ᠵᠢᠷᠭᠠᠯᠰᠠᠶᠢᠬᠠᠨ ᠪᠠᠯᠭᠠᠰᠤᠨ ᠳᠤ ︽ᠪᠦᠯᠬᠦᠮᠳᠡᠯ ᠤᠨ ᠴᠡᠴᠡᠭ︾ ᠳᠡᠯᠭᠡᠷᠡᠨ ︽ᠵᠢᠷᠭᠠᠯ ᠤᠨ ᠵᠢᠮᠢᠰ︾ ᠦᠷᠡᠯᠡᠨ᠎ᠡ
ᠨᠡᠶᠢᠲᠡᠯᠡᠭᠰᠡᠨ ᠴᠠᠭ᠄
2024/5/29
                  ᠰᠤᠷᠪᠤᠯᠵᠢᠯᠠᠬᠴᠢ ᠽᠧᠩ ᠯᠢᠩ ᠹᠧᠢ      ᠡᠨᠡ ᠬᠤᠶᠠᠷ ᠡᠳᠦᠷ᠂ ᠬᠤᠶᠠᠷᠬᠤᠳᠳᠤᠭ ᠤᠨ ᠬᠥᠳᠡᠭᠡ ᠶᠢᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ ᠣᠷᠣᠨ ᠤ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠎ ᠤᠨ ᠤᠬᠠᠭᠤᠯᠤᠨ ᠲᠠᠶᠢᠯᠪᠤᠷᠢᠯᠠᠭᠴᠢ ᠰᠠᠷᠠᠨ᠎ᠠ ᠵᠢᠷᠭᠠᠯᠰᠠᠶᠢᠬᠠᠨ ᠪᠠᠯᠭᠠᠰᠤᠨ ᠤ ᠤᠯᠠᠭᠠᠨᠬᠤᠳᠳᠤᠭ ᠭᠠᠴᠠᠭᠠᠨ ᠤ ᠮᠠᠯᠴᠢᠳ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠵᠢᠴᠢ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾᠂ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠤᠮᠫᠠᠨᠢ ᠶᠢ ᠪᠦᠲᠦᠭᠡᠨ ᠪᠠᠶᠢᠭᠤᠯᠤᠭᠰᠠᠨ︾ ᠵᠡᠷᠭᠡ ᠰᠡᠳᠬᠢᠯ ᠬᠥᠳᠡᠯᠭᠡᠮ᠎ᠡ ᠦᠯᠢᠭᠡᠷ ᠢ ᠤᠬᠠᠭᠤᠯᠤᠨ ᠶᠠᠷᠢᠵᠤ᠂ ᠤᠯᠠᠨ ᠲᠦᠮᠡᠨ ᠳᠤ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ᠂ ᠣᠳᠣᠬᠠᠨ ᠤ ᠦᠨᠳᠦᠰᠦᠲᠡᠨ ᠤ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠰᠠᠶᠢᠲᠤᠷ ᠬᠠᠮᠠᠭᠠᠯᠠᠬᠤ ᠶᠢᠨ ᠴᠢᠬᠤᠯᠠ ᠴᠢᠨᠠᠷ ᠢ ᠭᠦᠨᠵᠡᠭᠡᠢ ᠲᠠᠶᠢᠯᠪᠤᠷᠢᠯᠠᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠤᠭᠰᠠᠨ ᠪᠠᠶᠢᠨ᠎ᠠ᠃      ᠣᠶᠢᠷ᠎ᠠ ᠶᠢᠨ ᠵᠢᠯ ᠳᠤ᠂ ᠵᠢᠷᠭᠠᠯᠰᠠᠶᠢᠬᠠᠨ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠢᠶᠠᠨ ᠪᠤᠯᠭᠠᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠪᠠᠷ ᠭᠤᠣᠯ ᠠᠷᠭ᠎ᠠ ᠵᠠᠮ ᠪᠣᠯᠭᠠᠨ᠂ ᠡᠯ᠎ᠡ ᠲᠦᠷᠦᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠬᠦᠰᠡᠯ ᠢᠶᠠᠨ ᠬᠠᠮᠲᠤᠪᠠᠷ ᠲᠡᠷᠭᠡᠯᠰᠢᠭᠦᠯᠬᠦ︾ ᠴᠠᠭ ᠦᠶ᠎ᠡ ᠶᠢᠨ ᠭᠦᠭ ᠠᠶᠠᠰ ᠢ ᠬᠠᠩᠭᠢᠨᠠᠭᠤᠯᠤᠨ᠂ ︽ᠲᠣᠭᠲᠠᠴᠠ ᠶᠢ ᠪᠠᠶᠢᠭᠤᠯᠬᠤ᠂ ᠤᠬᠠᠭᠤᠯᠭ᠎ᠠ ᠶᠢ ᠴᠢᠩᠭᠠᠳᠬᠠᠬᠤ᠂ ᠠᠵᠤ ᠠᠬᠤᠢ ᠶᠢ ᠴᠢᠩᠭᠠᠳᠬᠠᠬᠤ᠂ ᠠᠴᠢᠶᠠᠯᠠᠪᠤᠷᠢ ᠶᠢ ᠪᠠᠶᠠᠯᠢᠭᠵᠢᠭᠤᠯᠬᠤ᠂ ᠵᠠᠰᠠᠯᠲᠠ ᠶᠢ ᠠᠳᠬᠤᠬᠤ︾ ᠲᠠᠪᠤᠨ ᠶᠡᠭᠡ ᠠᠵᠢᠯᠯᠠᠭ᠎ᠠ ᠪᠠᠷ ᠳᠠᠮᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠬᠦᠴᠦᠯᠡᠨ ᠠᠬᠢᠭᠤᠯᠵᠠᠢ᠃      ᠵᠢᠷᠭᠠᠯᠰᠠᠶᠢᠬᠠᠨ ᠪᠠᠯᠭᠠᠰᠤ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾᠂ ︽ᠲᠠᠷᠢᠶᠠᠨ ᠳᠠᠯᠠᠩ ᠤᠨ ᠬᠢᠴᠢᠶᠡᠯ ᠤᠨ ᠲᠠᠩᠬᠢᠮ︾᠂ ︽ᠬᠠᠨᠵᠤᠨ ᠳᠡᠭᠡᠷᠡᠬᠢ ᠬᠢᠴᠢᠶᠡᠯ ᠤᠨ ᠲᠠᠩᠬᠢᠮ︾ ᠵᠡᠷᠭᠡ ᠭᠡᠯᠪᠡᠷᠢ ᠪᠠᠷ ᠤᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠪᠠᠰᠠ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠵᠡᠷᠭᠡ ᠠᠭᠤᠯᠭ᠎ᠠ ᠶᠢ ᠤᠨᠤᠯ ᠰᠤᠷᠤᠯᠴᠠᠬᠤ ᠭᠤᠣᠯ ᠳᠤᠭᠤᠶᠢᠯᠠᠩ᠂ ᠺᠠᠳ᠋ᠷ ᠠᠵᠢᠯᠲᠠᠨ᠂ ᠡᠯ᠎ᠡ ᠨᠠᠮ ᠤᠨ ᠡᠭᠦᠷ ᠤᠨ ᠰᠤᠷᠤᠯᠴᠠᠯᠭ᠎ᠠ ᠪᠣᠯᠪᠠᠰᠤᠷᠠᠯ ᠤᠨ ᠠᠭᠤᠯᠭ᠎ᠠ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷ ᠤᠨ ᠤᠨᠤᠯ ᠤᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠦᠭᠰᠡᠨ ᠪᠠᠶᠢᠨ᠎ᠠ᠃      ᠤᠬᠠᠭᠤᠯᠤᠨ ᠲᠠᠶᠢᠯᠪᠤᠷᠢᠯᠠᠬᠤ ᠭᠡᠯᠪᠡᠷᠢ ᠪᠠᠨ ᠤᠯᠠᠮ ᠨᠢᠭᠡ ᠠᠯᠬᠤᠮ ᠪᠠᠶᠠᠯᠢᠭᠵᠢᠭᠤᠯᠬᠤ ᠶᠢᠨ ᠲᠥᠯᠥᠭᠡ᠂ ᠵᠢᠷᠭᠠᠯᠰᠠᠶᠢᠬᠠᠨ ᠪᠠᠯᠭᠠᠰᠤ ᠬᠥᠮᠥᠨ ᠬᠠᠷ᠎ᠠ ᠬᠠᠷᠢᠴᠠᠩᠭᠤᠢ ᠲᠥᠪᠯᠡᠷᠡᠭᠰᠡᠨ ᠭᠠᠵᠠᠷ ᠪᠤᠶᠤ ᠵᠡᠮ ᠵᠡᠭᠡᠯᠢ ᠶᠢᠨ ᠵᠠᠬ᠎ᠠ ᠪᠠᠷ ᠳ᠋ᠧᠩ ᠤᠨ ᠬᠠᠶᠢᠷᠴᠠᠭ᠂ LED ᠳᠡᠯᠭᠡᠴᠡ᠂ ᠰᠣᠶᠣᠯ ᠤᠨ ᠤᠷᠳᠤ ᠬᠤᠩᠭᠢᠯ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠪᠤᠯᠤᠩ ᠵᠡᠷᠭᠡ ᠲᠥᠬᠦᠭᠡᠷᠦᠮᠵᠢ ᠶᠢ ᠨᠡᠮᠡᠨ ᠪᠠᠶᠢᠭᠤᠯᠵᠤ᠂ ᠠᠯᠪᠠᠨ ᠤ ᠸᠢᠴᠠᠲ ᠤᠨ ᠲᠠᠪᠴᠠᠩ ᠵᠡᠷᠭᠡ ᠰᠢᠨ᠎ᠡ ᠵᠠᠭᠤᠴᠢᠯᠠᠭᠤᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠦᠨᠳᠦᠰᠦᠲᠡᠨ ᠤ ᠪᠦᠯᠬᠦᠮᠳᠡᠯ ᠤᠨ ᠲᠤᠰᠬᠠᠢ ᠪᠤᠯᠤᠩ ᠢ ᠨᠡᠭᠡᠭᠡᠭᠡᠳ᠂ ᠳᠤᠮᠳᠠᠳᠤ ᠶᠢᠨ ᠰᠣᠶᠣᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠳᠤᠮᠳᠠᠳᠤ ᠶᠢᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃      ᠵᠢᠷᠭᠠᠯᠰᠠᠶᠢᠬᠠᠨ ᠪᠠᠯᠭᠠᠰᠤ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ ᠲᠠᠰᠤᠷᠠᠯᠳᠡ ᠦᠭᠡᠢ ᠴᠢᠩᠭᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠳᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ 2023 ᠣᠨ ᠳᠤ ᠨᠡᠶᠢᠭᠡᠮ ᠤᠨ ᠠᠪᠤᠷᠠᠨ ᠲᠤᠰᠠᠯᠠᠯᠲᠠ᠂ ᠥᠨᠳᠥᠷ ᠨᠠᠰᠤᠨ ᠤ ᠨᠡᠮᠡᠭᠦᠷᠢ᠂ ᠵᠡᠮᠳᠡᠭᠴᠦᠳ ᠤᠨ ᠨᠥᠬᠦᠪᠦᠷᠢ ᠵᠡᠷᠭᠡ ᠡᠯ᠎ᠡ ᠲᠥᠷᠥᠯ ᠤᠨ ᠪᠡᠯᠡ ᠮᠥᠩᠭᠦ ᠶᠢ ᠨᠡᠶᠢᠲᠡ 152.28 ᠲᠦᠮᠡᠨ ᠲᠥᠭᠦᠷᠢᠭ ᠲᠠᠷᠬᠠᠭᠠᠪᠠ᠃ ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠦᠭᠭᠦᠶ᠎ᠠ︾ ᠎ ᠶᠢᠨ 58 ᠵᠦᠢᠯ ᠢ ᠡᠮᠬᠢᠯᠡᠨ ᠭᠠᠷᠭᠠᠵᠤ᠂ ᠭᠠᠩ ᠲᠠᠢ ᠲᠡᠮᠡᠴᠡᠬᠦ ᠬᠥᠮᠥᠨ ᠮᠠᠯ ᠤᠨ ᠤᠤᠭᠤᠬᠤ ᠤᠰᠤᠨ ᠤ ᠬᠤᠳᠳᠤᠭ ᠢ 10 ᠮᠠᠯᠲᠠᠵᠤ᠂ ᠮᠠᠯᠵᠢᠬᠤ ᠭᠠᠴᠠᠭ᠎ᠠ ᠶᠢᠨ 200 ᠭᠠᠷᠤᠢ ᠡᠷᠦᠭᠡ ᠶᠢᠨ ᠬᠥᠮᠥᠨ ᠮᠠᠯ ᠤᠨ ᠤᠤᠭᠤᠬᠤ ᠤᠰᠤᠨ ᠤ ᠬᠦᠴᠢᠷᠳᠡᠯ ᠢ ᠰᠢᠢᠳᠪᠦᠷᠢᠯᠡᠨ᠂ 184 ᠡᠷᠦᠭᠡ ᠶᠢᠨ ᠴᠠᠭᠢᠯᠭᠠᠨ ᠬᠡᠷᠡᠭᠯᠡᠬᠦ ᠬᠦᠴᠢᠷᠳᠡᠯ ᠢ ᠰᠢᠢᠳᠪᠦᠷᠢᠯᠡᠵᠦ᠂ ᠲᠠᠷᠢᠶᠠᠨ ᠭᠠᠵᠠᠷ ᠤᠨ ᠱᠦᠢᠨᠢ ᠵᠠᠮ ᠢ 2.2 ᠺᠢᠯᠣᠮᠧᠲᠷ ᠵᠠᠰᠠᠨ᠂ 450 ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠢ ᠰᠡᠯᠪᠢᠨ ᠵᠠᠰᠠᠵᠤ᠂ 3 ᠭᠠᠴᠠᠭ᠎ᠠ ᠶᠢᠨ 193 ᠴᠡᠪᠡᠷ ᠳᠤᠯᠠᠭᠠᠯᠠᠭ᠎ᠠ ᠶᠢᠨ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠪᠠ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠢᠯᠡᠳᠲᠡ ᠳᠡᠭᠡᠭᠰᠢᠯᠡᠭᠦᠯᠪᠡ᠃᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠥᠷᠭᠡᠳᠬᠡᠨ᠂ ᠣᠷᠣᠯᠠᠨ ᠭᠦᠢᠴᠡᠳᠭᠡᠭᠴᠢ ᠠᠴᠠ ᠣᠯᠠᠨ ᠲᠦᠮᠡᠨ ᠳᠤ 1291 ᠵᠦᠢᠯ ᠢ ᠬᠠᠪᠰᠤᠷᠤᠨ ᠭᠦᠢᠴᠡᠳᠬᠡᠵᠦ᠂ ᠡᠭᠦᠨ ᠤ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠰᠲ᠋ᠧᠮ ᠤᠨ 19 ᠵᠦᠢᠯ ᠢ ᠬᠠᠪᠰᠤᠷᠤᠨ ᠰᠢᠢᠳᠪᠦᠷᠢᠯᠡᠵᠦ ᠥᠭᠭᠦᠭᠰᠡᠨ ᠪᠠᠶᠢᠪᠠ᠃      ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠢᠨ᠎ᠡ ᠬᠥᠳᠡᠯᠭᠡᠬᠦ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ ᠵᠢᠷᠭᠠᠯᠰᠠᠶᠢᠬᠠᠨ ᠪᠠᠯᠭᠠᠰᠤ ︽ᠨᠢᠭᠡ ᠨᠡᠶᠢᠲᠡᠯᠢᠭ ᠵᠢᠱᠢᠶ᠎ᠡ ᠶᠢ ᠰᠣᠩᠭᠤᠵᠤ ᠭᠠᠷᠭᠠᠨ᠂ ᠨᠢᠭᠡ ᠨᠠᠮ ᠤᠨ ᠡᠭᠦᠷ ᠢ ᠬᠥᠲᠥᠯᠥᠨ ᠳᠠᠭᠠᠭᠤᠯᠵᠤ᠂ ᠨᠢᠭᠡ ᠲᠠᠯ᠎ᠠ ᠪᠠᠷ ᠣᠯᠠᠨ ᠲᠦᠮᠡᠨ ᠢ ᠨᠥᠯᠥᠭᠡᠯᠡᠬᠦ︾ ᠠᠷᠭ᠎ᠠ ᠪᠠᠷ ᠳᠠᠮᠵᠢᠭᠤᠯᠤᠨ᠂ ᠤᠷᠢᠳ ᠬᠤᠵᠢᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠨᠢᠭᠡᠴᠢ 1᠂ ᠲᠡᠷᠢᠭᠦᠨ ᠤ ᠬᠤᠪᠢ ᠬᠥᠮᠥᠨ 2᠎ ᠢ ᠭᠤᠶᠤᠴᠢᠯᠠᠨ ᠮᠡᠳᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠴᠡᠭ 3᠎ ᠶᠢ ᠡᠭᠦᠳᠦᠨ ᠪᠠᠶᠢᠭᠤᠯᠵᠤ᠂ ︽ᠰᠠᠶᠢᠴᠤᠤᠯ ᠤᠨ ᠰᠠᠮᠪᠠᠷ᠎ᠠ︾᠂ ︽ᠶᠣᠰᠣ ᠰᠤᠷᠲᠠᠬᠤᠨ ᠪ᠊ ᠵᠢᠱᠢᠶᠡᠴᠢ︾ ᠵᠡᠷᠭᠡ ᠡᠭᠦᠳᠦᠨ ᠪᠠᠶᠢᠭᠤᠯᠵᠤ ᠰᠢᠯᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ ᠬᠥᠮᠥᠨ ᠪᠦᠭᠦᠨ ᠦᠨᠳᠦᠰᠦᠲᠡᠨ ᠤ ᠪᠦᠯᠬᠦᠮᠳᠡᠯ ᠤᠨ ᠨᠡᠶᠢᠲᠡᠯᠢᠭ ᠵᠢᠱᠢᠶ᠎ᠡ ᠪᠤᠯᠬᠤ ᠪᠠᠷ ᠴᠢᠷᠮᠠᠶᠢᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠵᠡᠢ᠃      ᠵᠢᠷᠭᠠᠯᠰᠠᠶᠢᠬᠠᠨ ᠪᠠᠯᠭᠠᠰᠤ ᠰᠣᠶᠣᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠪᠦᠭᠦ ᠠᠷᠠᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠲᠠᠪᠴᠠᠩ ᠢ ᠪᠠᠶᠢᠭᠤᠯᠵᠤ᠂ ᠭᠤᠣᠯ ᠰᠡᠳᠦᠪᠲᠦ ᠬᠥᠮᠦᠵᠢᠯ᠂ ︽7.1︾᠎ ᠤ ᠰᠢᠷᠢᠰ ᠠᠵᠢᠯᠯᠠᠭ᠎ᠠ ᠲᠠᠢ ᠤᠶᠠᠯᠳᠤᠭᠤᠯᠤᠨ᠂ ︽ᠥᠨᠢ ᠡᠭᠦᠷᠢᠳᠡ ᠨᠠᠮ ᠢᠶᠠᠨ ᠳᠠᠭᠠᠨ᠎ᠠ︾᠂ ︽ᠪᠤᠭᠤᠷᠰᠤᠭ ᠤᠨ ᠤᠷᠤᠯᠳᠤᠭᠠᠨ︾᠂ ︽ᠠᠮᠲᠠᠲᠤ ᠢᠳᠡᠭᠡᠨ ᠤ ᠴᠤᠭᠯᠠᠭᠠᠨ︾ ᠵᠢᠴᠢ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠰ ᠮᠡᠲᠦ ᠳᠣᠲᠣᠨᠣ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠬᠦᠰᠡᠯ ᠢ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠭᠤᠣᠯ ᠰᠡᠳᠦᠪᠲᠦ ᠮᠠᠯᠴᠢᠨ ᠲᠠᠷᠢᠶᠠᠴᠢᠨ ᠤ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ ᠪᠠ ︽ᠰᠡᠳᠬᠢᠯ ᠤᠨ ᠦᠭᠡ ᠪᠠᠨ ᠨᠠᠮ ᠳᠠᠭᠠᠨ ᠳᠠᠭᠤᠯᠠᠶ᠎ᠠ︾ ᠭᠡᠬᠦ ᠭᠤᠣᠯ ᠰᠡᠳᠦᠪᠲᠦ ᠣᠯᠠᠨ ᠲᠦᠮᠡᠨ ᠤ ᠳᠠᠭᠤᠤ ᠶᠢᠨ ᠤᠷᠤᠯᠳᠤᠭᠠᠨ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠥᠷᠨᠢᠭᠦᠯᠦᠭᠡᠳ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠡᠨᠡᠬᠦ ᠲᠠᠪᠴᠠᠩ ᠳᠡᠭᠡᠷ᠎ᠡ ᠥᠷᠭᠡᠨ ᠢᠶᠠᠷ ᠶᠠᠪᠤᠯᠴᠠᠭᠤᠯᠵᠤ᠂ ᠭᠦᠨᠵᠡᠭᠡᠢ ᠠᠭᠤᠰᠤᠯᠴᠠᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠳᠦᠷᠢᠮ ᠲᠣᠭᠲᠠᠭᠠᠯ᠂ ᠳᠤᠮᠳᠠᠳᠤ ᠶᠢᠨ ᠰᠣᠶᠣᠯ ᠢ ᠤᠯᠠᠨ ᠲᠦᠮᠡᠨ ᠳᠤ ᠤᠯᠠᠮᠵᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠯ᠎ᠡ ᠦᠨᠳᠦᠰᠦᠲᠡᠨ ᠤ ᠤᠯᠠᠨ ᠲᠦᠮᠡᠨ ᠤ ᠰᠡᠳᠬᠢᠯ ᠳᠤ ᠦᠨᠳᠦᠰᠦᠯᠡᠭᠦᠯᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号