠭᠤᠯᠤᠯᠲᠠ ᠶᠢᠨ ᠨᠢᠭᠡᠴᠢ ᠨᠡᠶᠢᠭᠡᠮ ᠲᠣᠭᠤᠷᠢᠭ ᠯᠤᠭ᠎ᠠ ︽ᠬᠠᠮᠲᠤᠪᠠᠷ ᠪᠠᠶᠢᠭᠤᠯᠬᠤ ᠵᠥᠪᠯᠡᠯᠴᠡᠭᠡᠷ ᠤᠨ ᠪᠢᠴᠢᠭ︾ | ᠲᠣᠭᠲᠠᠬᠤ ᠶᠢᠨ ᠬᠠᠮᠲᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠬᠠᠮᠲᠤᠪᠠᠷ ᠪᠠᠶᠢᠭᠤᠯᠬᠤ᠂ ᠰᠠᠶᠢᠨ | ᠳᠤᠷ᠎ᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠭᠤᠣᠯᠯᠠᠭᠤᠯᠤᠨ ᠢᠳᠡᠪᠬᠢᠲᠡᠢ ᠪᠠᠷ ᠶᠠᠷᠢᠯᠴᠠᠵᠤ᠂ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠵᠤ᠂ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ᠂ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ᠂ ᠨᠢᠭᠡ ᠬᠤᠣᠰ ᠨᠢᠭᠡ ᠬᠠᠪᠰᠤᠷᠤᠨ ᠲᠡᠳᠬᠦᠬᠦ | ᠨᠠᠷᠢᠨ ᠬᠠᠭᠤᠳᠠᠰᠤ ︽ᠭᠤᠷᠪᠠᠨ ᠨᠠᠷᠢᠨ ᠬᠠᠭᠤᠳᠠᠰᠤ︾ ᠶᠢ ᠢᠳᠡᠪᠬᠢᠲᠡᠢ ᠲᠠᠨᠢᠵᠤ ᠠᠪᠬᠤ ᠬᠡᠷᠡᠭᠲᠡᠢ᠃ ᠲᠤᠰ | ᠤᠳᠠᠭᠠᠨ ᠤ ᠬᠠᠮᠲᠤᠷᠠᠭᠰᠠᠨ ᠬᠤᠷᠠᠯ ᠤᠨ ᠬᠤᠷᠠᠯᠳᠤᠭᠰᠠᠨ ᠨᠢ ᠨᠠᠠᠲ᠋ᠢᠶᠠᠨ ᠨᠡᠶᠢᠭᠡᠮ ᠲᠣᠭᠤᠷᠢᠭ ᠤᠨ ︽ᠨᠠᠮ ᠤᠨ | ᠪᠠᠶᠢᠭᠤᠯᠤᠯᠲᠠ + ᠳᠥᠷᠪᠡᠨ ᠵᠠᠰᠠᠯᠲᠠ ᠶᠢ ᠠᠭᠤᠰᠤᠯᠴᠠᠭᠤᠯᠬᠤ︾ ᠶᠢᠨ ᠨᠡᠶᠢᠭᠡᠮ ᠲᠣᠭᠤᠷᠢᠭ ᠤᠨ ᠵᠠᠰᠠᠨ ᠴᠡᠭᠴᠡᠯᠡᠬᠦ | ᠬᠡᠪ ᠵᠠᠭᠪᠤᠷ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ︽ᠳᠥᠷᠪᠡᠨ ᠵᠠᠰᠠᠯᠲᠠ ᠬᠦᠴᠦ ᠪᠠᠨ | ᠬᠠᠮᠲᠤᠳᠬᠠᠭᠰᠠᠨ ᠠᠮᠤᠷ ᠠᠮᠤᠭᠤᠯᠠᠩ ᠭᠤᠳᠤᠮᠵᠢ︾ ᠶᠢᠨ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠷᠥᠯ | ᠲᠡᠮᠳᠡᠭ ᠢ ᠲᠠᠰᠤᠷᠠᠯᠲᠠ ᠦᠭᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃ ᠬᠤᠶᠢᠰᠢᠳᠠ ᠶᠢᠨ | ᠠᠵᠢᠯ ᠳᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠦᠷᠭᠦᠯᠵᠢᠯᠡᠨ ᠨᠠᠮ ᠤᠨ ᠪᠠᠶᠢᠭᠤᠯᠤᠯᠲᠠ ᠲᠠᠢ | ᠤᠶᠠᠯᠳᠤᠭᠤᠯᠬᠤ ᠪᠠᠷ ᠬᠤᠯᠪᠣᠭᠠᠰᠤ ᠪᠤᠯᠭᠠᠵᠤ᠂ ᠬᠠᠷᠢᠯᠴᠠᠨ ᠬᠤᠯᠪᠣᠯᠴᠠᠬᠤ ᠪᠠᠷ ᠭᠠᠷᠳᠠᠴᠠ ᠪᠣᠯᠭᠠᠨ᠂ ᠰᠢᠨ᠎ᠡ ᠶᠢ | ᠡᠭᠦᠳᠬᠦ ᠠᠵᠢᠯ ᠤᠨ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ᠬᠡᠷᠡᠭᠴᠡᠭᠡ ᠱᠠᠭᠠᠷᠳᠠᠯᠭ᠎ᠠ ᠪᠣᠯᠣᠨ ᠡᠬᠢ | ᠪᠠᠶᠠᠯᠢᠭ ᠤᠨ ᠪᠦᠲᠦᠮᠵᠢᠲᠡᠢ ᠵᠣᠯᠭᠠᠯᠴᠠᠭ᠎ᠠ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ | ᠵᠠᠰᠠᠯᠲᠠ ᠶᠢᠨ ᠰᠢᠨ᠎ᠡ ᠪᠠᠶᠢᠳᠠᠯ ᠢ ᠬᠦᠴᠦ ᠬᠠᠮᠲᠤᠳᠬᠠᠨ ᠡᠬᠢᠯᠡᠭᠦᠯᠦᠨ᠎ᠡ᠃ | |