ᠥᠪᠥᠷ ᠮᠣᠩᠭᠤᠯ ᠤᠨ ᠪᠤᠢ ᠪᠦᠬᠦᠢ ᠰᠤᠷᠤᠬᠴᠢ ᠲᠠᠢ ᠬᠤᠯᠪᠣᠭᠳᠠᠨ᠎ᠠ
ᠨᠡᠶᠢᠲᠡᠯᠡᠭᠰᠡᠨ ᠴᠠᠭ᠄
2024/5/29
           ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠬᠴᠢᠳ ᠤᠨ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ 2023 ᠣᠨ ᠤ 12 ᠰᠠᠷ᠎ᠠ ᠶᠢᠨ 25᠎ ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠭᠡᠷ᠂ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠭᠦ ᠣᠷᠣᠨ ᠤ ᠬᠡᠪᠴᠢᠶᠡᠨ ᠳᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ 6 ᠰᠠᠷ᠎ᠠ ᠶᠢᠨ ᠬᠤᠭᠤᠴᠠᠭ᠎ᠠ ᠲᠠᠢ ᠥᠷᠨᠢᠭᠦᠯᠬᠦ ᠪᠠᠷ ᠪᠣᠯᠪᠠ᠃ ᠣᠳᠣ ᠨᠡᠶᠢᠭᠡᠮ ᠳᠤ ᠬᠠᠨᠳᠤᠭᠤᠯᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠰᠠᠭᠤᠳᠠᠯ ᠤᠨ ᠰᠦᠪᠡᠭᠴᠢ ᠶᠢ ᠴᠤᠭᠯᠠᠭᠤᠯᠵᠤ ᠪᠤᠢ᠂ ᠵᠢᠱᠢᠶᠡᠯᠡᠪᠡᠯ ᠰᠤᠷᠭᠠᠭᠤᠯᠢ ︵ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠠᠭᠲᠠᠨ᠎ᠠ︶ ᠎ ᠶᠢᠨ ᠬᠤᠭᠤᠯᠠᠨ ᠭᠡᠷ᠂ ᠰᠤᠷᠭᠠᠭᠤᠯᠢ ᠶᠢᠨ ᠬᠤᠭᠤᠯᠠᠨ ᠭᠡᠷ ᠢ ᠳᠠᠭᠠᠭᠠᠴᠢᠯᠠᠨ ᠡᠵᠡᠩᠨᠡᠵᠦ ᠪᠠᠶᠢᠭ᠎ᠠ ᠠᠵᠤ ᠠᠬᠤᠶᠢᠯᠠᠯ᠂ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠢ ᠵᠡᠷᠭᠡ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠥᠮ ᠡᠯᠧᠺᠲᠷᠣᠨ ᠰᠢᠤᠳᠠᠨ ᠤ ᠵᠦᠢᠯ᠂ ᠤᠲᠠᠰᠤ ᠶᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠡᠨ ᠪᠣᠳᠠᠲᠠᠢ ᠬᠦᠴᠦᠨ ᠲᠡᠭᠦᠯᠳᠡᠷ ᠠᠰᠠᠭᠤᠳᠠᠯ ᠤᠨ ᠰᠦᠪᠡᠭᠴᠢ ᠶᠢ ᠬᠠᠩᠭᠠᠬᠤ ᠶᠢᠨ ᠬᠠᠮᠲᠤ ᠬᠠᠮᠢᠶ᠎ᠠ ᠪᠦᠬᠦᠢ ᠭᠡᠷᠡᠴᠢᠯᠡᠯ ᠤᠨ ᠮᠠᠲ᠋ᠧᠷᠢᠶᠠᠯ ᠢ ᠬᠠᠮᠲᠤ ᠳᠤᠨᠢ ᠬᠠᠩᠭᠠᠵᠤ ᠪᠣᠯᠣᠨ᠎ᠠ᠃ ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠪᠠᠭᠰᠢ ᠰᠤᠷᠤᠬᠴᠢ᠂ ᠭᠡᠷ ᠤᠨ ᠠᠬᠠᠮᠠᠳ ᠢᠯᠡᠴᠢᠯᠡᠨ ᠵᠠᠭᠠᠯᠳᠤᠬᠤ ᠤᠲᠠᠰᠤ ᠪᠠ ᠢᠮᠧᠯ ᠢᠶᠠᠷ ᠳᠠᠮᠵᠢᠭᠤᠯᠤᠨ᠂ ᠰᠤᠷᠭᠠᠭᠤᠯᠢ ᠶᠢᠨ ᠬᠤᠭᠤᠯᠠᠨ ᠭᠡᠷ᠂ ᠰᠤᠷᠭᠠᠭᠤᠯᠢ ᠶᠢᠨ ᠬᠤᠭᠤᠯᠠᠨ ᠭᠡᠷ ᠢ ᠳᠠᠭᠠᠭᠠᠴᠢᠯᠠᠨ ᠡᠵᠡᠩᠨᠡᠭᠦᠯᠦᠭᠰᠡᠨ ᠪᠤᠶᠤ ᠨᠠᠶᠢᠳᠠᠵᠤ ᠡᠵᠡᠩᠨᠡᠭᠦᠯᠦᠭᠰᠡᠨ ᠠᠵᠤ ᠠᠬᠤᠶᠢᠯᠠᠯ᠂ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠢ ᠵᠡᠷᠭᠡ ᠳᠤ ᠣᠷᠣᠰᠢᠵᠤ ᠪᠠᠶᠢᠭ᠎ᠠ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠢᠯᠡᠴᠢᠯᠡᠨ ᠵᠠᠭᠠᠯᠳᠤᠬᠤ ᠶᠢ ᠪᠠᠶᠠᠷᠯᠠᠨ ᠤᠭᠲᠤᠵᠤ᠂ ᠬᠠᠮᠲᠤ ᠪᠠᠷ ᠬᠢᠨᠠᠯᠲᠠ ᠲᠠᠯᠪᠢᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠥᠷᠭᠡᠨ ᠤᠯᠠᠨ ᠪᠠᠭᠰᠢ ᠰᠤᠷᠤᠬᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠵᠣᠷᠢᠵᠤ ᠪᠤᠢ᠃    
 
ᠢᠷᠡᠯᠲᠡ᠄ ᠠᠷᠠᠳ ᠤᠨ ᠰᠦᠯᠵᠢᠶ᠎ᠡ ᠠᠴᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号