ᠨᠣᠮ ᠤᠩᠰᠢᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/28
     4 ᠳ᠋ᠦ᠋ᠭᠡᠷ ᠰᠠᠷ᠎ᠠ ᠶᠢᠨ 23 ᠤ ᠡᠳᠦᠷ᠂ ᠦᠨᠳᠦᠰᠦᠲᠡᠨ ᠤ ᠵᠡᠭᠡᠯᠢ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ᠂ ᠡᠪᠯᠡᠯ ᠤᠨ ᠡᠭᠦᠷ ᠨᠣᠮ ᠤᠩᠰᠢᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃       ᠨᠡᠶᠢᠭᠡᠮ ᠲᠣᠭᠤᠷᠢᠭ ᠤᠨ ᠠᠵᠢᠯᠲᠠᠳ ᠳᠡᠯᠡᠬᠡᠢ ᠶᠢᠨ ᠨᠣᠮ ᠤᠩᠰᠢᠬᠤ ᠡᠳᠦᠷ ᠤᠨ ᠢᠷᠡᠯᠲᠡ ᠵᠢᠴᠢ ᠠᠵᠢᠯᠯᠠᠭ᠎ᠠ ᠶᠢᠨ ᠠᠴᠢ ᠬᠤᠯᠪᠣᠭᠳᠠᠯ ᠢ ᠡᠷᠬᠢᠮᠨᠡᠨ ᠶᠠᠷᠢᠵᠤ᠂ ᠣᠯᠠᠨ ᠲᠦᠮᠡᠨ ᠤ ᠨᠣᠮ ᠤᠩᠰᠢᠬᠤ ᠤᠷᠮ᠎ᠠ ᠵᠣᠷᠢᠭ ᠢ ᠬᠥᠭᠵᠢᠭᠡᠵᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠦᠷ ᠥᠪᠡᠷ ᠤᠨ ᠳᠤᠷ᠎ᠠ ᠪᠠᠬ᠎ᠠ ᠲᠠᠢ ᠨᠣᠮ ᠢᠶᠠᠨ ᠰᠣᠩᠭᠤᠵᠤ ᠣᠯᠠᠨ ᠲᠠᠢ ᠨᠣᠮ ᠤᠩᠰᠢᠬᠤ ᠪᠠᠶᠠᠷ ᠪᠠᠶᠠᠰᠤᠯ ᠢᠶᠠᠨ ᠬᠤᠪᠢᠶᠠᠯᠴᠠᠪᠠ᠃ ᠡᠨᠡ ᠤᠳᠠᠭ᠎ᠠ ᠶᠢᠨ ᠨᠣᠮ ᠤᠩᠰᠢᠬᠤ ᠠᠵᠢᠯᠯᠠᠭ᠎ᠠ ᠨᠢ ᠣᠷᠣᠰᠢᠨ ᠰᠠᠭᠤᠭᠴᠢᠳ ᠤᠨ ᠣᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠮᠥᠨ ᠬᠥᠷᠰᠢ ᠰᠠᠭᠠᠬᠠᠯᠲᠠ ᠶᠢᠨ ᠬᠤᠭᠤᠷᠣᠨᠳᠤ ᠶᠢᠨ ᠬᠠᠷᠢᠯᠴᠠᠭ᠎ᠠ᠂ ᠨᠠᠶᠢᠷᠠᠮᠳᠠᠯ ᠢ ᠵᠤᠵᠠᠭᠠᠳᠬᠠᠵᠠᠢ᠃ ᠬᠤᠶᠢᠰᠢᠳᠠ ᠶᠢᠨ ᠠᠵᠢᠯ ᠳᠤ᠂ ᠦᠨᠳᠦᠰᠦᠲᠡᠨ ᠤ ᠵᠡᠭᠡᠯᠢ ᠨᠡᠶᠢᠭᠡᠮ ᠲᠣᠭᠤᠷᠢᠭ ᠨᠢ ᠨᠡᠶᠢᠭᠡᠮ ᠲᠣᠭᠤᠷᠢᠭ ᠤᠨ ᠰᠣᠶᠣᠯ ᠤᠨ ᠣᠨᠴᠠᠯᠢᠭᠲᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号