ᠪᠠᠶᠠᠨᠬᠤᠲᠠ ᠪᠠᠯᠭᠠᠰᠤᠨ ᠤ ᠠᠵᠢᠯ
ᠨᠡᠶᠢᠲᠡᠯᠡᠭᠰᠡᠨ ᠴᠠᠭ᠄
2024/5/28
     4 ᠳ᠋ᠦ᠋ᠭᠡᠷ ᠰᠠᠷ᠎ᠠ ᠶᠢᠨ 18 ᠤ ᠡᠳᠦᠷ᠂ ᠪᠠᠶᠠᠨᠬᠤᠲᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠨᠢ ᠬᠤᠰᠢᠭᠤ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠨᠠᠨ ᠲᠢᠶᠠᠨ ᠲᠣᠰᠬᠤᠨ ᠤ ᠡᠯ᠎ᠡ ᠵᠢᠵᠢᠭ ᠴᠥᠭᠦᠷᠥᠮ ᠢ ᠲᠣᠭᠤᠷᠢᠨ ᠪᠠᠶᠢᠴᠠᠭᠠᠵᠤ᠂ ᠠᠮᠤᠷ ᠲᠦᠪᠰᠢᠨ ᠤ ᠪᠣᠯᠵᠣᠰᠢ ᠦᠭᠡᠢ ᠠᠶᠤᠯ ᠢ ᠤᠷᠢᠳᠴᠢᠯᠠᠨ ᠨᠠᠷᠢᠪᠴᠢᠯᠠᠨ ᠪᠠᠶᠢᠴᠠᠭᠠᠵᠠᠢ᠃       4 ᠳ᠋ᠦ᠋ᠭᠡᠷ ᠰᠠᠷ᠎ᠠ ᠶᠢᠨ 15 ᠤ ᠡᠳᠦᠷ᠂ ᠪᠠᠶᠠᠨᠬᠤᠲᠠ ᠪᠠᠯᠭᠠᠰᠤ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃            4 ᠳ᠋ᠦ᠋ᠭᠡᠷ ᠰᠠᠷ᠎ᠠ ᠶᠢᠨ 15 ᠤ ᠡᠳᠦᠷ᠂ ᠪᠠᠶᠠᠨᠬᠤᠲᠠ ᠪᠠᠯᠭᠠᠰᠤ 2024 ᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠵᠢᠴᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠬᠤᠲᠠ ᠶᠢ ᠪᠠᠬᠢᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃            4 ᠳ᠋ᠦ᠋ᠭᠡᠷ ᠰᠠᠷ᠎ᠠ ᠶᠢᠨ 15 ᠤ ᠡᠳᠦᠷ᠂ ᠪᠠᠶᠠᠨᠬᠤᠲᠠ ᠪᠠᠯᠭᠠᠰᠤᠨ ᠤ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ︽ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ 10 ᠵᠢᠯ ᠤᠨ ᠣᠢ︾ ᠶᠢᠨ ᠭᠤᠣᠯ ᠰᠡᠳᠦᠪ ᠤᠨ ᠲᠣᠭᠤᠷᠢᠨ ᠳᠤ᠂ ᠣᠯᠠᠨ ᠵᠦᠢᠯ ᠤᠨ ᠭᠡᠯᠪᠡᠷᠢ ᠪᠠᠷ ᠳᠠᠮᠵᠢᠭᠤᠯᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠡᠢ᠃            4 ᠳ᠋ᠦ᠋ᠭᠡᠷ ᠰᠠᠷ᠎ᠠ ᠶᠢᠨ 17 ᠤ ᠡᠳᠦᠷ᠂ ᠪᠠᠶᠠᠨᠬᠤᠲᠠ ᠪᠠᠯᠭᠠᠰᠤᠨ ᠤ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤᠭᠤᠶᠢᠯᠠᠩ ᠪᠠᠶᠢᠭᠤᠯᠤᠨ ᠭᠡᠷᠯᠢᠭ ᠭᠤᠣᠯ ᠤᠨ ᠳᠠᠩ᠂ ᠲᠤᠩᠭᠠᠯᠠᠭ ᠨᠠᠭᠤᠷ ᠤᠨ ᠤᠰᠤᠯᠠᠯᠲᠠ ᠶᠢᠨ ᠣᠷᠣᠨ ᠵᠢᠴᠢ ᠲᠠᠷᠢᠶᠠᠴᠢᠨ ᠠᠶᠢᠯ ᠡᠷᠦᠭᠡ ᠳᠤ ᠭᠦᠨᠵᠡᠭᠡᠶᠢᠷᠡᠨ ᠬᠠᠮᠢᠶ᠎ᠠ ᠪᠦᠬᠦᠢ ᠪᠠᠶᠢᠳᠠᠯ ᠢ ᠣᠶᠢᠯᠠᠭᠠᠭᠤᠯᠬᠤ ᠶᠢᠨ ᠬᠠᠮᠲᠤ᠂ ᠪᠠᠶᠠᠨᠬᠤᠲᠠ ᠪᠠᠯᠭᠠᠰᠤᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠂ ᠬᠠᠮᠢᠶ᠎ᠠ ᠪᠦᠬᠦᠢ ᠭᠠᠴᠠᠭ᠎ᠠ ᠲᠣᠰᠬᠤᠨ ᠳᠤ ᠬᠦᠷᠴᠦ᠂ 2024 ᠣᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠠᠵᠢᠯ ᠤᠨ ᠲᠤᠬᠠᠢ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃            4 ᠳ᠋ᠦ᠋ᠭᠡᠷ ᠰᠠᠷ᠎ᠠ ᠶᠢᠨ 17 ᠤ ᠡᠳᠦᠷ᠂ ᠪᠠᠶᠠᠨᠬᠤᠲᠠ ᠪᠠᠯᠭᠠᠰᠤᠨ ᠤ ᠬᠢᠨ ᠬᠠᠷᠢᠶᠠᠲᠤ ᠲᠣᠭᠤᠷᠢᠭ ᠤᠨ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠤᠯ ᠢ ᠵᠠᠰᠠᠨ ᠴᠡᠭᠴᠡᠯᠡᠬᠦ︾ ᠶᠢ ᠦᠷᠭᠦᠯᠵᠢᠯᠡᠨ ᠵᠠᠰᠠᠨ ᠴᠡᠭᠴᠡᠯᠡᠬᠦ ᠲᠤᠰᠬᠠᠢ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃            4 ᠳ᠋ᠦ᠋ᠭᠡᠷ ᠰᠠᠷ᠎ᠠ ᠶᠢᠨ 19 ᠤ ᠡᠳᠦᠷ᠂ ᠪᠠᠶᠠᠨᠬᠤᠲᠠ ᠪᠠᠯᠭᠠᠰᠤ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠲᠠᠢ ᠢᠳᠡᠪᠬᠢᠲᠡᠢ ᠬᠠᠮᠵᠢᠯᠴᠠᠨ ︽ᠠᠯᠠᠱᠠ ᠵᠡᠭᠦᠨ ᠬᠤᠰᠢᠭᠤᠨ ᠤ ᠶᠠᠳᠠᠭᠤ ᠶᠢ ᠲᠡᠳᠬᠦᠬᠦ ᠣᠶᠢᠯᠠᠯᠭ᠎ᠠ︾  ᠶᠢ ᠨᠠᠶᠢᠷᠠᠭᠤᠯᠤᠨ ᠪᠢᠴᠢᠭᠰᠡᠨ ᠮᠠᠲ᠋ᠧᠷᠢᠶᠠᠯ ᠢ ᠴᠤᠭᠯᠠᠭᠤᠯᠬᠤ ᠪᠠ ᠡᠮᠬᠢᠳᠬᠡᠬᠦ ᠠᠵᠢᠯ ᠢ ᠯᠠᠪᠳᠠᠭᠤᠨ ᠢᠶᠠᠷ ᠥᠷᠨᠢᠭᠦᠯᠪᠡ            4 ᠳ᠋ᠦ᠋ᠭᠡᠷ ᠰᠠᠷ᠎ᠠ ᠶᠢᠨ 18 ᠤ ᠡᠳᠦᠷ᠂ ᠪᠠᠶᠠᠨᠬᠤᠲᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠨᠢ ᠲᠥᠬᠦᠭᠡᠷᠦᠮᠵᠢ ᠳᠤ ᠬᠡᠷᠡᠭᠯᠡᠬᠦ ᠭᠠᠵᠠᠷ ᠰᠢᠷᠣᠢ ᠶᠢᠨ ᠳᠥᠷᠪᠡᠨ ᠬᠦᠷᠢᠶ᠎ᠡ ᠬᠡᠪᠴᠢᠶᠡᠨ ᠳᠤ ᠲᠤᠬᠠᠢ ᠶᠢᠨ ᠲᠠᠯᠠᠪᠠᠢ ᠳᠤ ᠬᠦᠷᠴᠦ ᠬᠢᠨᠠᠨ ᠪᠠᠶᠢᠴᠠᠭᠠᠬᠤ ᠠᠵᠢᠯ ᠥᠷᠨᠢᠭᠦᠯᠪᠡ᠃            4 ᠳ᠋ᠦ᠋ᠭᠡᠷ ᠰᠠᠷ᠎ᠠ ᠶᠢᠨ 18 ᠤ ᠡᠳᠦᠷ᠂ ᠪᠠᠶᠠᠨᠬᠤᠲᠠ ᠪᠠᠯᠭᠠᠰᠤᠨ ᠤ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠭᠠᠴᠠᠭᠠᠨ ᠳᠤ ᠬᠦᠷᠴᠦ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠶᠢᠴᠠᠭᠠᠪᠠ            4 ᠳ᠋ᠦ᠋ᠭᠡᠷ ᠰᠠᠷ᠎ᠠ ᠶᠢᠨ 19 ᠤ ᠡᠳᠦᠷ᠂ ᠪᠠᠶᠠᠨᠬᠤᠲᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠲᠠᠷᠢᠶᠠᠯᠠᠩ ᠤᠨ ᠤᠰᠤᠯᠠᠯᠲᠠ ᠶᠢᠨ ᠣᠷᠣᠨ ᠤ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠪᠠ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃            4 ᠳ᠋ᠦ᠋ᠭᠡᠷ ᠰᠠᠷ᠎ᠠ ᠶᠢᠨ 19 ᠤ ᠡᠳᠦᠷ᠂ ᠪᠠᠶᠠᠨᠬᠤᠲᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠮᠵᠢᠯᠴᠠᠨ ᠪᠠᠯᠭᠠᠰᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠢ ᠲᠦᠨᠭᠦᠷ ᠣᠷᠣᠨ ᠳᠤ ᠣᠴᠢᠭᠤᠯᠵᠤ ᠤᠰᠤ ᠠᠷᠪᠢᠯᠠᠬᠤ ᠬᠡᠮᠵᠢᠯᠲᠡ ᠶᠢᠨ ᠲᠥᠬᠦᠭᠡᠷᠦᠮᠵᠢ ᠤᠭᠰᠠᠷᠠᠭᠰᠠᠨ ᠪᠠᠶᠢᠳᠠᠯ ᠢ ᠪᠠᠶᠢᠴᠠᠭᠠᠵᠤ᠂ ᠬᠤᠰᠢᠭᠤ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠪᠠᠯᠭᠠᠰᠤ ᠶᠢᠨ ᠬᠠᠷᠢᠶᠠᠲᠤ ᠣᠷᠣᠨ ᠤ ᠠᠵᠤ ᠠᠬᠤᠶᠢᠯᠠᠯ ᠤᠨ ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠴᠠᠭᠠᠪᠠ᠃      4 ᠳ᠋ᠦ᠋ᠭᠡᠷ ᠰᠠᠷ᠎ᠠ ᠶᠢᠨ 18 ᠤ ᠡᠳᠦᠷ᠂ ᠪᠠᠶᠠᠨᠬᠤᠲᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︵ᠬᠠᠤᠯᠢ ᠬᠡᠷᠡᠭᠵᠢᠭᠦᠯᠬᠦ ᠳᠤᠮᠳᠠ ᠠᠩᠭᠢ︶ ᠪᠠᠶᠠᠨᠬᠤ᠋ᠳ᠋ ᠭᠠᠴᠠᠭ᠎ᠠ᠂ ᠵᠠᠯᠠᠬᠤᠤᠰᠤ ᠭᠠᠴᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠣᠢ ᠶᠢᠨ ᠣᠷᠣᠨ᠂ ᠲᠥᠷᠥᠯ ᠵᠦᠢᠯ ᠤᠨ ᠣᠷᠣᠨ ᠵᠢᠴᠢ ᠠᠯᠠᠱᠠ ᠠᠭᠤᠯᠠ ᠶᠢᠨ ᠵᠠᠮ ᠳᠠᠭᠠᠤ ᠪᠡᠯᠴᠢᠭᠡᠷᠯᠡᠭᠦᠯᠬᠦ ᠶᠢ ᠬᠤᠷᠢᠭᠯᠠᠬᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠪᠡ᠃          4 ᠳ᠋ᠦ᠋ᠭᠡᠷ ᠰᠠᠷ᠎ᠠ ᠶᠢᠨ 18 ᠤ ᠡᠳᠦᠷ ᠪᠤᠯᠲᠠᠯ᠎ᠠ᠂ ᠪᠠᠶᠠᠨᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︵ᠪᠠᠶᠠᠨᠬᠤᠲᠠ ᠪᠠᠯᠭᠠᠰᠤ ᠶᠢᠨ ᠳᠤᠮᠳᠠ ᠠᠩᠭᠢ︶ ᠬᠠᠷᠢᠶᠠᠲᠤ ᠣᠷᠣᠨ ᠤ ᠤᠰᠤᠯᠠᠯᠲᠠ ᠶᠢᠨ ᠣᠷᠣᠨ᠂ ᠨᠠᠭᠤᠷ ᠤᠨ ᠭᠠᠵᠠᠷ ᠣᠷᠣᠨ ᠤ ᠲᠠᠷᠢᠶᠠᠨ ᠭᠠᠵᠠᠷ ᠪᠠ ᠨᠤᠲᠤᠭ ᠪᠡᠯᠴᠢᠭᠡᠷ ᠲᠤ ᠬᠠᠤᠯᠢ ᠬᠡᠷᠡᠭᠵᠢᠭᠦᠯᠬᠦ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ᠃            4 ᠳ᠋ᠦ᠋ᠭᠡᠷ ᠰᠠᠷ᠎ᠠ ᠶᠢᠨ 15 ᠤ ᠡᠳᠦᠷ᠂ ᠪᠠᠶᠠᠨᠬᠤᠲᠠ ᠪᠠᠯᠭᠠᠰᠤᠨ ᠤ ᠶᠡᠬᠡᠭᠡᠷ ᠭᠠᠴᠠᠭᠠᠨ ᠤ ᠨᠠᠮ ᠤᠨ ᠡᠭᠦᠷ ᠣᠷᠴᠢᠨ ᠲᠣᠭᠤᠷᠢᠨ ᠢ ᠵᠠᠰᠠᠨ ᠴᠡᠭᠴᠡᠯᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠡᠢ᠃            4 ᠳ᠋ᠦ᠋ᠭᠡᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠶᠡᠷᠦᠩᠬᠡᠢ ᠥᠷᠲᠡᠭᠡ ᠶᠢᠨ ᠠᠯᠠᠱᠠ ᠬᠤᠪᠢᠶᠠᠷᠢ ᠥᠷᠲᠡᠭᠡ ᠶᠢᠨ ᠨᠠᠮ ᠤᠨ ᠡᠭᠦᠷ᠂ ᠠᠯᠠᠱᠠ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠠᠮ ᠤᠨ ᠡᠭᠦᠷ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠤᠨ ᠠᠯᠠᠱᠠ  ᠤ ᠪᠣᠷᠣᠯᠠᠭᠤᠯᠤᠨ ᠬᠤᠳᠠᠯᠳᠤᠬᠤ ᠬᠤᠪᠢᠶᠠᠷᠢ ᠺᠤᠮᠫᠠᠨᠢ ᠶᠢᠨ ᠪᠠᠶᠢᠭᠤᠯᠭ᠎ᠠ ᠶᠢᠨ ᠨᠠᠮ ᠤᠨ ᠡᠭᠦᠷ ᠬᠠᠮᠲᠤᠷᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠵᠢᠴᠢ ᠬᠠᠮᠲᠤᠷᠠᠨ ᠪᠠᠶᠢᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃            4 ᠳ᠋ᠦ᠋ᠭᠡᠷ ᠰᠠᠷ᠎ᠠ ᠶᠢᠨ 18 ᠤ ᠡᠳᠦᠷ᠂ ᠪᠠᠶᠠᠨᠬᠤᠲᠠ ᠪᠠᠯᠭᠠᠰᠤᠨ ᠤ ᠣᠪᠣᠭᠠᠲᠤ ᠭᠠᠴᠠᠭ᠎ᠠ᠂ ᠤᠯᠠᠭᠠᠨ ᠴᠢᠯᠠᠭᠤᠲᠤ ᠭᠠᠴᠠᠭ᠎ᠠ ᠬᠠᠮᠲᠤᠷᠠᠨ ︽ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠶᠢ ᠴᠢᠩᠭᠠᠳᠬᠠᠵᠤ᠂ ᠭᠤᠶᠣ ᠰᠠᠶᠢᠬᠠᠨ ᠣᠷᠣᠰᠢᠨ ᠠᠮᠢᠳᠤᠷᠠᠬᠤ ᠭᠡᠷ ᠣᠷᠣᠨ ᠢ ᠪᠦᠲᠦᠭᠡᠨ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号