| ᠠᠯᠠᠱᠠ ᠪᠠᠷᠠᠭᠤᠨ ᠬᠤᠰᠢᠭᠤᠨ ᠤ ᠪᠠᠶᠠᠨᠭᠤᠣᠯ ᠰᠤᠮᠤ ᠶᠢᠨ ᠲᠥᠪ ᠤᠨ ᠥᠷᠭᠡᠨ ᠠᠭᠤᠳᠠᠮ ᠵᠡᠭᠡᠯᠢ | ᠭᠤᠳᠤᠮᠵᠢ ᠪᠠᠷ ᠠᠯᠬᠤᠯᠠᠬᠤ ᠳᠤ᠂ ᠣᠷᠴᠢᠨ ᠲᠣᠭᠤᠷᠢᠨ ᠴᠡᠪᠡᠷ ᠴᠡᠮᠴᠡᠭᠡᠷ᠂ ᠨᠠᠰᠤᠲᠠᠶᠢᠴᠤᠳ ᠲᠠᠪᠤ ᠭᠤᠷᠪᠠ ᠪᠠᠷ | ᠰᠤᠮᠤ ᠶᠢᠨ ᠨᠠᠮ ᠤᠨ ᠪᠠᠶᠢᠭᠤᠯᠤᠯᠲᠠ ᠶᠢᠨ ᠰᠣᠶᠣᠯ ᠤᠨ ᠲᠠᠯᠠᠪᠠᠢ ᠳᠤ ᠰᠡᠯᠡᠭᠦᠴᠡᠨ ᠲᠣᠭᠤᠷᠢᠬᠤ ᠪᠤᠶᠤ ᠪᠡᠶ᠎ᠡ ᠪᠠᠨ | ᠪᠤᠯᠪᠠᠰᠤᠷᠠᠭᠤᠯᠵᠤ᠂ ᠬᠥᠵᠥᠷ ᠲᠣᠭᠯᠠᠨ ᠵᠣᠭᠤᠭᠳᠠᠵᠤ ᠪᠠᠶᠢᠯ᠎ᠠ᠃ | ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠪᠠᠶᠠᠨᠭᠤᠣᠯ ᠰᠤᠮᠤ ︽ᠨᠠᠮ ᠤᠨ ᠠᠴᠢ | ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠳᠤ ᠲᠦᠰᠢᠭᠯᠡᠨ᠂ ᠰᠤᠮᠤᠨ ᠤ ᠨᠠᠮ ᠤᠨ ᠬᠤᠷᠢᠶ᠎ᠠ ᠬᠠᠮᠤᠭ ᠤᠨ ᠲᠡᠷᠢᠭᠦᠨ ᠳᠤ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠩᠭᠢ ᠶᠢ ᠪᠠᠶᠢᠭᠤᠯᠵᠤ | ᠂ ᠡᠯ᠎ᠡ ᠭᠠᠴᠠᠭ᠎ᠠ ᠳᠤ ᠭᠦᠨᠵᠡᠭᠡᠶᠢᠷᠡᠨ ︽ᠬᠥᠭᠵᠢᠯᠲᠡ ᠶᠢᠨ ᠲᠠᠩᠰᠠ︾ ︽ᠠᠷᠠᠳ ᠤᠨ ᠠᠮᠢᠳᠤᠷᠠᠯ ᠤᠨ ᠲᠠᠩᠰᠠ︾ | ᠪᠠ ︽ᠲᠣᠳᠣᠷᠬᠠᠢ ᠲᠠᠩᠰᠠ︾ ᠶᠢ ᠲᠣᠳᠣᠷᠬᠠᠢ ᠪᠤᠳᠤᠵᠤ᠂ ᠣᠯᠠᠨ ᠲᠦᠮᠡᠨ ᠢ ᠳᠠᠭᠠᠭᠤᠯᠤᠨ ᠬᠠᠮᠲᠤ ᠪᠠᠷ | ᠴᠢᠨᠡᠭᠡᠯᠢᠭᠵᠢᠬᠦ ᠵᠠᠮ ᠢᠶᠠᠷ ᠰᠠᠶᠢᠲᠤᠷ ᠵᠠᠮᠨᠠᠭᠰᠠᠨ ᠢᠶᠠᠷ ︽ᠬᠠᠮᠲᠤ ᠶᠢᠨ ᠠᠵᠤ ᠠᠬᠤᠢ ᠶᠢᠨ ᠬᠥᠭᠵᠢᠯᠲᠡ ᠲᠦᠷᠭᠡᠨ᠂ | ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠲᠣᠭᠲᠠᠭᠤᠨ᠂ ᠨᠠᠮ ᠪᠠ ᠣᠯᠠᠨ ᠲᠦᠮᠡᠨ ᠰᠡᠳᠬᠢᠯ ᠵᠢᠷᠦᠬᠡ ᠪᠠᠨ | ᠬᠤᠯᠪᠣᠵᠤ᠂ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ︾ ᠰᠠᠶᠢᠨ ᠰᠠᠶᠢᠬᠠᠨ ᠪᠠᠶᠢᠳᠠᠯ ᠢᠯᠡᠷᠡᠭᠰᠡᠨ ᠪᠠᠶᠢᠨ᠎ᠠ᠃ | | ︽ᠬᠥᠭᠵᠢᠯᠲᠡ ᠶᠢᠨ ᠲᠠᠩᠰᠠ︾ ᠶᠢ ᠰᠠᠶᠢᠲᠤᠷ ᠪᠤᠳᠤᠵᠤ᠂ ᠳᠠᠪᠠᠭᠤᠯᠢᠭ ᠢᠶᠠᠨ ᠭᠦᠢᠴᠡᠳ ᠠᠰᠢᠭᠯᠠᠨ᠂ | ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠡᠮᠡᠭᠡᠨ ᠤ ᠠᠵᠤ ᠦᠢᠯᠡᠰ᠂ ᠮᠠᠯᠴᠢᠨ ᠠᠶᠢᠯ ᠤᠨ | ᠵᠢᠭᠤᠯᠴᠢᠯᠠᠯ ᠢ ᠬᠥᠭᠵᠢᠭᠦᠯᠬᠦ ᠪᠠ ᠢᠳᠡᠰᠢᠨ ᠨᠣᠭᠤᠭ᠎ᠠ ᠳᠠᠷᠢᠬᠤ ᠶᠢ ᠳᠠᠶᠢᠴᠢᠯᠠᠪᠠ᠃ ᠵᠥᠪᠭᠡᠨ ᠪᠠᠶᠠᠨᠭᠤᠣᠯ | ᠭᠠᠴᠠᠭ᠎ᠠ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠣᠷᠣᠯᠭ᠎ᠠ ᠨᠢ 50 ᠭᠠᠷᠤᠢ ᠲᠦᠮᠡᠨ ᠲᠥᠭᠦᠷᠢᠭ ᠲᠤ | ᠬᠦᠷᠴᠦ᠂ ᠰᠤᠪᠤᠷᠭ᠎ᠠ ᠭᠠᠴᠠᠭ᠎ᠠ ᠶᠢᠨ ᠮᠠᠯ ᠤᠨ ᠲᠠᠯᠠᠪᠠᠶ ᠠᠴᠠ ᠭᠠᠴᠠᠭ᠎ᠠ ᠶᠢᠨ ᠬᠠᠮᠲᠤ ᠶᠢᠨ ᠠᠵᠤ ᠠᠬᠤᠢ ᠳᠤ 8 | ᠲᠦᠮᠡᠨ ᠲᠥᠭᠦᠷᠢᠭ ᠲᠤᠰᠢᠶᠠᠬᠤ ᠪᠣᠯᠤᠭᠰᠠᠨ ᠪᠠᠶᠢᠨ᠎ᠠ᠃ 2023 ᠣᠨ ᠳᠤ ᠭᠠᠴᠠᠭ᠎ᠠ ᠶᠢᠨ ᠬᠠᠮᠲᠤ ᠶᠢᠨ ᠠᠵᠤ | ᠠᠬᠤᠢ ᠨᠢ ᠳᠤᠮᠳᠠᠴᠢ ᠪᠠᠷ 10 ᠲᠦᠮᠡᠨ ᠲᠥᠭᠦᠷᠢᠭ ᠢ ᠳᠠᠪᠠᠵᠤ᠂ ᠣᠯᠠᠨ ᠲᠦᠮᠡᠨ ᠤ ᠠᠮᠢᠳᠤᠷᠠᠯ ᠢ ᠪᠠᠲᠤᠯᠠᠭ᠎ᠠ ᠲᠠᠢ | ᠂ ᠬᠠᠮᠲᠤ ᠪᠠᠷ ᠠᠵᠢᠯᠯᠠᠬᠤ ᠳᠤ ᠵᠠᠷᠤᠳᠠᠯ ᠲᠠᠢ᠂ ᠠᠵᠤ ᠠᠬᠤᠢ ᠶᠢᠨ ᠬᠥᠭᠵᠢᠯᠲᠡ ᠶᠢ ᠰᠡᠯᠭᠦᠬᠦ ᠬᠦᠴᠦᠨ ᠲᠠᠢ | ᠪᠤᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠡᠢ᠃ | ︽ᠠᠷᠠᠳ ᠤᠨ ᠠᠮᠢᠳᠤᠷᠠᠯ ᠤᠨ ᠲᠠᠩᠰᠠ︾ ᠶᠢ ᠨᠠᠷᠢᠨ ᠪᠤᠳᠤᠵᠤ᠂ ᠠᠷᠠᠳ ᠤᠨ ᠰᠡᠳᠬᠢᠯ ᠢ ᠢᠲᠡᠭᠡᠯ ᠲᠠᠢ | ᠪᠣᠯᠭᠠᠪᠠ᠃ ᠨᠠᠮ ᠤᠨ ᠭᠡᠰᠢᠭᠦᠳ ᠬᠤᠰᠢᠭᠤᠴᠢ ᠵᠢᠱᠢᠶᠡᠴᠢ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠲᠦᠰᠢᠭᠯᠡᠨ ᠦᠨᠳᠦᠰᠦᠨ ᠱᠠᠲᠤᠨ ᠳᠤ ᠭᠦᠨᠵᠡᠭᠡᠶᠢᠷᠡᠨ᠂ ᠣᠯᠠᠨ | ᠲᠦᠮᠡᠨ ᠤ ᠬᠠᠮᠤᠭ ᠠᠴᠠ ᠢᠯᠡᠭᠦᠦ ᠬᠦᠰᠡᠵᠦ ᠪᠠᠶᠢᠭ᠎ᠠ ᠶᠠᠪᠤᠳᠠᠯ ᠠᠴᠠ ᠡᠬᠢᠯᠡᠨ ᠬᠢᠵᠦ᠂ ᠨᠠᠮ ᠤᠨ ᠭᠡᠰᠢᠭᠦᠨ ᠤ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ 7 ᠪᠠᠶᠢᠭᠤᠯᠵᠤ᠂ ︽ᠠᠷᠠᠳ ᠲᠤ ᠠᠰᠢᠭ ᠬᠦᠷᠲᠡᠭᠡᠬᠦ ᠲᠦᠷᠦ ᠶᠢᠨ | ᠪᠣᠳᠣᠯᠭ᠎ᠠ ᠶᠢ ᠲᠦᠮᠡᠨ ᠡᠷᠦᠭᠡ ᠳᠤ ᠬᠦᠷᠭᠡᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠂ ᠤᠬᠠᠭᠤᠯᠤᠨ | ᠲᠠᠶᠢᠯᠪᠤᠷᠢᠯᠠᠬᠤ᠂ ᠦᠢᠯᠡᠴᠢᠯᠡᠬᠦ ᠠᠵᠢᠯᠯᠠᠭ᠎ᠠ ᠶᠢ 30 ᠭᠠᠷᠤᠢ ᠤᠳᠠᠭ᠎ᠠ ᠬᠢᠪᠡ᠃ 2023 ᠣᠨ ᠳᠤ ︽ᠨᠢᠭᠡ | ᠺᠠᠷᠲ ᠢᠶᠠᠷ ᠨᠡᠪᠲᠡᠷᠡᠭᠦᠯᠬᠦ︾ ᠭᠡᠯᠪᠠᠷᠢ ᠪᠠᠷ 522 ᠡᠷᠦᠭᠡ ᠶᠢᠨ1824 ᠬᠥᠮᠥᠨ 2423 ᠲᠦᠮᠡ ᠭᠠᠷᠤᠢ | ᠲᠥᠭᠦᠷᠢᠭ ᠤᠨ ᠨᠤᠲᠤᠭ ᠪᠡᠯᠴᠢᠭᠡᠷ ᠤᠨ ᠱᠠᠩᠨᠠᠯ ᠨᠥᠬᠦᠪᠦᠷᠢ ᠶᠢᠨ ᠮᠥᠩᠭᠦ ᠣᠯᠭᠤᠪᠠ᠂ ᠰᠤᠮᠤᠨ ᠤ 80 | ᠨᠠᠰᠤᠨ ᠠᠴᠠ ᠳᠡᠭᠡᠭᠰᠢᠬᠢ 57 ᠨᠠᠰᠤᠲᠠᠨ ᠳᠤ 35.34 ᠲᠦᠮᠡᠨ ᠲᠥᠭᠦᠷᠢᠭ ᠤᠨ ᠥᠨᠳᠥᠷ ᠨᠠᠰᠤᠨ ᠤ ᠨᠥᠬᠦᠪᠦᠷᠢ | ᠣᠯᠭᠤᠪᠠ᠃ ᠡᠯ᠎ᠡ ᠭᠠᠴᠠᠭᠠᠨ ᠤ ᠪᠦᠭᠦ ᠠᠵᠢᠯᠲᠠᠨ ᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ | ᠬᠢᠬᠦ ᠶᠢ 100% ᠪᠠᠷ ᠪᠡᠶᠡᠯᠡᠭᠦᠯᠵᠦ᠂ ᠤᠯᠠᠨ ᠲᠦᠮᠡᠨ ᠳᠤ ᠴᠡᠪᠡᠷ ᠲᠣᠬᠢᠯᠢᠭ᠂ ᠡᠶ᠎ᠡ ᠵᠣᠬᠢᠴᠠᠩᠭᠤᠢ ᠣᠷᠣᠰᠢᠨ | ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠴᠡᠢ᠃ | ︽ᠲᠠᠩᠰᠠ ᠶᠢ ᠲᠣᠳᠣᠷᠬᠠᠢ ᠪᠤᠳᠤᠵᠤ︾᠂ ᠸᠢᠴᠠᠲ ᠤᠨ ᠨᠡᠶᠢᠲᠡ ᠶᠢᠨ ᠳ᠋ᠤᠭᠠᠷ᠂ ᠭᠠᠴᠠᠭ᠎ᠠ ᠶᠢᠨ ᠢᠯᠡ | ᠨᠡᠶᠢᠲᠡᠯᠡᠬᠦ ᠪᠤᠯᠤᠩ ᠵᠡᠷᠭᠡ ᠣᠯᠠᠨ ᠵᠦᠢᠯ ᠤᠨ ᠭᠡᠯᠪᠡᠷᠢ ᠪᠠᠷ ᠭᠠᠴᠠᠭ᠎ᠠ ᠲᠣᠰᠬᠤᠨ ᠤ ᠶᠠᠪᠤᠳᠠᠯ᠂ ᠡᠳ᠋ ᠤᠨ | ᠶᠠᠪᠤᠳᠠᠯ ᠤᠨ ︽ᠲᠠᠩᠰᠠ︾ ᠶᠢ ᠢᠯᠡ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠣᠯᠠᠨ | ᠲᠦᠮᠡᠨ ᠲᠠᠢ ᠣᠶᠢᠷᠠᠲᠤᠭᠰᠠᠨ᠂ ᠤᠯᠠᠮᠵᠢᠯᠠᠭᠳᠠᠬᠤ ᠳᠤ ᠭᠢᠯᠪᠠᠷ᠂ ᠣᠶᠢᠯᠠᠭᠠᠬᠤ ᠳᠤ ᠠᠮᠠᠷᠬᠠᠨ ᠦᠭᠡ ᠭᠡᠯᠡ ᠪᠠᠷ ︽ | ᠲᠠᠩᠰᠠ︾ ᠶᠢ ᠢᠯᠡ ᠨᠡᠶᠢᠲᠡᠯᠡᠪᠡ᠃ ᠰᠤᠮᠤ ᠶᠢᠨ ᠤᠳᠤᠷᠢᠳᠬᠤ ᠪᠠᠭ᠂ ᠭᠠᠴᠠᠭ᠎ᠠ ᠶᠢᠨ ︽ᠬᠤᠶᠠᠷ ᠵᠥᠪᠯᠡᠯ︾᠂ | ᠲᠣᠰᠬᠤᠨ ᠳᠤ ᠰᠠᠭᠤᠭ᠎ᠠ ᠺᠠᠳ᠋ᠷᠴᠤᠳ ᠮᠠᠯᠴᠢᠨ ᠲᠠᠷᠢᠶᠠᠴᠢᠨ ᠤ ᠭᠡᠷ ᠲᠤ ᠭᠦᠨᠵᠡᠭᠡᠶᠢᠷᠡᠨ ︽ᠭᠤᠷᠪᠠ ᠶᠢ ᠣᠷᠣᠭᠤᠯᠵᠤ | ᠭᠤᠷᠪᠠ ᠶᠢ ᠠᠰᠠᠭᠤᠵᠤ ᠭᠤᠷᠪᠠ ᠳᠤ ᠦᠢᠯᠡᠴᠢᠯᠡᠬᠦ︾ ᠠᠵᠢᠯᠯᠠᠭ᠎ᠠ ᠶᠢ ᠥᠷᠨᠢᠭᠦᠯᠪᠡ᠃ ᠮᠠᠯᠴᠢᠨ ᠲᠠᠷᠢᠶᠠᠴᠢᠳ ᠤᠨ | ᠲᠥᠯᠥᠭᠡᠯᠡᠭᠴᠢᠳ ᠤᠨ ᠬᠤᠷᠠᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠬᠤᠷᠠᠯᠳᠤᠭᠤᠯᠬᠤ ᠶᠢ ᠪᠠᠷᠢᠮᠲᠠᠯᠠᠨ᠂ | ᠬᠠᠮᠲᠤ ᠶᠢᠨ ᠡᠯ᠎ᠡ ᠵᠦᠢᠯ ᠤᠨ ᠠᠵᠢᠯ ᠢᠶᠠᠨ ᠬᠠᠮᠲᠤᠪᠠᠷ ᠬᠠᠮᠢᠶᠠᠷᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢ ᠪᠠᠲᠤᠯᠠᠪᠠ᠃ ︽ᠳᠥᠷᠪᠡ ᠶᠢ ᠵᠥᠪᠯᠡᠵᠦ ᠬᠤᠶᠠᠷ ᠢ ᠢᠯᠡ ᠪᠤᠯᠭᠠᠬᠤ︾ ᠠᠵᠢᠯ ᠤᠨ ᠠᠷᠭ᠎ᠠ ᠶᠢ | ᠬᠡᠷᠡᠭᠵᠢᠭᠦᠯᠵᠦ᠂ ᠬᠠᠮᠲᠤ ᠶᠢᠨ ᠴᠢᠬᠤᠯᠠ ᠶᠡᠭᠡ ᠵᠦᠢᠯᠡᠰ᠂ ᠴᠢᠬᠤᠯᠠ ᠲᠣᠮᠣ ᠭᠡᠷ᠎ᠡ᠂ ᠴᠢᠬᠤᠯᠠ ᠰᠢᠢᠳᠪᠦᠷᠢᠲᠦ | ᠪᠣᠳᠣᠯᠭ᠎ᠠ ᠵᠢᠴᠢ ᠮᠠᠯᠴᠢᠨ ᠲᠠᠷᠢᠶᠠᠴᠢᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠬᠠᠮᠢᠶ᠎ᠠ ᠪᠦᠬᠦᠢ ᠤᠴᠢᠷ ᠶᠠᠪᠤᠳᠠᠯ ᠪᠦᠭᠦᠨ ᠢ ᠢᠯᠡ ᠪᠤᠯᠭᠠᠬᠤ ᠶᠢ ᠬᠡᠷᠡᠭᠵᠢᠭᠦᠯᠦᠨ᠂ ᠡᠯ᠎ᠡ ᠭᠠᠴᠠᠭᠠᠨ ᠤ ᠨᠠᠮ ᠤᠨ | ᠶᠠᠪᠤᠳᠠᠯ᠂ ᠵᠠᠰᠠᠭ ᠤᠨ ᠶᠠᠪᠤᠳᠠᠯ ᠪᠠ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠢᠯᠡ | ᠨᠡᠶᠢᠲᠡᠯᠡᠵᠦ᠂ ᠰᠠᠷ᠎ᠠ ᠪᠦᠷᠢ ᠨᠢᠭᠡ ᠤᠳᠠᠭ᠎ᠠ ᠰᠢᠨᠡᠳᠬᠡᠨ᠂ ︽ᠢᠯᠠ ᠪᠠᠷ ᠵᠠᠰᠠᠭ ᠪᠠᠷᠢᠵᠤ᠂ ᠠᠷᠢᠭᠤᠨ ᠴᠢᠬᠡᠴᠢ ᠪᠠᠷ | ᠰᠦᠷ ᠬᠦᠴᠦᠨ ᠢᠶᠠᠨ ᠱᠤᠭᠤᠬᠤ︾ ᠶᠢ ᠦᠨᠡᠨ ᠬᠦ ᠪᠡᠶᠡᠯᠡᠭᠦᠯᠪᠡ᠃ | ᠁ |