2024 ᠣᠨ ᠳᠤ ᠰᠤᠷᠭᠠᠨ ᠬᠥᠮᠦᠵᠢᠯ ᠤᠨ ᠬᠢᠨ ᠤ ᠬᠢᠬᠦ 7 ᠭᠤᠣᠯᠳᠠᠯᠭ᠎ᠠ ᠲᠠᠢ ᠠᠵᠢᠯ
ᠨᠡᠶᠢᠲᠡᠯᠡᠭᠰᠡᠨ ᠴᠠᠭ᠄
2024/5/29
     1 ᠰᠠᠷ᠎ᠠ ᠳᠤ ᠬᠤᠷᠠᠯᠳᠤᠭᠤᠯᠤᠭᠰᠠᠨ 2024 ᠣᠨ ᠤ ᠪᠦᠭᠦ ᠤᠯᠤᠰ ᠤᠨ ᠰᠤᠷᠭᠠᠨ ᠬᠥᠮᠦᠵᠢᠯ ᠤᠨ ᠠᠵᠢᠯ ᠎ ᠤᠨ ᠬᠤᠷᠠᠯ ᠠᠴᠠ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠎ ᠢᠶᠠᠷ ᠲᠦᠯᠬᠢᠨ ᠠᠬᠢᠭᠤᠯᠬᠤ ᠲᠠᠯ᠎ᠠ ᠪᠠᠷ 7 ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠳᠤᠷᠠᠳᠪᠠ᠃      ᠨᠢᠭᠡ᠂ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠦᠨᠳᠦᠰᠦᠨ ᠡᠭᠦᠷᠭᠡ ᠶᠢᠨ ᠰᠢᠨ᠎ᠡ ᠠᠬᠤᠢ ᠪᠠᠶᠢᠳᠠᠯ ᠰᠢᠨ᠎ᠡ ᠳᠦᠷᠢ ᠲᠥᠷᠬᠦ ᠶᠢ ᠬᠦᠴᠦᠨ ᠢᠶᠠᠨ ᠲᠥᠪᠯᠡᠷᠡᠭᠦᠯᠦᠨ ᠪᠠᠶᠢᠭᠤᠯᠤᠨ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠰᠤᠯᠠᠷᠠᠭᠤᠯᠤᠯ ᠦᠭᠡᠢ ᠠᠳᠬᠤᠵᠤ᠂ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠢᠨᠵᠧᠨᠧᠷᠢᠩ ᠢ ᠡᠬᠢᠯᠡᠭᠦᠯᠦᠨ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠨ᠂ ᠪᠡᠶ᠎ᠡ ᠰᠡᠳᠬᠢᠴᠡ ᠶᠢᠨ ᠡᠷᠡᠭᠦᠯ ᠮᠠᠨᠳᠤ ᠪᠠᠷ ᠰᠢᠪᠲᠤᠯᠬᠤ ᠴᠡᠭ ᠪᠣᠯᠭᠠᠨ ︽ᠲᠠᠪᠤ ᠶᠢ ᠬᠥᠮᠥᠵᠢᠭᠦᠯᠬᠦ︾᠎ ᠶᠢ ᠴᠢᠩᠭᠠᠷᠠᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠳ ᠤᠨ ᠴᠢᠨᠠᠷ ᠰᠠᠶᠢᠲᠠᠢ ᠪᠦᠷᠢᠨ ᠭᠦᠢᠴᠡᠳ ᠠᠵᠢᠯ ᠣᠯᠬᠤ ᠶᠢ ᠠᠬᠢᠭᠤᠯᠵᠤ᠂ ᠰᠤᠷᠤᠬᠴᠢᠳ ᠤᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ ᠶᠢ ᠬᠥᠲᠥᠯᠥᠨ ᠵᠢᠯᠣᠭᠤᠳᠤᠨ᠎ᠠ᠃      ᠬᠤᠶᠠᠷ᠂ ᠥᠨᠳᠥᠷ ᠳᠡᠰ ᠤᠨ ᠰᠤᠷᠭᠠᠨ ᠬᠥᠮᠦᠵᠢᠯ ᠤᠨ ᠲᠣᠯᠣᠭᠠᠶᠢᠯᠠᠬᠤ ᠦᠢᠯᠡᠳᠦᠯ ᠢ ᠴᠢᠩᠭᠠᠳᠬᠠᠨ᠎ᠠ       ︽ᠬᠤᠶᠠᠷ ᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ︾᠎ ᠶᠢ ᠦᠷᠭᠦᠯᠵᠢᠯᠠᠠ ᠠᠳᠬᠤᠵᠤ᠂ ᠰᠢᠨᠵᠢᠯᠡᠭᠡ ᠮᠡᠷᠭᠡᠵᠢᠯ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠂ ᠶᠡᠭᠡ ᠰᠤᠷᠭᠠᠭᠤᠯᠢ ᠶᠢᠨ ᠰᠠᠭᠤᠷᠢ ᠰᠤᠳᠤᠯᠭᠠᠨ ᠤ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠡᠷᠭᠡᠵᠢᠯ ᠤᠨ ᠰᠢᠯᠵᠢᠯᠲᠡ ᠎ ᠶᠢᠨ ᠬᠤᠯᠪᠣᠭᠠᠰᠤ ᠪᠠᠷ ︽ᠳᠦᠷᠪᠡᠠ ᠬᠡᠯᠬᠢᠶ᠎ᠡ︾᠎ ᠶᠢᠨ ᠠᠭᠤᠰᠤᠯᠴᠠᠯ ᠢ ᠠᠬᠢᠭᠤᠯᠤᠨ᠂ ᠳᠦᠷᠦ ᠶᠢ ᠵᠠᠰᠠᠵᠤ ᠵᠠᠰᠠᠭ ᠢ ᠡᠷᠭᠢᠯᠡᠭᠦ ᠳᠤ ᠦᠢᠯᠡᠴᠢᠯᠡᠬᠦ᠂ ᠶᠡᠭᠡ ᠳᠡᠭᠡᠳᠦ ᠰᠤᠷᠭᠠᠭᠤᠯᠢ ᠶᠢᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠭᠤᠷᠪᠠ᠂ ᠰᠠᠭᠤᠷᠢ ᠰᠤᠷᠭᠠᠨ ᠬᠥᠮᠦᠵᠢᠯ ᠤᠨ ᠰᠠᠭᠤᠷᠢ ᠴᠡᠭ ᠢ ᠤᠯᠠᠮ ᠨᠢᠭᠡ ᠠᠯᠬᠤᠮ ᠪᠠᠲᠤᠳᠬᠠᠨ᠎ᠠ      ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ ᠴᠢᠭᠯᠡᠭᠦᠯᠦᠨ ᠪᠠᠷᠠᠯᠠᠯᠳᠤ ᠪᠠᠶᠢᠷᠢᠯᠠᠭᠤᠯᠤᠯᠲᠠ ᠶᠢ ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠢ ᠳᠡᠭᠡᠭᠰᠢᠯᠡᠭᠦᠯᠦᠨ ᠰᠢᠯᠢᠳᠡᠭᠵᠢᠭᠦᠯᠬᠦ ᠢᠨᠵᠧᠨᠧᠷᠢᠩ ᠢ ᠭᠦᠨᠵᠡᠭᠡᠶᠢᠷᠡᠭᠦᠯᠦᠨ᠂ ︽ᠬᠤᠶᠠᠷ ᠢ ᠪᠠᠭᠤᠷᠠᠭᠤᠯᠬᠤ︾ ᠦᠷ᠎ᠡ ᠪᠦᠳᠦᠮᠵᠢ ᠶᠢ ᠪᠠᠲᠤᠳᠬᠠᠨ ᠭᠦᠨᠵᠡᠭᠡᠶᠢᠷᠡᠭᠦᠯᠵᠦ᠂ ᠰᠤᠷᠤᠬᠴᠢᠳ ᠤᠨ ᠪᠦᠭᠦ ᠲᠠᠯ᠎ᠠ ᠪᠠᠷ ᠬᠥᠭᠵᠢᠬᠦ ᠪᠠ ᠨᠡᠶᠢᠭᠡᠮ ᠤᠨ ᠪᠦᠭᠦ ᠲᠠᠯ᠎ᠠ ᠪᠠᠷ ᠳᠠᠪᠰᠢᠬᠤ᠂ ᠤᠯᠤᠰ ᠬᠦᠴᠦᠷᠬᠡᠭᠵᠢᠵᠦ ᠦᠨᠳᠦᠰᠦᠲᠡᠨ ᠰᠡᠷᠭᠦᠨ ᠮᠠᠨᠳᠤᠬᠤ ᠳᠤ ᠰᠠᠭᠤᠷᠢ ᠶᠢ ᠴᠣᠭᠴᠠᠯᠠᠨ᠂ ᠬᠦᠴᠦᠨ ᠢ ᠨᠥᠭᠡᠴᠡᠯᠡᠨ᠎ᠡ᠃      ᠳᠥᠷᠪᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠪᠠ ᠲᠠᠲᠠᠬᠤ ᠬᠦᠴᠦᠨ ᠢ ᠨᠡᠮᠡᠭᠳᠡᠭᠦᠯᠦᠨ᠎ᠡ      ᠠᠵᠤ ᠦᠢᠯᠡᠰ ᠲᠠᠢ ᠤᠶᠠᠯᠳᠤᠭᠤᠯᠤᠨ᠂ ᠣᠷᠣᠨ ᠨᠤᠲᠤᠭ ᠪᠠ ᠵᠠᠰᠠᠭ ᠤᠨ ᠣᠷᠳᠣᠨ ᠤ ᠳᠦᠷᠦ ᠶᠢᠨ ᠪᠣᠳᠣᠯᠭ᠎ᠠ ᠲᠠᠢ ᠤᠶᠠᠯᠳᠤᠭᠤᠯᠤᠨ᠂ ᠨᠡᠶᠢᠭᠡᠮ ᠤᠨ ᠣᠷᠣᠨ ᠲᠣᠭᠤᠷᠢᠭ ᠤᠨ ᠪᠦᠲᠦᠴᠡ ᠲᠠᠢ ᠤᠶᠠᠯᠳᠤᠭᠤᠯᠵᠤ᠂ ᠬᠤᠪᠢ ᠬᠥᠮᠥᠨ ᠤ ᠨᠠᠰᠤᠠ ᠲᠤᠷᠰᠢᠲᠠ ᠶᠢᠨ ᠰᠤᠷᠤᠯᠴᠠᠯᠭ᠎ᠠ ᠲᠠᠢ ᠤᠶᠠᠯᠳᠤᠭᠤᠯᠬᠤ ᠶᠢ ᠪᠠᠷᠢᠮᠲᠠᠯᠠᠨ᠂ ᠮᠤᠵᠢ ᠶᠢᠨ ᠲᠣᠭᠤᠷᠢᠭ ᠤᠨ ᠣᠳᠣᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠳᠠ ᠶᠢᠨ ᠲᠣᠭᠤᠷᠢᠭ ᠤᠨ ᠠᠵᠤ ᠦᠢᠯᠡᠰ ᠵᠢᠭᠠᠨ ᠰᠤᠷᠭᠠᠯᠲᠠ ᠶᠢᠨ ᠬᠤᠯᠪᠣᠭᠠᠲᠤ ᠴᠣᠭᠴᠠ᠂ ᠠᠵᠢᠯ ᠳᠦᠷᠦᠯ ᠤᠨ ᠠᠵᠤ ᠦᠢᠯᠡᠰ ᠵᠢᠭᠠᠨ ᠰᠤᠷᠭᠠᠯᠲᠠ ᠶᠢᠨ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠯᠢ ᠲᠦᠷᠭᠡᠨ ᠰᠢᠪᠲᠤᠯᠤᠯᠲᠠ ᠲᠠᠢ ᠪᠣᠯᠭᠠᠨ᠂ ᠬᠥᠮᠥᠨ ᠤ ᠦᠰᠦᠠ ᠪᠤᠶᠢᠵᠢᠯᠳᠠ ᠪᠠᠷ ᠭᠤᠣᠯ ᠪᠣᠯᠭᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦ ᠨᠡᠮᠡᠷᠢᠯᠡᠬᠦ ᠪᠠᠷ ᠦᠨᠳᠦᠰᠦᠨ ᠠᠭᠤᠯᠭ᠎ᠠ ᠪᠤᠯᠭᠠᠵᠤ᠂ ᠰᠤᠷᠭᠠᠭᠤᠯᠢ ᠡᠷᠭᠢᠯᠡᠭᠦ ᠶᠠᠰᠤ ᠴᠢᠨᠠᠷ ᠥᠨᠳᠥᠷ᠂ ᠦᠢᠯᠡᠳᠪᠦᠷᠢᠯᠡᠬᠦ ᠰᠤᠷᠤᠯᠴᠠᠬᠤ ᠶᠢ ᠤᠶᠠᠯᠳᠤᠭᠤᠯᠤᠭᠰᠠᠨ ᠨᠢ ᠴᠢᠨᠠᠷ ᠰᠠᠶᠢᠲᠠᠢ ᠪᠠᠶᠢᠬᠤ ᠶᠢ ᠪᠡᠶᠡᠯᠡᠭᠦᠯᠦᠨ᠎ᠡ᠃      ᠲᠠᠪᠤ᠂ ᠰᠤᠷᠭᠠᠨ ᠬᠥᠮᠦᠵᠢᠯ ᠤᠨ ᠳᠤᠭᠠᠴᠢᠯᠠᠯᠳᠠ ᠶᠢᠨ ᠰᠢᠨ᠎ᠡ ᠵᠠᠮ ᠢ ᠳᠠᠰᠤᠷᠠᠯᠳᠠ ᠦᠭᠡᠢ ᠨᠡᠭᠡᠭᠡᠨ᠎ᠡ      ᠣᠶᠤᠨᠲᠤ ᠰᠤᠷᠭᠠᠨ ᠬᠥᠮᠦᠵᠢᠯ ᠤᠨ ᠵᠠᠰᠠᠯᠲᠠ ᠶᠢ ᠬᠡᠷᠡᠭᠵᠢᠭᠦᠯᠵᠦ᠂ ᠳᠡᠯᠡᠬᠡᠶᠢᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠨ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠤᠨ᠎ᠠ᠃      ᠵᠢᠷᠭᠤᠭ᠎ᠠ᠂ ᠥᠨᠳᠥᠷ ᠲᠦᠪᠰᠢᠨ ᠪᠦᠬᠦᠢ ᠰᠤᠷᠭᠠᠨ ᠬᠥᠮᠦᠵᠢᠯ ᠤᠨ ᠭᠠᠳᠠᠭᠰᠢ ᠨᠡᠭᠡᠭᠡᠯᠲᠡ ᠬᠢᠬᠦ ᠶᠢ ᠪᠠᠲᠤ ᠠᠬᠢᠭᠤᠯᠤᠨ᠎ᠠ      ᠪᠠᠶᠢᠯᠳᠤᠬᠤ ᠪᠣᠳᠣᠯᠭ᠎ᠠ ᠶᠢᠨ ᠠᠷᠭ᠎ᠠ ᠪᠠᠷᠢᠯ ᠢᠶᠠᠨ ᠲᠡᠭᠦᠯᠳᠡᠷᠵᠢᠭᠦᠯᠵᠦ᠂ ᠥᠨᠳᠥᠷ ᠲᠦᠪᠰᠢᠨ ᠪᠦᠬᠦᠢ ︽ᠳᠠᠳᠠᠠ ᠤᠷᠤᠭᠤᠯᠬᠤ︾ ᠪᠠ ︽ᠭᠠᠷᠭᠠᠵᠤ ᠶᠠᠪᠤᠭᠤᠯᠬᠤ︾᠎ ᠶᠢ ᠨᠢᠭᠡᠳᠦᠯᠲᠡᠢ ᠲᠥᠯᠥᠪᠵᠢᠭᠦᠯᠵᠦ᠂ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠣᠷᠤᠯᠴᠠᠬᠤ ᠠᠷᠭ᠎ᠠ ᠵᠠᠮ ᠢ ᠣᠨᠣᠴᠠᠲᠠᠢ ᠣᠯᠵᠤ᠂ ᠮᠠᠨ ᠎ ᠤ ᠤᠯᠤᠰ ᠤᠨ ᠰᠤᠷᠭᠠᠨ ᠬᠥᠮᠦᠵᠢᠯ ᠤᠨ ᠳᠡᠯᠡᠬᠡᠢ ᠳᠠᠬᠢ ᠨᠥᠯᠥᠭᠡ ᠬᠦᠴᠦᠨ ᠢ ᠳᠠᠰᠤᠷᠠᠯᠳᠠ ᠦᠭᠡᠢ ᠨᠡᠮᠡᠭᠳᠡᠭᠦᠯᠦᠨ᠎ᠡ᠃      ᠳᠤᠯᠤᠭ᠎ᠠ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ      ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠠᠭᠰᠢ ᠶᠢᠨ ᠡᠩᠨᠡᠭᠡ ᠶᠢ ᠪᠤᠯᠪᠠᠰᠤᠷᠠᠭᠤᠯᠬᠤ ᠰᠢᠨ᠎ᠡ ᠰᠡᠳᠬᠢᠬᠦᠢ ᠪᠠᠨ ᠥᠷᠭᠡᠳᠬᠡᠨ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠠ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ᠂ ᠪᠠᠭᠰᠢ ᠶᠢ ᠬᠦᠨᠳᠦᠳᠬᠡᠨ ᠶᠣᠰᠣ ᠰᠤᠷᠲᠠᠬᠤᠨ ᠢ ᠡᠷᠭᠢᠮᠯᠡᠭᠦ ᠨᠡᠶᠢᠭᠡᠮ ᠤᠨ ᠰᠤᠷᠲᠠᠯ ᠢ ᠪᠤᠢ ᠪᠣᠯᠭᠠᠨ᠂ ᠪᠠᠭᠰᠢ ᠶᠢ ᠬᠦᠴᠦᠷᠬᠡᠭᠵᠢᠭᠦᠯᠬᠦ ᠪᠠᠷ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ ᠶᠢ ᠲᠤᠯᠭᠠᠭᠤᠷᠢᠯᠠᠨ᠎ᠠ᠃      ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ      ᠰᠤᠷᠭᠠᠨ ᠬᠥᠮᠦᠵᠢᠯ ᠨᠢ ᠡᠷᠬᠡᠪᠰᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠎ ᠳᠤ ᠦᠢᠯᠡᠴᠢᠯᠡᠵᠦ᠂ ᠠᠷᠠᠳ ᠲᠦᠮᠡᠨ ᠳᠤ ᠦᠢᠯᠡᠴᠢᠯᠡᠵᠦ᠂ ᠡᠷᠬᠡᠪᠰᠢ ᠦᠢᠯᠡᠳᠪᠦᠷᠢᠯᠡᠯ ᠭᠦᠳᠠᠯᠮᠤᠷᠢ ᠪᠠ ᠨᠡᠶᠢᠭᠡᠮ ᠎ ᠤᠨ ᠦᠢᠯᠡᠳᠦᠯᠭᠡ ᠲᠠᠢ ᠬᠠᠷᠢᠯᠴᠠᠨ ᠤᠶᠠᠯᠳᠤᠵᠤ᠂ ᠶᠣᠰᠣ ᠰᠤᠷᠲᠠᠬᠤᠨ ᠤᠶᠤᠠ ᠤᠬᠠᠭᠠᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠭᠦᠳᠠᠯᠮᠤᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ᠃                    
 
ᠢᠷᠡᠯᠲᠡ᠄ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号