ᠪᠠᠲᠤᠪᠦ᠋ᠷᠢᠨ ᠨᠠᠰᠤᠲᠠᠨ ᠭᠡᠷ ᠤᠨ ᠬᠥᠮᠦᠵᠢᠯ ᠤᠨ ᠲᠤᠬᠠᠢ ᠣᠶᠣᠨ ᠤ ᠲᠣᠭᠯᠠᠭᠠᠮ ᠤᠨ ᠱᠠᠩᠨᠠᠯᠲᠤ ᠤᠷᠤᠯᠳᠤᠭᠠᠨ ᠡᠷᠭᠢᠯᠡᠪᠡ
ᠨᠡᠶᠢᠲᠡᠯᠡᠭᠰᠡᠨ ᠴᠠᠭ᠄
2024/5/29
                              ᠠᠯᠠᠱᠠ ᠵᠡᠭᠦᠨ ᠬᠤᠰᠢᠭᠤᠨ ᠤ ᠰᠣᠶᠣᠯ ᠤᠨ ᠣᠷᠳᠣᠨ᠂ ᠠᠯᠠᠱᠠ ᠵᠡᠭᠦᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠵᠤ᠂ ᠠᠯᠠᠱᠠ ᠬᠤᠱᠣᠳ ᠥᠯᠢᠭᠡᠷ ᠲᠡᠦᠬᠡᠲᠦ ᠠᠷᠠᠳ ᠤᠨ ᠳᠠᠭᠤᠤ ᠤᠯᠠᠮᠵᠢᠯᠠᠯᠲᠤ ᠶᠣᠰᠣ ᠵᠠᠩᠰᠢᠯ ᠤᠨ ᠬᠤᠯᠪᠣᠭᠠᠨ ᠤ ᠠᠬᠠᠯᠠᠭᠴᠢ᠂ ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤᠨ ᠤ ᠠᠵᠢᠯ ᠤᠨ ᠠᠮᠠᠷᠠᠯᠲᠠ ᠪᠠᠨ ᠠᠪᠤᠭᠰᠠᠨ ᠠᠬᠠᠮᠠᠳ ᠺᠠᠳ᠋ᠷ ᠪᠠᠲᠤᠪᠦ᠋ᠷᠢᠨ ᠤ ᠵᠣᠬᠢᠶᠠᠨ ᠪᠠᠶᠢᠭᠤᠯᠤᠭᠰᠠᠨ ᠬᠥᠬᠡ ᠯᠤᠤ ᠵᠢᠯ ᠤᠨ ᠴᠠᠭᠠᠨ ᠰᠠᠷ᠎ᠠ ᠶᠢᠨ ᠭᠡᠷ ᠤᠨ ᠬᠥᠮᠦᠵᠢᠯ ᠤᠨ ᠲᠤᠬᠠᠢ ᠤᠶᠤᠨ ᠤ ᠲᠣᠭᠯᠠᠭᠠᠮ ᠤᠨ ᠱᠠᠩᠨᠠᠯᠲᠤ ᠤᠷᠤᠯᠳᠤᠭᠠᠠ ᠠᠮᠵᠢᠯᠲᠠ ᠲᠠᠢ ᠶᠠᠪᠤᠭᠳᠠᠯ᠎ᠠ᠃      ᠪᠠᠲᠤᠪᠦ᠋ᠷᠢᠨ ᠪᠣᠯ 500 ᠭᠡᠰᠢᠭᠦᠨ ᠲᠠᠢ ᠠᠯᠠᠱᠠ ᠬᠤᠱᠣᠳ ᠥᠯᠢᠭᠡᠷ ᠲᠡᠦᠬᠡᠲᠦ ᠠᠷᠠᠳ ᠤᠨ ᠳᠠᠭᠤᠤ ᠶᠢᠨ ᠤᠯᠠᠮᠵᠢᠯᠠᠯᠲᠤ ᠶᠣᠰᠣ ᠵᠠᠩᠰᠢᠯ ᠤᠨ ᠬᠤᠯᠪᠣᠭᠠᠨ ᠤ ᠠᠬᠠᠯᠠᠭᠴᠢ᠂ ᠡᠨᠡᠬᠦ ᠬᠤᠯᠪᠤᠭ᠎ᠠ ᠨᠢ ᠭᠤᠣᠯᠳᠠᠭᠤ ᠭᠠᠯ ᠲᠡᠭᠢᠯᠭ᠎ᠠ ᠶᠢᠨ ᠶᠣᠰᠣ᠂ ᠪᠢᠲᠡᠭᠦᠯᠡᠬᠦ ᠶᠣᠰᠣ᠂ ᠰᠢᠨᠡᠯᠡᠬᠦ ᠶᠣᠰᠣ᠂ ᠠᠷᠠᠳ ᠤᠨ ᠳᠠᠭᠤᠤ᠂ ᠬᠤᠯᠪᠤᠭ᠎ᠠ ᠰᠢᠯᠦᠭ᠂ ᠥᠯᠢᠭᠡᠷ ᠲᠣᠮᠤᠭ ᠵᠡᠷᠭᠡ ᠶᠢ ᠰᠣᠯᠢᠯᠴᠠᠨ ᠰᠤᠷᠤᠯᠴᠠᠬᠤ ᠪᠠᠷ ᠭᠤᠣᠯᠯᠠᠭᠰᠠᠨ ᠤᠯᠠᠨ ᠲᠦᠮᠡᠨᠴᠢ ᠤᠳᠬ᠎ᠠ ᠤᠷᠠᠯᠢᠭ ᠤᠨ ᠬᠤᠯᠪᠤᠭ᠎ᠠ ᠪᠤᠯᠬᠤ ᠶᠤᠮ᠃      ᠲᠤᠰ ᠤᠳᠠᠭᠠᠨ ᠤ ᠤᠷᠤᠯᠳᠤᠭᠠᠠ ᠳᠤ 73 ᠨᠠᠰᠤᠲᠠᠢ ᠪᠠᠲᠤᠪᠦ᠋ᠷᠢᠨ ᠨᠠᠰᠤᠲᠠᠨ ᠭᠠᠷ ᠤᠲᠠᠰᠤ ᠪᠠᠷ ᠢᠶᠠᠨ ᠲᠠᠮᠵᠢᠨ ᠤᠯᠠᠮᠵᠢᠯᠠᠯᠲᠤ ᠭᠡᠷ ᠤᠨ ᠬᠥᠮᠦᠵᠢᠯ ᠤᠨ ᠲᠤᠬᠠᠢ ᠵᠦᠢᠷ ᠰᠡᠴᠡᠨ ᠦᠭᠡ᠂ ᠣᠨᠢᠰᠤᠭ᠎ᠠ ᠲᠠᠭᠠᠬᠤ᠂ ᠦᠭᠡ ᠳᠠᠭᠠᠬᠤ ᠵᠡᠷᠭᠡ ᠭᠤᠷᠪᠠᠨ ᠲᠥᠷᠤᠯ ᠤᠨ ᠰᠡᠳᠦᠪ ᠤᠨ ᠲᠣᠭᠤᠷᠢᠨ ᠳᠤ ᠰᠢᠯᠭᠠᠷᠠᠭᠤᠯᠤᠯᠲᠠ ᠬᠢᠵᠦ᠂ ᠨᠡᠶᠢᠳᠡ ᠬᠤᠪᠢ ᠎ ᠨᠢ 100 ᠬᠤᠪᠢ ᠪᠣᠯᠣᠨ᠎ᠠ᠃ ᠤᠷᠤᠯᠳᠤᠭᠠᠠ ᠳᠤ ᠥᠪᠥᠷ ᠮᠣᠩᠭᠤᠯ ᠤᠨ ᠠᠯᠠᠱᠠ᠂ ᠰᠢᠯᠢ ᠶᠢᠨ ᠭᠤᠣᠯ᠂ ᠬᠥᠯᠥᠨ ᠪᠤᠶᠢᠷ ᠵᠡᠷᠭᠡ ᠠᠶᠢᠮᠠᠭ ᠤᠨ ᠣᠷᠣᠯᠴᠠᠭᠴᠢ ᠠᠴᠠ ᠭᠠᠳᠠᠨ᠎ᠠ᠂ ᠬᠥᠬᠡᠨᠠᠭᠤᠷ᠂ ᠰᠢᠨᠵᠢᠶᠠᠩ ᠵᠡᠷᠭᠡ ᠮᠤᠵᠢ ᠣᠷᠣᠨ ᠤ 12 ᠬᠥᠮᠥᠨ ᠣᠷᠣᠯᠴᠠᠵᠠᠢ᠃ ᠡᠭᠦᠨ ᠳᠤ ᠣᠯᠠᠩᠬᠢ ᠨᠢ ᠮᠠᠯᠴᠢᠨ ᠲᠠᠷᠢᠶᠠᠴᠢᠨ᠂ ᠠᠵᠢᠯ ᠤᠨ ᠠᠮᠠᠷᠠᠯᠲᠠ ᠪᠠᠨ ᠠᠪᠤᠭᠰᠠᠨ ᠺᠠᠳ᠋ᠷ ᠠᠵᠢᠯᠲᠠᠨ ᠪᠠᠶᠢᠵᠤ᠂ ᠲᠡᠳᠡ ᠪᠦᠭᠦᠳᠡ ᠤᠯᠠᠮᠵᠢᠯᠠᠯᠲᠤ ᠭᠡᠷ ᠤᠨ ᠬᠥᠮᠦᠵᠢᠯ ᠢᠶᠠᠨ ᠤᠯᠠᠮᠵᠢᠯᠠᠨ ᠳᠡᠯᠭᠡᠷᠡᠭᠦᠯᠵᠦ᠂ ᠬᠡᠦᠬᠡᠳ ᠢᠶᠠᠨ ᠵᠥᠪ ᠢᠶᠠᠷ ᠰᠤᠷᠭᠠᠨ ᠬᠥᠮᠥᠵᠢᠭᠦᠯᠬᠦ ᠬᠠᠷᠠᠯᠲᠠ ᠲᠠᠢ ᠠᠵᠢ᠃      ᠤᠷᠤᠯᠳᠤᠭᠠᠠ ᠤ ᠳ᠋ᠦᠩ ᠳᠤ᠂ ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤᠨ ᠤ ᠰᠦᠮᠪᠦᠷᠪᠠᠲᠤ ᠮᠠᠩᠯᠠᠶᠢᠯᠠᠵᠤ᠂ ᠠᠯᠠᠱᠠ ᠪᠠᠷᠠᠭᠤᠨ ᠬᠤᠰᠢᠭᠤᠨ ᠤ ᠪᠠᠶᠠᠨᠭᠤᠣᠯ ᠰᠤᠮᠤᠨ ᠤ ᠰᠣᠶᠣᠯᠴᠡᠴᠡᠭ ᠳᠡᠳ᠋ᠯᠡᠨ᠂ ᠠᠯᠠᠱᠠ ᠶᠢᠨ ᠬᠤᠶᠠᠷᠬᠤᠳᠳᠤᠭ ᠤᠨ ᠬᠥᠳᠡᠭᠡ ᠶᠢᠨ ᠰᠤᠷᠭᠠᠭᠤᠯᠢ ᠶᠢᠨ ᠪᠠᠭᠰᠢ ᠭᠡᠷᠡᠯ ᠭᠤᠷᠪᠠᠳᠤᠭᠠᠷ ᠲᠤ ᠲᠣᠳᠣᠷᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号