﹇ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ﹈ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/5/28

    ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ

ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠪᠠ᠂ ᠭᠤᠣᠯ ᠠᠭᠤᠯᠭ᠎ᠠ ᠨᠢ ᠳᠣᠣᠷᠠᠬᠢ ᠮᠡᠲᠦ᠄

    ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ

ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ

ᠮᠥᠨ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠨᠠᠩ ᠰᠠᠶᠢᠲᠤᠷ

ᠠᠬᠢᠭᠤᠯᠬᠤ ᠶᠢᠨ ᠲᠥᠯᠥᠭᠡ᠂ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠳᠤᠷᠠᠳᠪᠠ᠃

    1. ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︵ᠠᠯᠪᠠᠨ ᠭᠡᠷ︶ ᠳᠤ ᠡᠯ᠎ᠡ ᠵᠦᠢᠯ ᠤᠨ

ᠠᠵᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ

ᠰᠢᠵᠢᠮ ᠢ ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠣᠯᠭᠤᠨ᠂ ᠨᠢᠭᠡᠳᠦᠯᠲᠡᠢ ᠲᠥᠯᠥᠪᠵᠢᠭᠦᠯᠦᠨ

ᠵᠣᠬᠢᠴᠠᠭᠤᠯᠵᠤ᠂ ᠬᠢᠨᠠᠨ ᠬᠠᠷᠭᠤᠭᠤᠯᠵᠤ ᠪᠣᠭᠤᠮᠲᠠ ᠰᠠᠬᠢᠵᠤ᠂ ᠰᠢᠢᠳᠪᠦᠷᠢᠲᠦ ᠪᠣᠳᠣᠯᠭ᠎ᠠ ᠶᠢ ᠰᠤᠳᠤᠯᠤᠨ᠂

ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠵᠢᠯ ᠤᠨ ᠡᠬᠢᠨ ᠳᠤ ᠲᠣᠬᠢᠷᠠᠭᠤᠯᠤᠯᠲᠠ ᠬᠢᠵᠦ᠂ ᠲᠣᠭᠲᠠᠮᠠᠯ

ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠵᠢᠯ ᠤᠨ ᠡᠴᠦᠰ ᠲᠤ ᠪᠠᠶᠢᠴᠠᠭᠠᠯᠲᠠ ᠬᠢᠨ᠎ᠡ᠃ ᠡᠯ᠎ᠡ ᠱᠠᠲᠤᠨ ᠤ

ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠤ ᠦᠨᠳᠦᠰᠦᠲᠡᠨ ᠤ ᠠᠵᠢᠯ ᠳᠤ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ

ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠣᠯᠭᠤᠵᠤ᠂ ᠠᠵᠢᠯ ᠢ ᠨᠢᠭᠡᠳᠦᠯᠲᠡᠢ ᠲᠥᠯᠥᠪᠵᠢᠭᠦᠯᠦᠨ

ᠵᠣᠬᠢᠴᠠᠭᠤᠯᠵᠤ ᠰᠠᠶᠢᠲᠤᠷ ᠬᠢᠨ᠎ᠡ᠃

    2. ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠶᠢ ︽

ᠭᠤᠷᠪᠠ ᠶᠢ ᠲᠣᠭᠲᠠᠭᠠᠬᠤ︾ ᠲᠣᠭᠲᠠᠭᠠᠯ ᠳᠤ ᠪᠢᠴᠢᠨ ᠣᠷᠣᠭᠤᠯᠵᠤ᠂ ᠡᠭᠦᠷᠭᠡ ᠴᠢᠳᠠᠪᠬᠢ ᠲᠤᠰᠢᠶᠠᠯ

ᠬᠠᠷᠢᠭᠤᠴᠠᠯᠭ᠎ᠠ ᠶᠢ ᠲᠣᠳᠣᠷᠬᠠᠶᠢᠯᠠᠨ᠂ ᠲᠤᠰᠬᠠᠶᠢᠯᠠᠨ ᠬᠢᠬᠦ ᠪᠠᠶᠢᠭᠤᠯᠤᠮᠵᠢ ᠶᠢ ᠲᠣᠳᠣᠷᠬᠠᠶᠢᠯᠠᠵᠤ᠂ ᠣᠨ ᠤ

ᠠᠵᠢᠯ ᠤᠨ ᠲᠥᠯᠥᠪᠯᠡᠭᠡ ᠪᠠ ᠭᠤᠣᠯᠳᠠᠯᠭ᠎ᠠ ᠳᠤ ᠣᠷᠣᠭᠤᠯᠤᠨ᠂ ᠡᠳᠦᠷ ᠲᠤᠳᠤᠮ ᠤᠨ ᠠᠵᠢᠯ ᠳᠠᠭᠠᠨ ᠠᠭᠤᠰᠬᠠᠵᠤ᠂

ᠪᠠᠶᠢᠩᠭᠤ ᠠᠳᠬᠤᠬᠤ ᠬᠡᠷᠡᠭᠲᠡᠢ᠃ ᠡᠯ᠎ᠡ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠬᠤᠯᠪᠣᠭᠳᠠᠯ ᠪᠦᠬᠦᠢ

ᠱᠠᠭᠠᠷᠳᠠᠯᠭ᠎ᠠ ᠶᠢ ᠠᠵᠢᠯ ᠤᠨ ᠳᠦᠷᠢᠮ ᠵᠢᠴᠢ ᠲᠡᠭᠦᠨ ᠤ ᠪᠠᠶᠢᠩᠭᠤ ᠶᠢᠨ ᠲᠣᠬᠢᠷᠠᠭᠤᠯᠤᠭᠰᠠᠨ ᠬᠡᠷᠡᠭ ᠡᠷᠭᠢᠯᠡᠭᠦ

ᠪᠠᠶᠢᠭᠤᠯᠤᠮᠵᠢ ᠶᠢᠨ ᠠᠵᠢᠯ ᠤᠨ ᠨᠠᠷᠢᠨ ᠳᠦᠷᠢᠮ ᠳᠤ ᠪᠢᠴᠢᠵᠦ ᠣᠷᠣᠭᠤᠯᠬᠤ ᠬᠡᠷᠡᠭᠲᠡᠢ᠃ ᠡᠯ᠎ᠡ ᠪᠦᠯᠭᠦᠮ

ᠨᠡᠶᠢᠲᠡ ᠶᠢᠨ ᠵᠣᠬᠢᠶᠠᠨ ᠪᠠᠶᠢᠭᠤᠯᠤᠯᠲᠠ ᠶᠢᠨ ᠬᠢᠨ ᠬᠠᠷᠢᠯᠴᠠᠵᠤ ᠪᠠᠶᠢᠭ᠎ᠠ ᠣᠯᠠᠨ ᠲᠦᠮᠡᠨ ᠳᠡᠭᠡᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠵᠣᠬᠢᠶᠠᠨ ᠪᠠᠶᠢᠭᠤᠯᠵᠤ

ᠳᠠᠶᠢᠴᠢᠯᠠᠬᠤ ᠪᠠ ᠬᠥᠮᠥᠵᠢᠭᠦᠯᠵᠦ ᠬᠥᠲᠥᠯᠥᠨ ᠵᠢᠯᠤᠭᠤᠳᠬᠤ ᠲᠤᠰᠢᠶᠠᠯ ᠬᠠᠷᠢᠭᠤᠴᠠᠯᠭ᠎ᠠ ᠪᠠᠨ ᠴᠢᠩᠭᠠᠳᠬᠠᠵᠤ᠂

ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠠᠵᠢᠯ ᠲᠥᠷᠥᠯ ᠤᠨ ᠳᠦᠷᠢᠮ ᠲᠣᠭᠲᠠᠭᠠᠯ᠂

ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠠ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂

ᠬᠤᠲᠠ ᠶᠢᠨ ᠠᠷᠠᠳ ᠤᠨ ᠨᠡᠶᠢᠲᠡ ᠶᠢᠨ ᠭᠡᠷ᠎ᠡ ᠳᠤ ᠪᠢᠴᠢᠵᠦ ᠣᠷᠣᠭᠤᠯᠬᠤ ᠶᠢ ᠠᠬᠢᠭᠤᠯᠤᠨ᠂ ᠠᠵᠤ ᠠᠬᠤᠶᠢᠯᠠᠯ ᠤᠨ

ᠰᠣᠶᠣᠯ ᠤᠨ ᠪᠠᠶᠢᠭᠤᠯᠤᠯᠲᠠ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ

 ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠳᠤ

ᠠᠭᠤᠰᠤᠯᠴᠠᠭᠤᠯᠵᠤ᠂ ᠠᠵᠢᠯᠯᠠᠭᠠᠨ ᠤ ᠪᠠᠷᠢᠮᠵᠢᠶ᠎ᠠ ᠪᠠ ᠡᠳᠦᠷ ᠲᠤᠲᠤᠮ ᠤᠨ ᠳᠠᠳᠬᠠᠯ ᠪᠤᠯᠭᠠᠬᠤ ᠬᠡᠷᠡᠭᠲᠡᠢ᠃

   

    3. ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ

 ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ

ᠲᠤᠬᠠᠢ ᠴᠢᠬᠤᠯᠠ ᠥᠭᠦᠯᠡᠯᠲᠡ ᠶᠢ ᠨᠠᠮ ᠤᠨ ᠭᠡᠰᠢᠭᠦᠨ ᠺᠠᠳ᠋ᠷ ᠤᠨ ᠰᠤᠷᠤᠯᠴᠠᠬᠤ ᠲᠥᠯᠥᠪᠯᠡᠭᠡ ᠪᠠ ᠬᠥᠮᠦᠵᠢᠯ

ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶

 ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠵᠢᠯ ᠪᠦᠷᠢ ᠨᠠᠭᠠᠲᠤ ᠵᠠᠬ᠎ᠠ ᠨᠢ ᠨᠢᠭᠡ ᠤᠳᠠᠭ᠎ᠠ ᠲᠤᠰᠬᠠᠢ

ᠰᠡᠳᠦᠪ ᠢᠶᠠᠷ ᠰᠤᠷᠤᠯᠴᠠᠵᠦ ᠰᠤᠳᠤᠯᠤᠨ ᠶᠠᠷᠢᠯᠴᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ

ᠵᠢᠯ ᠪᠦᠷᠢ ᠨᠠᠭᠠᠲᠤ ᠵᠠᠬ᠎ᠠ ᠨᠢ ᠨᠢᠭᠡ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠨ ᠰᠣᠯᠢᠯᠴᠠᠬᠤ ᠶᠢ ᠵᠣᠬᠢᠶᠠᠨ

ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂

ᠺᠠᠳ᠋ᠷ ᠤᠨ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ ᠬᠢᠴᠢᠶᠡᠯ

ᠵᠢᠴᠢ ᠪᠣᠯᠪᠠᠰᠤᠷᠠᠯ ᠤᠨ ᠠᠭᠤᠯᠭ᠎ᠠ ᠶᠢᠨ ᠬᠤᠪᠢ ᠶᠢᠨ ᠵᠢᠩ ᠢ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠶᠡᠷᠦᠩᠬᠡᠢ

ᠬᠢᠴᠢᠶᠡᠯ ᠤᠨ ᠴᠠᠭ ᠤᠨ 20% ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃

    4. ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ ᠨᠠᠮ ᠤᠨ

ᠭᠡᠰᠢᠭᠦᠨ ᠤᠳᠤᠷᠢᠳᠬᠤ ᠺᠠᠳ᠋ᠷ ᠤᠨ ᠨᠠᠮ ᠤᠨ ᠬᠢᠴᠢᠶᠡᠯ ᠣᠷᠣᠬᠤ ᠪᠠ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠣᠷᠣᠬᠤ ᠳᠦᠷᠢᠮ ᠢ ᠲᠡᠭᠦᠯᠳᠡᠷᠵᠢᠭᠦᠯᠦᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ

ᠨᠠᠮ ᠤᠨ ᠬᠤᠷᠢᠶ᠎ᠠ ᠶᠢᠨ ᠤᠬᠠᠭᠤᠯᠬᠤ ᠰᠠᠯᠠᠭ᠎ᠠ ᠮᠥᠴᠢᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠶᠢᠩᠭᠤᠵᠢᠭᠰᠠᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ

ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ

ᠰᠠᠭᠤᠷᠢᠨ ᠤ ᠪᠠᠶᠢᠭᠤᠯᠤᠯᠲᠠ ᠶᠢ ᠴᠢᠩᠭᠠᠳᠬᠠᠨ᠂ ︽ᠭᠤᠷᠪᠠᠨ ᠰᠠᠯᠵᠤ ᠴᠢᠳᠠᠬᠤ ᠦᠭᠡᠢ︾ ︽ᠲᠦᠷᠪᠡᠨ

ᠬᠠᠮᠲᠤ ᠪᠠᠷ︾ ︽ᠲᠦᠷᠪᠡᠨ ᠬᠠᠮᠲᠤᠳᠬᠠᠬᠤ︾ ︽ᠲᠠᠪᠤᠨ ᠬᠠᠮᠲᠤ ᠶᠢᠨ ᠲᠠᠨᠢᠯᠲᠠ︾ ︽ᠲᠠᠪᠤᠨ ᠦᠵᠡᠯᠲᠡ︾ ᠪᠠ

︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢᠨ ᠲᠤᠬᠠᠢ

ᠦᠷᠭᠦᠯᠵᠢᠯᠡᠨ ᠭᠦᠨᠵᠡᠭᠡᠢ ᠤᠬᠠᠭᠤᠯᠤᠨ ᠲᠠᠶᠢᠯᠪᠤᠷᠢᠯᠠᠬᠤ ᠬᠡᠷᠡᠭᠲᠡᠢ᠃

    5. ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ

 ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠷᠠᠳ ᠲᠦᠮᠡᠨ ᠢ ᠬᠠᠯᠠᠮᠵᠢᠯᠠᠵᠤ

ᠪᠠᠶᠢᠬᠤ ᠶᠢ ᠤᠬᠠᠭᠤᠯᠬᠤ᠂ ᠨᠠᠮ ᠤᠨ ᠡᠨᠡᠷᠢᠯ ᠬᠠᠶᠢᠷ᠎ᠠ ᠶᠢ ᠤᠬᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠶᠢᠨ ᠰᠤᠷᠤᠯᠴᠠᠯᠭ᠎ᠠ ᠬᠥᠮᠦᠵᠢᠯ ᠪᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂

ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ

ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ︽ᠵᠢᠷᠭᠤᠭᠠᠨ

ᠥᠭᠦᠯᠡᠪᠦᠷᠢ ᠳᠠᠬᠢ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠭᠦᠯᠦᠨ᠂ ᠨᠠᠩ ᠡᠷᠡᠰ ᠪᠠᠲᠤ

ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠢ ᠲᠠᠭᠠᠵᠤ ᠰᠢᠨ᠎ᠡ ᠠᠶᠠᠨ ᠳᠤ ᠡᠷᠡᠯᠬᠡᠭᠯᠡᠨ

ᠤᠷᠤᠭᠰᠢᠯᠠᠭᠤᠯᠬᠤ ᠬᠡᠷᠡᠭᠲᠡᠢ᠃

    6. ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶ᠎ᠠ ᠵᠢᠴᠢ ᠲᠣᠭᠤᠷᠢᠭ ᠪᠠᠶᠢᠭᠤᠯᠤᠭᠰᠠᠨ ᠬᠤᠲᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ

ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ

ᠳᠦᠷᠢᠮ ᠢ ᠪᠦᠭᠦ ᠲᠠᠯ᠎ᠠ ᠪᠠᠷ ᠡᠮᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠳᠤ ᠨᠡᠶᠢᠴᠡᠬᠦ ᠦᠭᠡᠢ ᠪᠠᠶᠢᠪᠠᠯ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠪᠤᠶᠤ

ᠬᠦᠴᠦᠨ ᠦᠭᠡᠢ ᠪᠤᠯᠭᠠᠬᠤ ᠬᠡᠷᠡᠭᠲᠡᠢ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ

ᠲᠣᠭᠲᠠᠭᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠶᠢ ᠤᠷᠢᠳ ᠢᠶᠠᠷ ᠬᠢᠨᠠᠨ ᠬᠠᠷᠭᠤᠭᠤᠯᠬᠤ ᠨᠥᠬᠦᠴᠡᠯ ᠪᠤᠯᠭᠠᠬᠤ ᠬᠡᠷᠡᠭᠲᠡᠢ᠃ ᠥᠪᠡᠷᠲᠡᠭᠡᠨ ᠵᠠᠰᠠᠬᠤ

ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠷᠴᠣᠨ ᠤ ᠥᠪᠡᠷᠲᠡᠭᠡᠨ

ᠵᠠᠰᠠᠬᠤ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠶᠢᠨ ᠳᠠᠭᠤᠷ

ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠶᠢᠨ ᠥᠪᠡᠷᠲᠡᠭᠡᠨ ᠵᠠᠰᠠᠬᠤ ᠳᠦᠷᠢᠮ ᠳᠤ ᠵᠠᠰᠠᠪᠤᠷᠢ ᠣᠷᠣᠭᠤᠯᠬᠤ

ᠠᠵᠢᠯ ᠢ ᠵᠢᠭᠠᠨ ᠵᠢᠯᠤᠭᠤᠳᠬᠤ ᠬᠡᠷᠡᠭᠲᠡᠢ᠃

    7. ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠣᠲᠣ ᠶᠢᠨ ᠬᠡᠷᠡᠭᠵᠢᠭᠦᠯᠵᠦ ᠪᠠᠶᠢᠭ᠎ᠠ

ᠬᠦᠴᠦᠨ ᠪᠦᠬᠦᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠪᠦᠭᠦ ᠲᠠᠯ᠎ᠠ ᠪᠠᠷ ᠡᠮᠬᠢᠯᠡᠨ ᠳᠢᠭᠯᠡᠵᠦ᠂ ᠳᠥᠷᠪᠡᠨ

ᠱᠠᠲᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠨ ᠡᠮᠬᠢᠯᠡᠬᠦ ᠠᠵᠢᠯ ᠢ ᠥᠷᠨᠢᠭᠦᠯᠦᠨ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ

ᠪᠤᠯᠭᠠᠵᠤ ᠰᠢᠨᠵᠢᠯᠡᠬᠦ ᠤᠬᠠᠭᠠᠨᠴᠢ ᠯᠠᠪᠳᠠᠭᠤᠨ ᠪᠣᠯᠭᠤᠮᠵᠢᠲᠠᠢ ᠪᠠᠷ ᠬᠢᠨᠠᠨ ᠪᠠᠶᠢᠴᠠᠭᠠᠵᠤ᠂ ᠵᠣᠬᠢᠴᠠᠭᠤᠯᠤᠨ᠂ ᠬᠠᠤᠯᠢ

ᠲᠣᠭᠲᠠᠭᠠᠯ ᠳᠦᠷᠢᠮ ᠲᠣᠭᠲᠠᠭᠠᠯ ᠤᠨ ᠲᠥᠰᠥᠯ ᠳᠤ ᠵᠠᠰᠠᠪᠤᠷᠢ ᠣᠷᠣᠭᠤᠯᠬᠤ ᠬᠡᠷᠡᠭᠲᠡᠢ᠃

    8. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠨᠠᠮ ᠤᠨ ᠳᠣᠲᠣᠭᠠᠳᠤ ᠶᠢᠨ

ᠬᠠᠤᠯᠢ ᠲᠣᠭᠲᠠᠭᠠᠯ ᠢ ᠤᠷᠢᠳ ᠢᠶᠠᠷ ᠬᠢᠨᠠᠨ ᠬᠠᠷᠭᠤᠭᠤᠯᠬᠤ᠂ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠤᠨ

ᠲᠣᠭᠲᠠᠴᠠ ᠶᠢ ᠪᠦᠷᠢᠨᠰᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠳᠤ ᠨᠡᠶᠢᠴᠡᠬᠦ ᠦᠭᠡᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ

ᠪᠢᠴᠢᠭ ᠮᠠᠲ᠋ᠧᠷᠢᠶᠠᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠤᠯᠭᠠᠬᠤ ᠬᠡᠷᠡᠭᠲᠡᠢ᠃

    9. ᠡᠯ᠎ᠡ ᠱᠠᠲᠤᠨ ᠤ ᠵᠠᠰᠠᠭ ᠤᠨ ᠣᠷᠳᠣᠨ ᠤ ᠠᠯᠪᠠᠨ ᠲᠢᠩᠬᠢᠮ ︵ᠠᠯᠪᠠᠨ ᠭᠡᠷ︶ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠵᠤ᠂ ᠪᠤᠶ ᠪᠦᠬᠦᠢ

ᠥᠭᠡᠷᠡᠴᠢᠯᠡᠯᠲᠡ ᠬᠥᠭᠵᠢᠯᠲᠡ ᠳᠤ ︽ᠭᠤᠷᠪᠠᠨ ᠠᠴᠢ ᠬᠤᠯᠪᠣᠭᠳᠠᠯ︾ ᠢ ᠣᠯᠭᠤᠵᠤ ᠬᠢᠨᠠᠨ ᠬᠠᠷᠭᠤᠭᠤᠯᠬᠤ᠂

ᠦᠨᠡᠯᠡᠬᠦ᠂ ᠢᠯᠭᠠᠷᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ

ᠬᠡᠮᠵᠢᠶ᠎ᠡ ᠶᠢ ᠪᠦᠭᠦ ᠲᠠᠯ᠎ᠠ ᠪᠠᠷ ᠡᠮᠬᠢᠯᠡᠨ᠂ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠬᠡᠷᠡᠭᠲᠡᠢ

    10. ᠡᠯ᠎ᠡ ᠱᠠᠲᠤᠨ ᠤ ᠬᠥᠭᠵᠢᠯᠲᠡ ᠶᠢᠨ ᠲᠥᠯᠦᠪᠵᠢᠭᠦᠯᠭᠡ ᠶᠢᠨ ᠵᠥᠪᠯᠡᠯ᠂ ᠬᠤᠲᠠ ᠶᠢᠨ

ᠲᠥᠯᠦᠪᠵᠢᠭᠦᠯᠭᠡ ᠶᠢᠨ ᠵᠥᠪᠯᠡᠯ ︵ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠵᠥᠪᠯᠡᠯ︶ ᠠᠳᠠᠯᠢ ᠱᠠᠲᠤᠨ ᠤ

ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠢ ᠪᠦᠷᠢᠯᠳᠦᠭᠦᠨ ᠨᠢᠭᠡᠴᠢ ᠪᠣᠯᠭᠠᠨ ᠨᠡᠮᠡᠭᠳᠡᠭᠦᠯᠵᠦ᠂ ᠡᠯ᠎ᠡ ᠲᠥᠷᠥᠯ ᠤᠨ

ᠲᠥᠯᠦᠪᠵᠢᠭᠦᠯᠭᠡ ᠪᠠ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠶᠢ ᠬᠢᠨᠠᠨ

ᠬᠠᠷᠭᠤᠭᠤᠯᠵᠤ ᠪᠣᠭᠤᠮᠲᠠ ᠶᠢ ᠰᠠᠬᠢᠬᠤ ᠶᠢ ᠴᠢᠩᠭᠠᠳᠬᠠᠬᠤ ᠬᠡᠷᠡᠭᠲᠡᠢ᠃

    11. ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ

ᠭᠤᠣᠯᠳᠠᠯᠭ᠎ᠠ ᠲᠠᠢ ᠡᠭᠦᠷᠭᠡ ᠶᠢᠨ ᠡᠳ᠋ ᠤᠨ ᠵᠠᠰᠠᠭ ᠤᠨ ᠪᠠᠲᠤᠯᠠᠭ᠎ᠠ ᠶᠢ ᠴᠢᠩᠭᠠᠳᠬᠠᠵᠤ᠂ ᠴᠢᠬᠤᠯᠠ ᠶᠡᠭᠡ ᠪᠡᠯᠡ

ᠮᠥᠩᠭᠦ ᠶᠢ ᠲᠣᠬᠢᠷᠠᠭᠤᠯᠤᠨ ᠬᠡᠷᠡᠭᠯᠡᠬᠦ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠬᠢᠨᠠᠨ ᠬᠠᠷᠭᠤᠭᠤᠯᠬᠤ ᠲᠣᠭᠲᠠᠴᠠ ᠶᠢ

ᠪᠠᠶᠢᠭᠤᠯᠬᠤ ᠬᠡᠷᠡᠭᠲᠡᠢ᠃    

   

   

    12. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠬᠢᠨ

ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠤᠳᠤᠯᠭᠠᠨ ᠤ ᠰᠢᠰᠲ᠋ᠧᠮ ᠤᠨ ᠪᠠᠶᠢᠭᠤᠯᠤᠯᠲᠠ ᠶᠢ

ᠠᠬᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ

ᠮᠠᠲ᠋ᠧᠷᠢᠶᠠᠯ ᠤᠨ ᠡᠮᠬᠢᠳᠬᠡᠯ•ᠥᠪᠥᠷ ᠮᠣᠩᠭᠤᠯ ᠤᠨ ᠪᠣᠳᠢ︾ ᠶᠢ ᠨᠠᠶᠢᠷᠠᠭᠤᠯᠬᠤ ᠠᠵᠢᠯ ᠢ ᠰᠠᠶᠢᠲᠤᠷ ᠠᠳᠬᠤᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠤᠳᠤᠯᠭᠠᠨ ᠤ ᠢᠨᠵᠧᠨᠧᠷᠢᠩ ︵

2023 - 2027 ᠣᠨ︶  ᠢ ᠰᠠᠶᠢᠲᠤᠷ ᠬᠡᠷᠡᠭᠵᠢᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠤᠨ ᠶᠠᠷᠢᠯᠴᠠᠬᠤ ᠬᠤᠷᠠᠯ᠂ ᠳᠡᠭᠡᠳᠦ ᠲᠡᠰ ᠤᠨ

ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠢ ᠰᠠᠶᠢᠲᠤᠷ ᠡᠷᠭᠢᠯᠡᠵᠦ᠂ ᠥᠪᠥᠷ ᠮᠣᠩᠭᠤᠯ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠣᠨ ᠤ ᠬᠥᠬᠡ ᠭᠠᠳᠠᠷᠲᠤ

ᠪᠢᠴᠢᠭ ᠢ ᠨᠠᠶᠢᠷᠠᠭᠤᠯᠤᠨ ᠪᠢᠴᠢᠬᠦ ᠬᠡᠷᠡᠭᠲᠡᠢ᠃

    13. ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠨᠢ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ ᠨᠢᠭᠡᠴᠢ ᠶᠢᠨ ︽ᠵᠠᠭᠤ ᠮᠢᠩᠭ᠎ᠠ

ᠲᠦᠮᠡ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ︾ ᠢᠨᠵᠧᠨᠧᠷᠢᠩ ᠢ ᠲᠦᠷᠦᠭᠦᠯᠡᠨ ᠵᠣᠬᠢᠶᠠᠨ

ᠪᠠᠶᠢᠭᠤᠯᠤᠨ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠦᠨᠳᠦᠰᠦᠨ ᠴᠢᠭᠯᠡᠯ ᠪᠣᠯᠭᠠᠨ ᠠᠭᠤᠯᠤᠭᠳᠠᠬᠤᠨ ᠢᠶᠠᠨ ᠭᠦᠨᠵᠡᠭᠡᠶᠢᠷᠡᠭᠦᠯᠦᠨ᠂ ᠭᠡᠯᠪᠡᠷᠢ ᠪᠠᠨ

ᠪᠠᠶᠠᠯᠢᠭᠵᠢᠭᠤᠯᠵᠤ᠂ ᠠᠷᠭ᠎ᠠ ᠪᠠᠷᠢᠯ ᠤᠨ ᠰᠢᠨ᠎ᠡ ᠶᠢ ᠡᠭᠦᠳᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ

ᠦᠢᠯᠡᠳᠪᠦᠷᠢᠯᠡᠯ ᠠᠮᠢᠳᠤᠷᠠᠯ ᠤᠨ ᠳᠤᠮᠳᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ᠂ ᠬᠠᠷᠢᠯᠴᠠᠨ

ᠬᠠᠪᠰᠤᠷᠤᠯᠴᠠᠵᠤ ᠬᠠᠷᠢᠯᠴᠠᠨ ᠳᠡᠮᠵᠢᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢ ᠡᠭᠦᠳᠦᠨ ᠪᠠᠶᠢᠭᠤᠯᠵᠤ ᠳᠡᠰ ᠳᠡᠪᠰᠢᠭᠦᠯᠬᠦ ᠬᠡᠪ ᠵᠠᠭᠪᠤᠷ ᠢ ᠪᠤᠶ ᠪᠤᠯᠭᠠᠬᠤ ᠬᠡᠷᠡᠭᠲᠡᠢ᠃ ᠬᠢᠩᠭᠠᠨ

ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ

ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠬᠤ ᠶᠢ ᠵᠢᠯᠣᠭᠤᠳᠤᠨ ᠳᠡᠮᠵᠢᠬᠦ ᠬᠡᠷᠡᠭᠲᠡᠢ᠃

    14. ᠥᠪᠡᠷᠲᠡᠭᠡᠨ ᠵᠠᠰᠠᠬᠤ ᠣᠷᠣᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠳ

ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠭᠦ ᠬᠦᠴᠦᠨ ᠢᠶᠠᠷ ᠢᠶᠠᠨ ᠡᠭᠦᠳᠴᠦ᠂ ᠰᠤᠳᠤᠯᠤᠨ

ᠲᠠᠶᠢᠯᠪᠤᠷᠢᠯᠠᠬᠤ᠂ ᠤᠯᠠᠮᠵᠢᠯᠠᠨ ᠳᠡᠯᠭᠡᠷᠡᠭᠦᠯᠬᠦ᠂ ᠵᠣᠬᠢᠶᠠᠨ ᠪᠦᠲᠦᠭᠡᠵᠦ ᠦᠢᠯᠡᠳᠪᠦᠷᠢᠯᠡᠬᠦ᠂ ᠲᠤᠯᠭᠠᠭᠤᠷᠢᠯᠠᠨ

ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ︽ᠳᠤᠮᠳᠠᠳᠤ ᠤᠯᠤᠰ•ᠤᠮᠠᠷᠠᠲᠤ ᠬᠢᠯᠢ ᠶᠢᠨ ᠰᠣᠶᠣᠯ ᠤᠨ ᠨᠠᠶᠢᠷ︾

 ᠢ ᠪᠡᠯᠡᠳᠬᠡᠨ ᠡᠷᠭᠢᠯᠡᠭᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ

ᠳᠤᠮᠳᠠᠳᠤ ᠶᠢᠨ ᠰᠣᠶᠣᠯ ᠤᠨ ᠠᠭᠤᠯᠤᠭᠳᠠᠬᠤᠨ᠂ ᠤᠮᠠᠷᠠᠲᠤ ᠬᠢᠯᠢ ᠶᠢᠨ ᠰᠣᠶᠣᠯ ᠤᠨ ᠣᠨᠴᠠ ᠰᠢᠨᠵᠢ ᠴᠢᠨᠠᠷ ᠪᠦᠬᠦᠢ

ᠨᠠᠩ ᠣᠯᠠᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠪᠤᠶ ᠪᠤᠯᠭᠠᠬᠤ ᠶᠢ ᠠᠬᠢᠭᠤᠯᠬᠤ ᠶᠢᠨ ᠬᠠᠮᠲᠤ᠂ ᠲᠡᠭᠦᠨ ᠢ

ᠣᠯᠠᠨ ᠨᠡᠶᠢᠲᠡ ᠶᠢᠨ ᠰᠣᠶᠣᠯ ᠤᠨ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠪᠡᠯᠭᠡ

ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠭᠡ

ᠵᠡᠷᠭᠡ ᠲᠠᠯ᠎ᠠ ᠳᠤ ᠠᠭᠤᠰᠬᠠᠨ ᠣᠷᠣᠭᠤᠯᠬᠤ ᠬᠡᠷᠡᠭᠲᠡᠢ᠃

    15. ᠡᠯ᠎ᠡ ᠱᠠᠲᠤᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠳ ᠡᠯ᠎ᠡ ᠲᠥᠷᠥᠯ ᠤᠨ

ᠳᠤᠷᠠᠰᠬᠠᠯ ᠤᠨ ᠣᠷᠳᠣᠨ᠂ ᠦᠵᠡᠰᠭᠦᠯᠡᠩ ᠤᠨ ᠣᠷᠳᠣᠨ᠂ ᠮᠦᠽᠧᠢ ︵ᠬᠦᠷᠢᠶᠡᠯᠡᠩ︶ ᠶᠢᠨ ᠳᠡᠯᠭᠡᠨ ᠦᠵᠡᠭᠦᠯᠭᠦ

ᠠᠭᠤᠯᠭ᠎ᠠ ᠶᠢᠨ ᠰᠤᠳᠤᠯᠤᠯ ᠪᠠ ᠬᠢᠨᠠᠨ ᠬᠠᠷᠭᠤᠭᠤᠯᠵᠤ ᠪᠣᠭᠤᠮᠲᠠ ᠶᠢ ᠰᠠᠬᠢᠬᠤ ᠪᠠᠨ ᠴᠢᠩᠭᠠᠳᠬᠠᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠨᠡᠶᠢᠴᠡᠬᠦ

ᠦᠭᠡᠢ ᠠᠭᠤᠯᠭ᠎ᠠ ᠶᠢ ᠭᠦᠨᠵᠡᠭᠡᠢ ᠢᠯᠭᠠᠷᠠᠭᠤᠯᠤᠨ ᠴᠡᠪᠡᠷᠯᠡᠵᠦ᠂ ᠨᠠᠮ ᠠᠴᠠ ᠦᠨᠳᠦᠰᠦᠲᠡᠨ ᠨᠦᠭᠦᠳ ᠤᠨ ᠠᠷᠠᠳ

ᠲᠦᠮᠡᠨ ᠢ ᠤᠳᠤᠷᠢᠳᠤᠨ ᠪᠦᠯᠬᠦᠮᠳᠡᠨ ᠡᠷᠡᠯᠬᠡᠭᠯᠡᠨ ᠤᠷᠤᠭᠰᠢᠯᠠᠭᠰᠠᠨ ᠪᠠ ᠦᠨᠳᠦᠰᠦᠲᠡᠨ ᠨᠦᠭᠦᠳ ᠤᠨ ᠥᠷᠭᠡᠨ

ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ ᠪᠠᠶᠢᠳᠠᠯ ᠤᠨ ᠳᠡᠯᠭᠡᠨ ᠦᠵᠡᠭᠦᠯᠭᠡ ᠶᠢ

ᠲᠥᠪᠯᠡᠷᠡᠭᠦᠯᠦᠨ ᠨᠡᠶᠢᠲᠡᠯᠡᠬᠦ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠤ ᠦᠭᠡ ᠭᠡᠯᠡ ᠦᠰᠦᠭ ᠪᠢᠴᠢᠭ ᠤᠨ

ᠣᠷᠴᠢᠭᠤᠯᠭ᠎ᠠ ᠶᠢᠨ ᠠᠵᠢᠯ ᠢ ᠴᠢᠩᠭ᠎ᠠ ᠵᠢᠷᠤᠮᠵᠢᠭᠤᠯᠬᠤ ᠬᠡᠷᠡᠭᠲᠡᠢ᠃ ᠦᠨᠳᠦᠰᠦᠲᠡᠨ ᠤ ᠬᠦᠷᠢᠶᠡᠨ ᠳᠠᠬᠢ

ᠬᠡᠪᠯᠡᠭᠳᠡᠬᠦᠨ ᠢ ᠬᠢᠨᠠᠨ ᠬᠠᠷᠭᠤᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠭᠦᠨ ᠤᠬᠠᠭᠠᠨ ᠨᠡᠶᠢᠭᠡᠮ ᠤᠨ

ᠰᠢᠨᠵᠢᠯᠡᠬᠦ ᠤᠬᠠᠭᠠᠨ ᠤ ᠰᠤᠳᠤᠯᠭᠠᠨ ᠵᠢᠴᠢ ᠬᠠᠮᠢᠶ᠎ᠠ ᠪᠦᠬᠦᠢ ᠶᠠᠷᠢᠶᠠᠨ ᠤ ᠲᠠᠪᠴᠠᠩ᠂ ᠲᠠᠶᠢᠯᠤᠮᠵᠢ ᠶᠢ ᠬᠢᠨᠠᠨ

ᠬᠠᠷᠭᠤᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ

ᠢᠯᠠᠩᠭᠤᠶ᠎ᠠ ᠬᠢᠯᠢ ᠶᠢᠨ ᠭᠠᠳᠠᠨᠠᠬᠢ ᠲᠣᠬᠯᠠᠯᠲᠠ ᠶᠢᠨ ᠪᠦᠯᠭᠦᠮ ᠤᠨ ᠮᠠᠨ ᠤ ᠣᠷᠣᠨ ᠳᠤ ᠢᠷᠡᠵᠦ ᠲᠣᠬᠯᠠᠯᠲᠠ ᠶᠢᠨ

ᠠᠵᠢᠯᠯᠠᠭ᠎ᠠ ᠥᠷᠨᠢᠭᠦᠯᠬᠦ ᠶᠢ ᠬᠢᠨᠠᠨ ᠬᠠᠷᠭᠤᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ︽ᠠᠰᠠᠭᠤᠳᠠᠯ ᠲᠠᠢ ᠪᠠᠷ

ᠬᠡᠪᠯᠡᠭᠦᠯᠬᠦ︾ ᠪᠠ ︽ᠠᠰᠠᠭᠤᠳᠠᠯ ᠲᠠᠢ ᠪᠠᠷ ᠲᠠᠶᠢᠰᠠᠨ ᠳᠤ ᠭᠠᠷᠬᠤ︾ ᠶᠢ ᠰᠡᠷᠭᠡᠶᠢᠯᠡᠬᠦ ᠬᠡᠷᠡᠭᠲᠡᠢ᠃

    16. ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠱᠠᠲᠤᠨ ᠤ ᠡᠯ᠎ᠡ ᠲᠥᠷᠥᠯ ᠤᠨ

ᠰᠤᠷᠭᠠᠭᠤᠯᠢ ᠶᠢᠨ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠬᠥᠮᠥᠵᠢᠭᠦᠯᠬᠦ

ᠪᠦᠭᠦ ᠶᠠᠪᠤᠴᠠ ᠳᠤ ᠠᠭᠤᠰᠤᠯᠴᠠᠭᠤᠯᠬᠤ ᠶᠢ ᠠᠬᠢᠭᠤᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ

ᠬᠥᠮᠦᠵᠢᠯ ᠤᠨ ᠱᠠᠲᠤ ᠦᠶ᠎ᠡ ᠳᠤ ︽ᠠᠳᠠᠯᠢ ᠦᠭᠡ ᠭᠡᠯᠡ ᠦᠰᠦᠭ ᠪᠢᠴᠢᠭ ᠲᠠᠢ ᠪᠠᠶᠢᠯᠭᠠᠬᠤ︾ ᠲᠥᠯᠥᠪᠯᠡᠭᠡ ᠶᠢ

ᠬᠡᠷᠡᠭᠵᠢᠭᠦᠯᠦᠨ᠂ ︽ᠶᠣᠰᠣ ᠰᠤᠷᠲᠠᠬᠤᠨ ᠢᠶᠠᠷ ᠬᠡᠦᠬᠡᠳ ᠬᠥᠮᠥᠵᠢᠭᠦᠯᠬᠦ︾ ᠬᠢᠴᠢᠶᠡᠯ ᠤᠨ ᠲᠠᠩᠬᠢᠮ ᠢ ᠪᠦᠭᠦ

ᠲᠠᠯ᠎ᠠ ᠪᠠᠷ ᠨᠡᠭᠡᠭᠡᠬᠦ ᠭᠡᠷᠡᠭᠲᠡᠶ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ︽ᠳᠤᠮᠳᠠᠳᠤ ᠶᠢᠨ

ᠦᠨᠳᠦᠰᠦᠲᠡᠨ ᠤ ᠶᠡᠭᠡ ᠭᠡᠷ ᠪᠦᠯᠢ︾ ᠵᠡᠷᠭᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ᠂ 12 ᠬᠢᠴᠢᠶᠡᠯ ᠤᠨ

ᠴᠠᠭ ᠠᠴᠠ ᠳᠤᠲᠠᠭᠤ ᠦᠭᠡᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠢ ᠰᠡᠳᠦᠪᠲᠦ

ᠬᠥᠮᠦᠵᠢᠯ ᠢ ᠥᠷᠨᠢᠭᠦᠯᠬᠦ ᠭᠡᠷᠡᠭᠲᠡᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ

ᠱᠠᠲᠤᠨ ᠳᠤ ︽ᠡᠬᠡ ᠤᠯᠤᠰ ᠲᠠᠭᠠᠨ ᠥᠴᠢᠬᠦ ᠮᠢᠨᠤ ᠭᠦᠨ ᠰᠡᠳᠬᠢᠯᠭᠡ ᠶᠢᠨ ᠴᠠᠭᠠᠳᠬᠠᠯ︾ ᠵᠡᠷᠭᠡ ᠠᠵᠢᠯᠯᠠᠭ᠎ᠠ ᠶᠢ

ᠪᠦᠭᠦ ᠲᠠᠯ᠎ᠠ ᠪᠠᠷ ᠥᠷᠨᠢᠭᠦᠯᠵᠦ᠂ ︽ᠳᠤᠮᠳᠠᠳᠤ ᠤᠯᠤᠰ ᠢᠶᠠᠨ ᠬᠠᠶᠢᠷᠠᠯᠠᠬᠤ︾ ᠵᠤᠰᠠᠯᠠᠩ᠂ ᠡᠪᠦᠯ ᠤᠨ ᠠᠵᠢᠯᠯᠠᠭ᠎ᠠ

ᠵᠡᠷᠭᠡ ᠨᠡᠶᠢᠭᠡᠮ ᠤᠨ ᠦᠢᠯᠡᠳᠦᠯᠭᠡ ᠶᠢ ᠥᠷᠭᠡᠨ ᠢᠶᠠᠷ ᠥᠷᠨᠢᠭᠦᠯᠬᠦ ᠭᠡᠷᠡᠭᠲᠡᠢ᠂ ᠳᠡᠭᠡᠳᠦ ᠵᠡᠷᠭᠡ ᠶᠢᠨ ᠰᠤᠷᠭᠠᠨ

ᠬᠥᠮᠦᠵᠢᠯ ᠤᠨ ᠱᠠᠲᠤᠨ ᠳᠤ ᠪᠠᠭᠰᠢ ᠰᠤᠷᠤᠬᠴᠢᠳ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠬᠤᠷᠢᠶᠠᠩᠭᠤᠢ︾ ᠵᠡᠷᠭᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ ᠰᠠᠶᠢᠲᠤᠷ ᠰᠤᠷᠬᠤ ᠶᠢ

ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠨ

ᠬᠢᠴᠢᠶᠡᠩᠭᠦᠶᠢᠯᠡᠨ ᠬᠦᠨᠳᠦᠳᠬᠡᠬᠦ︾ ᠲᠦᠷᠦᠯ ᠵᠦᠢᠯ ᠢ ᠬᠡᠷᠡᠭᠵᠢᠭᠦᠯᠬᠦ ᠬᠡᠷᠡᠭᠲᠡᠢ᠃

    17. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ

ᠦᠰᠦᠭ ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ

ᠭᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠭᠦ ᠢᠨᠵᠧᠨᠧᠷᠢᠩ ᠪᠣᠯᠣᠨ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠤᠯᠤᠰ ᠤᠨ ᠨᠢᠭᠡᠳᠦᠯᠲᠡᠢ

ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂

ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ

ᠪᠢᠴᠢᠭ ᠢ ᠡᠵᠡᠮᠰᠢᠬᠦ ᠪᠠ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃

    18. ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠣᠯᠣᠨ

ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠨᠦᠭᠦᠳ ᠦᠨᠳᠦᠰᠦᠲᠡᠨ ᠤ ᠬᠦᠷᠢᠶᠡᠨ ᠳᠠᠬᠢ ᠲᠦᠭᠰᠢᠭᠦᠷᠢ ᠶᠢᠨ

ᠳᠠᠯᠳᠠ ᠭᠡᠮ ᠢ ᠨᠢᠭᠲᠠ ᠠᠩᠬᠠᠷᠤᠨ᠂ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠲᠦᠭᠰᠢᠭᠦᠷᠢ ᠶᠢᠨ ᠭᠡᠮ ᠰᠣᠭᠤᠭ ᠢ

ᠡᠷᠲᠡᠬᠡᠨ ᠰᠡᠷᠭᠡᠶᠢᠯᠡᠬᠦ᠂ ᠣᠨᠣᠪᠴᠢᠲᠠᠶ ᠪᠠᠷ ᠢᠯᠡᠷᠡᠭᠦᠯᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠴᠠᠭ ᠲᠤᠬᠠᠢ

 ᠳᠤᠨᠢ ᠰᠢᠢᠳᠪᠦᠷᠢᠯᠡᠬᠦ ᠵᠡᠷᠭᠡ ᠳᠦᠷᠢᠮ ᠲᠣᠭᠲᠠᠴᠠ ᠶᠢ ᠪᠦᠷᠢᠨᠰᠢᠭᠦᠯᠵᠦ᠂ ᠳᠠᠶᠢᠰᠤᠩᠨᠠᠭᠴᠢ ᠬᠦᠴᠦᠨ ᠤ ᠨᠡᠪᠴᠢᠯᠲᠡ

ᠬᠢᠬᠦ᠂ ᠡᠪᠳᠡᠯᠡᠭᠡ ᠬᠢᠬᠦ᠂ ᠨᠤᠷᠠᠭᠠᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠ ᠬᠠᠤᠯᠢ ᠶᠣᠰᠣᠭᠠᠷ ᠴᠣᠬᠢᠯᠲᠠ ᠥᠭᠬᠦ

ᠬᠡᠷᠡᠭᠲᠡᠢ᠃ ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠲᠣᠬᠢᠲᠠᠢ

ᠰᠢᠢᠳᠪᠦᠷᠢᠯᠡᠵᠦ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠶᠣᠰᠣᠭᠠᠷ ᠨᠢ ᠰᠢᠢᠳᠪᠦᠷᠢᠯᠡᠬᠦ ᠶᠢ ᠪᠠᠷᠢᠮᠲᠠᠯᠠᠬᠤ

ᠬᠡᠷᠡᠭᠲᠡᠢ᠃

    19. ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠠᠳ ᠲᠤ ᠠᠰᠢᠭ

ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢᠨ ︽ᠪᠦᠷᠢᠨ ᠴᠢᠳᠠᠮᠵᠢᠲᠤ ᠺᠠᠷᠲ︾  ᠢᠶᠠᠷ ᠰᠢᠭᠤᠳ ᠬᠦᠷᠬᠦ

ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠰᠢᠭ ᠲᠤᠰᠠ

ᠬᠠᠮᠢᠭ᠎ᠠ ᠠᠴᠠ ᠢᠷᠡᠭᠰᠡᠨ᠂ ᠠᠰᠢᠭ ᠲᠤᠰᠠ ᠬᠠᠮᠢᠭ᠎ᠠ ᠪᠠᠶᠢᠬᠤ᠂ ᠠᠰᠢᠭ ᠲᠤᠰᠠ ᠬᠡᠳᠦᠢ ᠪᠠᠶᠢᠬᠤ ᠶᠢ ᠮᠡᠳᠡᠭᠦᠯᠵᠦ᠂

ᠦᠨᠡᠨ ᠰᠡᠳᠬᠢᠯ ᠠᠴᠠ ᠪᠠᠨ ᠡᠪ ᠬᠠᠮᠲᠤ ᠨᠠᠮ ᠰᠠᠶᠢᠨ ᠪᠠᠶᠢᠬᠤ᠂ ᠡᠬᠡ ᠤᠯᠤᠰ ᠰᠠᠶᠢᠨ ᠪᠠᠶᠢᠬᠤ ᠶᠢ ᠣᠶᠢᠯᠠᠭᠠᠭᠤᠯᠬᠤ

ᠬᠡᠷᠡᠭᠲᠡᠢ᠃ ᠡᠬᠢ ᠪᠠᠶᠠᠯᠢᠭ ᠤᠨ ᠨᠡᠭᠡᠭᠡᠯᠲᠡ᠂ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ

ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢ ᠦᠨᠡᠯᠡᠬᠦ ᠪᠠ ᠬᠤᠪᠢᠶᠠᠷᠢᠯᠠᠬᠤ ᠲᠣᠭᠲᠠᠴᠠ ᠶᠢ

ᠪᠦᠷᠢᠨᠰᠢᠭᠦᠯᠵᠦ᠂ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠮᠠᠯ ᠠᠵᠤ

ᠠᠬᠤᠢ ᠲᠠᠷᠢᠶᠠᠯᠠᠩ ᠬᠥᠳᠡᠭᠡ ᠲᠤᠰᠬᠤᠨ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ

ᠪᠠᠶᠢᠭᠤᠯᠤᠯᠲᠠ ᠵᠡᠷᠭᠡ ᠲᠥᠷᠥᠯ ᠵᠦᠢᠯ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠬᠦ

ᠬᠡᠪᠴᠢᠶ᠎ᠡ ᠶᠢ ᠥᠷᠭᠡᠳᠬᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠡᠵᠡᠨ

ᠬᠥᠮᠥᠨ ᠤ ᠦᠵᠡᠯ ᠤᠬᠠᠮᠰᠠᠷ ᠢ ᠨᠢ ᠨᠡᠮᠡᠭᠳᠡᠭᠦᠯᠵᠦ᠂ ᠬᠠᠮᠲᠤ ᠪᠠᠷ ᠲᠡᠮᠡᠴᠡᠬᠦ ᠶᠠᠪᠤᠴᠠ ᠳᠤ ᠬᠠᠮᠲᠤ ᠪᠠᠷ ᠪᠠᠶᠠᠵᠢᠬᠤ

ᠵᠠᠮ ᠢᠶᠠᠷ ᠵᠠᠮᠨᠠᠭᠤᠯᠬᠤ ᠬᠡᠷᠡᠭᠲᠡᠢ᠃

    20. ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠳ ᠬᠢᠯᠢ ᠬᠢᠵᠠᠭᠠᠷ ᠣᠷᠣᠨ ᠢ

ᠮᠠᠨᠳᠤᠭᠤᠯᠤᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠭᠤᠣᠯ ᠬᠤᠲᠠ ᠪᠠᠯᠭᠠᠰᠤ ᠶᠢᠨ ᠪᠦᠲᠦᠭᠡᠨ

ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠭᠦᠨᠵᠡᠭᠡᠢ ᠥᠷᠨᠢᠭᠦᠯᠵᠦ᠂ ᠬᠢᠯᠢ ᠳᠠᠭᠠᠤ ᠭᠠᠵᠠᠷ ᠣᠷᠣᠨ ᠤ ᠤᠰᠤ

ᠴᠠᠭᠢᠯᠭᠠᠨ ᠵᠠᠮ ᠴᠢᠮᠡᠭᠡ ᠬᠤᠯᠪᠤᠭ᠎ᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠶᠡᠭᠡ ᠪᠠᠷ

ᠠᠬᠢᠭᠤᠯᠵᠤ᠂ ᠬᠢᠯᠢ ᠳᠠᠭᠠᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠲᠡᠳᠬᠦᠵᠦ᠂

ᠬᠢᠯᠢ ᠬᠢᠵᠠᠭᠠᠷ ᠣᠷᠣᠨ ᠤ ᠵᠠᠬ᠎ᠠ ᠶᠢᠨ ᠠᠷᠠᠯᠵᠢᠶᠠᠨ ᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠬᠢᠯᠢ ᠶᠢᠨ

︽ᠳᠥᠷᠪᠡᠨ ᠬᠠᠮᠲᠤ ᠪᠠᠷ︾ ᠤᠷᠲᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂

ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠬᠢᠯᠢ ᠬᠢᠵᠠᠭᠠᠷ ᠣᠷᠣᠨ ᠢᠶᠠᠨ ᠰᠠᠬᠢᠨ ᠬᠢᠯᠢ ᠬᠢᠵᠠᠭᠠᠷ

ᠣᠷᠣᠨ ᠢᠶᠠᠨ ᠪᠠᠬᠢᠵᠢᠭᠦᠯᠦᠨ ᠬᠢᠯᠢ ᠬᠢᠵᠠᠭᠠᠷ ᠢᠶᠠᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃

    21. ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠦᠭᠦ ᠠᠷᠠᠳ ᠤᠨ

ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠳᠤ

ᠰᠠᠭᠤᠭ᠎ᠠ ᠴᠡᠷᠢᠭ ᠠᠩᠭᠢ ᠯᠤᠭ᠎ᠠ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠪᠠᠨ ᠴᠢᠩᠭᠠᠳᠬᠠᠨ᠂ ᠨᠡᠶᠢᠭᠡᠮ

ᠲᠣᠭᠤᠷᠢᠭ ᠲᠤ ᠴᠡᠷᠢᠭ ᠢᠶᠠᠨ ᠬᠦᠷᠢᠶᠡᠯᠡᠬᠦ᠂ ᠠᠵᠢᠯ ᠲᠥᠷᠥᠯ ᠳᠤ ᠴᠡᠷᠢᠭ ᠢᠶᠠᠨ ᠬᠦᠷᠢᠶᠡᠯᠡᠬᠦ ᠵᠡᠷᠭᠡ ᠠᠵᠢᠯᠯᠠᠭ᠎ᠠ ᠶᠢ

ᠥᠷᠭᠡᠨ ᠳᠡᠯᠭᠡᠷ ᠥᠷᠨᠢᠭᠦᠯᠬᠦ ᠬᠡᠷᠡᠭᠲᠡᠢ᠃ ᠤᠯᠠᠭᠠᠨᠮᠥ᠋ᠴᠢᠷ ᠤᠨ ᠭᠡᠰᠢᠭᠦᠳ ᠢ ᠦᠨᠳᠦᠰᠦᠨ ᠱᠠᠲᠤᠨ ᠤ ᠭᠤᠣᠯᠯᠠᠬᠤ

ᠡᠷᠦᠭᠡ ᠶᠢᠨ ᠴᠡᠷᠢᠭ ᠤᠨ ᠬᠠᠮᠢᠶᠠᠷᠤᠯᠲᠠ ᠳᠤ ᠣᠷᠣᠭᠤᠯᠵᠤ᠂ ᠵᠢᠯ ᠪᠦᠷᠢ ᠶᠢᠨ ᠪᠣᠯᠪᠠᠰᠤᠷᠠᠯ ᠤᠨ ᠴᠠᠭ ᠢ ᠠᠰᠢᠭᠯᠠᠨ

ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠲᠤ ᠲᠣᠬᠤᠨᠢᠭᠤᠯᠬᠤ ᠲᠣᠬᠯᠠᠯᠲᠠ ᠭᠠᠷᠭᠠᠬᠤ ᠬᠡᠷᠡᠭᠲᠡᠢ᠃

ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠢᠨ ᠥᠪᠡᠷᠲᠡᠭᠡᠨ ᠵᠠᠰᠠᠬᠤ ᠣᠷᠣᠨ ᠤ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠳᠤ

ᠢᠳᠡᠪᠬᠢᠲᠡᠢ ᠣᠷᠤᠯᠴᠠᠬᠤ ᠶᠢ ᠳᠡᠮᠵᠢᠬᠦ ᠬᠡᠷᠡᠭᠲᠡᠢ᠃

    22. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠦᠭᠦ ᠨᠡᠶᠢᠭᠡᠮ ᠳᠤ ︽ᠲᠡᠰᠪᠦᠷᠢ ᠬᠠᠲᠠᠭᠤᠵᠢᠯᠲᠠᠢ᠂

ᠴᠤᠴᠠᠯᠲᠠ ᠦᠭᠡᠢ ᠤᠷᠤᠭᠰᠢᠯᠠᠨ᠂ ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠪᠠ

ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠭᠤᠶᠠᠴᠢ ᠦᠭᠡᠢ ᠵᠢᠳᠬᠦᠬᠦ᠂ ᠰᠢᠨᠲᠠᠷᠠᠰᠢ ᠦᠭᠡᠢ ᠴᠢᠷᠮᠠᠶᠢᠬᠤ᠂

ᠤᠳᠠᠭᠠᠨ ᠳᠠᠭᠠᠭᠠᠮᠠᠭᠠᠢ ᠴᠢᠷᠮᠠᠶᠢᠬᠤ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ

ᠪᠠᠳᠠᠷᠠᠭᠤᠯᠵᠤ᠂ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠠᠶᠢᠭᠤᠯᠤᠨ ᠵᠣᠬᠢᠶᠠᠨ

ᠪᠦᠲᠦᠭᠡᠵᠦ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠤᠶ ᠪᠤᠯᠭᠠᠵᠤ᠂

ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠬᠢᠵᠦ ᠦᠢᠯᠡᠰ ᠪᠣᠰᠬᠠᠬᠤ ᠬᠠᠳᠠᠨ ᠵᠣᠷᠢᠭ᠂ ᠡᠷᠴᠢ ᠵᠣᠷᠢᠭ

ᠪᠠ ᠰᠥᠰᠥ ᠵᠣᠷᠢᠭ ᠢᠶᠠᠨ ᠢᠮᠠᠭᠲᠠ ᠪᠠᠷᠢᠮᠲᠠᠯᠠᠬᠤ ᠶᠢ ᠵᠣᠷᠢᠭᠵᠢᠭᠤᠯᠬᠤ ᠬᠡᠷᠡᠭᠲᠡᠢ᠃

    23. ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ

ᠲᠤᠭᠤᠰᠢᠯᠠᠭᠤᠯᠬᠤ ᠶᠢ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ

ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ᠂

ᠲᠣᠭᠤᠷᠢᠨ ᠦᠵᠡᠵᠦ ᠲᠣᠭᠤᠷᠢᠨ ᠪᠠᠶᠢᠴᠠᠭᠠᠬᠤ ᠠᠵᠢᠯ ᠪᠠ ᠵᠠᠰᠠᠭ ᠤᠨ ᠠᠵᠢᠯ ᠤᠨ ᠬᠢᠷᠢ ᠪᠦᠳᠦᠮᠵᠢ ᠶᠢ ᠬᠢᠨᠠᠨ

ᠰᠢᠯᠭᠠᠬᠤ ᠳᠤ ᠣᠷᠣᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ

ᠬᠢᠵᠦ ᠦᠨᠡᠯᠡᠨ ᠰᠢᠯᠭᠠᠬᠤ᠂ ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ

ᠠᠮᠢᠳᠤᠷᠠᠯ ᠤᠨ ᠬᠤᠷᠠᠯ ᠤᠨ ᠬᠠᠷᠭᠤᠭᠤᠯᠤᠨ ᠪᠠᠶᠢᠴᠠᠭᠠᠬᠤ ᠴᠢᠬᠤᠯᠠ ᠠᠭᠤᠯᠭ᠎ᠠ ᠪᠤᠯᠭᠠᠬᠤ ᠬᠡᠷᠡᠭᠲᠡᠢ᠃

    24. ᠡᠯ᠎ᠡ ᠱᠠᠲᠤᠨ ᠤ ᠵᠣᠬᠢᠶᠠᠨ ᠪᠠᠶᠢᠭᠤᠯᠬᠤ ᠪᠠ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠳ

ᠺᠠᠳ᠋ᠷ ᠢ ᠰᠣᠩᠭᠤᠨ ᠬᠥᠮᠥᠵᠢᠭᠦᠯᠵᠦ ᠬᠠᠮᠢᠶᠠᠷᠤᠨ ᠬᠡᠷᠡᠭᠯᠡᠬᠦ ᠪᠦᠭᠦ ᠶᠠᠪᠤᠴᠠ ᠳᠤ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠱᠠᠭᠠᠷᠳᠠᠯᠭ᠎ᠠ ᠶᠢ ᠲᠣᠪᠤᠶᠢᠯᠭᠠᠨ

ᠲᠤᠭᠤᠰᠢᠯᠠᠭᠤᠯᠵᠤ᠂ ᠤᠯᠤᠰ ᠲᠥᠷᠥ ᠶᠢᠨ ᠬᠡᠪ ᠪᠣᠯᠪᠠᠰᠤᠷᠠᠯ ᠤᠨ ᠰᠢᠯᠭᠠᠨ ᠪᠠᠶᠢᠴᠠᠭᠠᠯᠲᠠ ᠶᠢ ᠴᠢᠩᠭᠠᠳᠬᠠᠨ᠂ ︽

ᠳᠥᠷᠪᠡᠨ ᠣᠨᠴᠠᠭᠠᠶ︾ ᠴᠢᠬᠤᠯᠠ ᠱᠠᠭᠠᠷᠳᠠᠯᠭ᠎ᠠ ᠶᠢ ᠺᠠᠳ᠋ᠷ ᠤᠨ ᠳᠡᠪᠰᠢᠵᠦ ᠪᠠᠭᠤᠵᠤ ᠪᠦᠷ ᠪᠤᠯᠬᠤ᠂ ︽

ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠰᠢᠯᠭᠠᠷᠠᠭᠤᠯᠬᠤ ᠶᠢᠨ ᠴᠢᠬᠤᠯᠠ

ᠦᠨᠳᠦᠰᠦᠯᠡᠯ ᠪᠤᠯᠭᠠᠬᠤ ᠬᠡᠷᠡᠭᠲᠡᠢ᠃

    25. ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠶᠢ ᠪᠠᠲᠤ ᠴᠢᠩᠭ᠎ᠠ

ᠪᠠᠬᠢᠯᠡᠯᠲᠡ ︽ᠵᠢᠱᠢᠶᠡᠴᠢ︾ ᠨᠠᠮ ᠤᠨ ᠡᠭᠦᠷ᠂ ︽ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢᠨ ᠲᠡᠷᠢᠭᠦᠨ ᠤ

ᠨᠢᠭᠡᠴᠢ︾ ᠶᠢ ᠡᠭᠦᠳᠦᠨ ᠪᠠᠶᠢᠭᠤᠯᠬᠤ ᠠᠵᠢᠯ ᠤᠨ ᠪᠦᠭᠦ ᠶᠠᠪᠤᠴᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠠᠮ ᠤᠨ

ᠭᠡᠰᠢᠭᠦᠨ ᠢ ᠡᠯᠰᠡᠬᠦ ᠤᠯᠤᠰ ᠲᠦᠷᠦ ᠶᠢᠨ ᠬᠢᠨᠠᠨ ᠪᠠᠶᠢᠴᠠᠭᠠᠯᠲᠠ᠂ ᠨᠠᠮ ᠤᠨ ᠭᠡᠰᠢᠭᠦᠨ ᠢ ᠠᠷᠠᠳᠴᠢᠯᠠᠯ ᠢᠶᠠᠷ

ᠦᠨᠡᠯᠡᠬᠦ ᠶᠢᠨ ᠴᠢᠬᠤᠯᠠ ᠠᠭᠤᠯᠭ᠎ᠠ ᠪᠤᠯᠭᠠᠬᠤ ᠬᠡᠷᠡᠭᠲᠡᠢ᠃

    26. ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠤᠨᠤᠯ ᠪᠣᠯᠣᠨ

ᠦᠢᠯᠡᠳᠦᠯᠭᠡ ᠶᠢᠨ ᠠᠰᠠᠭᠤᠳᠠᠯ ᠤᠨ ᠰᠤᠳᠤᠯᠭᠠᠨ ᠢ ᠴᠢᠩᠭᠠᠳᠬᠠᠵᠤ᠂ ᠲᠡᠭᠦᠨ ᠢ ᠣᠨ ᠤ ᠪᠠᠶᠢᠴᠠᠭᠠᠨ ᠰᠤᠳᠤᠯᠬᠤ

ᠲᠥᠯᠥᠪᠯᠡᠭᠡ ᠳᠤ ᠣᠷᠣᠭᠤᠯᠬᠤ ᠬᠡᠷᠡᠭᠲᠡᠢ᠃ ᠮᠤᠵᠢ ᠶᠢᠨ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ

ᠪᠠᠶᠢᠴᠠᠭᠠᠨ ᠰᠤᠳᠤᠯᠤᠯᠲᠠ ᠬᠢᠵᠦ᠂ ᠵᠢᠯ ᠪᠦᠷᠢ ᠨᠠᠭᠠᠲᠤ ᠵᠠᠬ᠎ᠠ ᠨᠢ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ

ᠦᠷ᠎ᠡ ᠪᠦᠲᠦᠭᠡᠯ ᠢ 1 ᠪᠦᠷᠢᠯᠳᠦᠭᠦᠯᠬᠦ ᠬᠡᠷᠡᠭᠲᠡᠢ᠃

    27. ᠡᠯ᠎ᠡ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤᠮᠳᠠᠬᠢ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ

ᠭᠦᠢᠴᠡᠳ ᠪᠠᠳᠠᠷᠠᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠬᠢᠨᠠᠯᠲᠠ ᠲᠠᠯᠪᠢᠬᠤ ᠳᠤ

ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ

ᠭᠠᠷᠭᠠᠬᠤ ᠬᠡᠷᠡᠭᠲᠡᠢ᠃ ᠡᠯ᠎ᠡ ᠱᠠᠲᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ

ᠪᠠᠶᠢᠭᠤᠯᠤᠮᠵᠢ ᠨᠢ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠴᠤᠭᠯᠠᠭᠤᠯᠤᠨ ᠡᠮᠬᠢᠯᠡᠬᠦ ᠪᠠ ᠣᠨᠳᠣᠣᠰᠢᠭᠤᠯᠬᠤ ᠶᠢ

ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃

    28. ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ

ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠤᠭᠰᠠᠨ ᠪᠠᠶᠢᠳᠠᠯ ᠳᠤ ᠬᠢᠨᠠᠯᠲᠠ

ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠰᠤᠯᠠ ᠪᠠᠶᠢᠭ᠎ᠠ

ᠪᠠᠶᠢᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠥᠪᠡᠷᠲᠡᠭᠡᠨ ᠵᠠᠰᠠᠬᠤ

ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠵᠤ ᠨᠡᠪᠲᠡᠷᠡᠭᠦᠯᠦᠨ

ᠵᠣᠬᠢᠴᠠᠭᠤᠯᠬᠤ ᠲᠣᠭᠲᠠᠴᠠ ᠪᠠ ᠲᠠᠪᠴᠠᠩ ᠢ ᠰᠠᠶᠢᠲᠤᠷ ᠬᠡᠷᠡᠭᠯᠡᠵᠦ᠂ ᠠᠰᠠᠭᠤᠳᠠᠯ ᠢ ᠴᠠᠭ ᠲᠤᠬᠠᠢ ᠳᠤᠨᠢ

ᠢᠯᠡᠷᠡᠭᠦᠯᠵᠦ᠂ ᠠᠯᠳᠠᠭ᠎ᠠ ᠪᠤᠷᠤᠭᠤ ᠶᠢ ᠵᠠᠯᠠᠷᠠᠭᠤᠯᠬᠤ ᠬᠡᠷᠡᠭᠲᠡᠢ᠃

    ᠬᠤᠯᠪᠣᠭᠳᠠᠯ ᠪᠦᠬᠦᠢ ᠨᠡᠷ᠎ᠡ ᠦᠭᠡᠰ ᠤᠨ ᠲᠠᠶᠢᠯᠪᠤᠷᠢ

    1. ︽ᠭᠤᠷᠪᠠᠨ ᠰᠠᠯᠵᠤ ᠴᠢᠳᠠᠬᠤ ᠦᠭᠡᠢ︾᠄ ᠬᠢᠲᠠᠳ ᠦᠨᠳᠦᠰᠦᠲᠡᠨ ᠴᠥᠭᠡᠨ ᠲᠣᠭᠠᠲᠤ

ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ

ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ ᠰᠠᠯᠵᠤ

ᠴᠢᠳᠠᠬᠤ ᠦᠭᠡᠢ᠃

    2. ︽ᠳᠥᠷᠪᠡᠨ ᠬᠠᠮᠲᠤ ᠪᠠᠷ︾᠄ ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ

ᠦᠨᠳᠦᠰᠦᠲᠡᠨ ᠨᠦᠭᠦᠳ ᠬᠠᠮᠲᠤ ᠪᠠᠷ ᠨᠡᠭᠡᠭᠡᠭᠰᠡᠨ ᠶᠤᠮ᠂ ᠮᠠᠨ ᠤ ᠥᠨᠢ ᠤᠳᠠᠭᠠᠨ ᠲᠡᠦᠬᠡ ᠶᠢ

ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ᠂ ᠮᠠᠨ ᠤ ᠭᠡᠷᠡᠯ ᠰᠠᠴᠤᠷᠠᠩᠭᠤᠢ ᠰᠣᠶᠣᠯ ᠢ

ᠦᠨᠳᠦᠰᠦᠲᠡᠨ ᠨᠦᠭᠦᠳ ᠬᠠᠮᠲᠤ ᠪᠠᠷ ᠡᠭᠦᠳᠦᠭᠰᠡᠨ ᠶᠤᠮ᠂ ᠮᠠᠨ ᠤ ᠠᠭᠤᠤ ᠶᠡᠭᠡ ᠵᠣᠷᠢᠭ ᠰᠠᠨᠠᠭ᠎ᠠ ᠶᠢ

ᠦᠨᠳᠦᠰᠦᠲᠡᠨ ᠨᠦᠭᠦᠳ ᠬᠠᠮᠲᠤ ᠪᠠᠷ ᠪᠣᠶᠢᠵᠢᠭᠤᠯᠤᠭᠰᠠᠨ ᠶᠤᠮ᠃

    3. ︽ᠳᠥᠷᠪᠡᠨ ᠬᠠᠮᠲᠤᠳᠬᠠᠬᠤ︾᠄ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ

ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠭᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ

ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠎ᠠ᠃

    4. ︽ᠲᠠᠪᠤᠨ ᠬᠠᠮᠲᠤ ᠶᠢᠨ ᠲᠠᠨᠢᠯᠲᠠ︾᠄ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂

ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠬᠠᠮᠲᠤ ᠶᠢᠨ ᠲᠠᠨᠢᠯᠲᠠ᠃

    5. ︽ᠲᠠᠪᠤᠨ ᠦᠵᠡᠯᠲᠡ︾᠄ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂

ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠶ ᠪᠣᠯᠭᠠᠨ᠎ᠠ᠃

    6. ︽ᠳᠣᠯᠣᠭᠠᠨ ᠲᠠᠯ᠎ᠠ ᠪᠠᠷ ᠵᠢᠱᠢᠶᠡᠴᠢ ᠪᠤᠯᠬᠤ︾᠄ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ

ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ ᠨᠢᠭᠲᠠ ᠲᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ

ᠲᠠᠯ᠎ᠠ ᠪᠠᠷ ᠵᠢᠱᠢᠶᠡᠴᠢ ᠪᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠲᠠᠯ᠎ᠠ ᠪᠠᠷ ᠵᠢᠱᠢᠶᠡᠴᠢ ᠪᠤᠯᠬᠤ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠤᠯᠬᠤ᠂ ᠬᠢᠯᠢ

ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ ᠬᠠᠮᠲᠤ ᠪᠠᠷ ᠪᠠᠶᠠᠵᠢᠭᠤᠯᠬᠤ ᠵᠠᠮ ᠳᠡᠭᠡᠷ᠎ᠡ ᠵᠢᠱᠢᠶᠡᠴᠢ ᠪᠤᠯᠬᠤ᠂

ᠬᠢᠯᠢ ᠬᠢᠵᠠᠭᠠᠷ ᠢ ᠮᠠᠨᠳᠤᠭᠤᠯᠵᠤ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠲᠠᠯ᠎ᠠ ᠪᠠᠷ

ᠵᠢᠱᠢᠶᠡᠴᠢ ᠪᠤᠯᠬᠤ᠂ ᠬᠢᠯᠢ ᠬᠢᠵᠠᠭᠠᠷ ᠤᠨ ᠭᠠᠵᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ

ᠣᠷᠴᠢᠯ ᠢ ᠬᠤᠯᠪᠣᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠤᠯᠬᠤ᠂ ᠰᠢᠨ᠎ᠡ ᠰᠤᠷᠲᠠᠯ ᠲᠥᠪ ᠰᠤᠷᠲᠠᠯ ᠢ

ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠤᠯᠬᠤ᠃

    7. ︽ᠵᠢᠷᠭᠤᠭᠠᠨ ᠥᠭᠦᠯᠡᠪᠦᠷᠢ ᠦᠭᠡᠨ ᠳᠠᠬᠢ ᠪᠣᠳᠠᠲᠤ ᠶᠠᠪᠤᠳᠠᠯ ᠪᠠ ᠶᠣᠰᠣ ᠤᠴᠢᠷ︾᠄ ᠥᠪᠥᠷ ᠮᠣᠩᠭᠤᠯ

ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ

 ᠶᠢ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠭᠤᠳ ᠤᠳᠤᠷᠢᠳᠤᠯᠭ᠎ᠠ

ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶ᠎ᠠ ᠶᠢᠨ ᠳᠡᠮᠵᠢᠯᠭᠡ ᠳᠣᠣᠷ᠎ᠠ

ᠬᠥᠭᠵᠢᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠬᠡᠯᠪᠡᠷᠢᠯ ᠵᠥᠷᠢᠶ᠎ᠡ

 ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ

ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ

ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ

ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠤᠭᠰᠠᠨ ᠳᠤ ᠪᠤᠢ᠃

    8. ᠪᠤᠶ ᠪᠦᠬᠦᠢ ᠥᠭᠡᠷᠡᠴᠢᠯᠡᠯᠲᠡ ᠬᠥᠭᠵᠢᠯᠲᠡ ᠳᠤ ︽ᠭᠤᠷᠪᠠᠨ ᠠᠴᠢ ᠬᠤᠯᠪᠣᠭᠳᠠᠯ︾  ᠢ ᠣᠯᠭᠤᠪᠠ᠄ ᠪᠤᠶ

ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠤᠯ ᠢ ᠡᠰᠡᠷᠭᠦᠴᠡᠬᠦ ᠠᠴᠢ

ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠠᠴᠢ

ᠬᠤᠯᠪᠣᠭᠳᠠᠯ ᠣᠯᠭᠤᠪᠠ᠃

    9. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ

ᠨᠢᠭᠡᠴᠢ ᠶᠢᠨ ︽ᠵᠠᠭᠤ ᠮᠢᠩᠭ᠎ᠠ ᠲᠦᠮᠡ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ︾ ᠢᠨᠵᠧᠨᠧᠷᠢᠩ᠄

2027 ᠣᠨ ᠪᠤᠯᠬᠤ ᠳᠤ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ᠂ ᠠᠶᠢᠮᠠᠭ ᠬᠤᠲᠠ ᠪᠠ

ᠬᠤᠰᠢᠭᠤ ᠰᠢᠶᠠᠨ ︵ᠬᠤᠲᠠ᠂ ᠲᠣᠭᠤᠷᠢᠭ︶  ᠤ ᠲᠠᠰ ᠤᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ

ᠨᠢᠭᠡᠴᠢ ᠶᠢᠨ ᠲᠤᠭ᠎ᠠ ᠶᠢ 100 ᠠᠴᠠ ᠳᠡᠭᠡᠭᠰᠢ᠂ 1000 ᠠᠴᠠ ᠳᠡᠭᠡᠭᠰᠢ᠂ 10000 ᠠᠴᠠ ᠳᠡᠭᠡᠭᠰᠢ ᠳᠤ

ᠬᠦᠷᠭᠡᠬᠦ ᠪᠠᠷ ᠴᠢᠷᠮᠠᠶᠢᠨ᠎ᠠ᠃

    10. ︽ᠳᠥᠷᠪᠡᠨ ᠣᠨᠴᠠᠭᠠᠶ︾᠄ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ

ᠣᠪᠣᠷ ᠣᠨᠴᠠᠭᠠᠶ ᠡᠷᠡᠰ ᠰᠢᠭᠤᠷᠬᠠᠢ᠂ ᠵᠥᠪ ᠪᠤᠷᠤᠭᠤ ᠶᠢ ᠲᠣᠳᠣᠷᠬᠠᠢ ᠢᠯᠭᠠᠬᠤ ᠵᠣᠭᠰᠣᠯᠲᠠ ᠣᠨᠴᠠᠭᠠᠶ ᠰᠡᠷᠭᠡᠭ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯᠯᠠᠭ᠎ᠠ

ᠣᠨᠴᠠᠭᠠᠶ ᠡᠷᠡᠰ ᠪᠠᠲᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠠᠶᠢᠷᠠᠯᠠᠬᠤ ᠰᠡᠳᠬᠢᠯᠭᠡ ᠣᠨᠴᠠᠭᠠᠶ

ᠦᠨᠡᠨᠴᠢ᠃

     

 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号