﹇ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ﹈ ᠴᠢᠩᠭ᠎ᠠ ᠬᠠᠮᠢᠶᠠᠷᠴᠤ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠤᠨ ᠪᠦᠭᠦᠨ ᠢ ᠪᠦᠷᠬᠦᠭᠦᠯᠦᠶ᠎ᠡ
ᠨᠡᠶᠢᠲᠡᠯᠡᠭᠰᠡᠨ ᠴᠠᠭ᠄
2024/5/29
        - ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠬᠦ ᠲᠤᠬᠠᠢ ᠰᠢᠷᠢᠰ ᠥᠭᠦᠯᠡᠮᠵᠢ③                       ᠬᠠ ᠯᠢ ᠴᠢᠨ      ᠦᠨᠡᠨᠴᠢ ᠢᠲᠡᠭᠡᠮᠵᠢ ᠶᠢ ᠡᠷᠭᠢᠮᠯᠡᠭᠦ ᠳᠤ᠂ ᠪᠡᠶ᠎ᠡ ᠪᠠᠨ ᠱᠠᠭᠠᠷᠳᠠᠬᠤ ᠮᠥᠷᠲᠡᠭᠡᠨ ᠪᠠᠰᠠ ᠪᠤᠰᠤᠳ ᠢᠶᠠᠷ ᠬᠢᠨᠠᠵᠤ ᠬᠠᠮᠢᠶᠠᠷᠤᠭᠤᠯᠬᠤ ᠬᠡᠷᠡᠭᠲᠡᠢ᠃ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠪᠣᠯ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠬᠦ ᠴᠢᠬᠤᠯᠠ ᠭᠤᠭᠴᠤᠭ᠎ᠠ ᠮᠥᠨ᠃ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠠᠴᠠ ᠢᠲᠡᠭᠡᠮᠵᠢ ᠠᠯᠳᠠᠭᠰᠠᠨ ᠬᠠᠮᠢᠶᠠᠷᠤᠯᠲᠠ ᠶᠢ ᠴᠢᠩᠭᠠᠳᠬᠠᠬᠤ᠂ ᠢᠲᠡᠭᠡᠮᠵᠢ ᠶᠢᠨ ᠬᠢᠨᠠᠯᠲᠠ ᠲᠠᠯᠪᠢᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠢᠲᠡᠭᠡᠮᠵᠢ ᠪᠠᠷ ᠬᠢᠨᠠᠯᠲᠠ ᠬᠠᠮᠢᠶᠠᠷᠤᠯᠲᠠ ᠶᠢ ᠠᠬᠢᠭᠤᠯᠤᠨ᠂ ᠬᠢᠨᠠᠯᠲᠠ ᠬᠠᠮᠢᠶᠠᠷᠤᠯᠲᠠ ᠪᠠᠷ ᠢᠲᠡᠭᠡᠮᠵᠢ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠢᠨᠵᠧᠨᠧᠷᠢᠩ ᠢ ᠴᠢᠨᠠᠷ ᠰᠠᠶᠢᠲᠠᠢ ᠢᠨᠵᠧᠨᠧᠷᠢᠩ ᠪᠤᠯᠭᠠᠬᠤ ᠶᠢ ᠵᠣᠷᠢᠵᠤ ᠬᠦᠴᠦᠯᠡᠨ ᠴᠢᠷᠮᠠᠶᠢᠵᠤ ᠪᠤᠢ᠃      ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠤ᠂ ᠡᠷᠬᠡᠪᠰᠢ ᠡᠯ᠎ᠡ ᠲᠦᠷᠦᠯ ᠤᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠪᠦᠭᠦ ᠲᠠᠯ᠎ᠠ ᠪᠠᠷ ᠡᠵᠡᠮᠰᠢᠵᠦ᠂ ᠢᠲᠡᠭᠡᠯ ᠢ ᠵᠢᠷᠤᠮᠯᠠᠭᠰᠠᠳ ᠪᠠ ᠢᠲᠡᠭᠡᠮᠵᠢ ᠠᠯᠳᠠᠭᠰᠠᠳ ᠤᠨ ᠦᠢᠯᠡ ᠠᠵᠢᠯᠯᠠᠭ᠎ᠠ ᠶᠢ ᠴᠥᠮ ᠪᠠᠶᠢᠴᠠᠭᠠᠬᠤ ᠦᠨᠳᠦᠰᠦᠯᠡᠯ ᠲᠠᠢ᠂ ᠬᠠᠮᠢᠶᠠᠷᠴᠤ ᠪᠤᠯᠬᠤ ᠬᠡᠷᠡᠭᠯᠡᠵᠦ ᠪᠤᠯᠬᠤ ᠶᠢ ᠪᠡᠶᠡᠯᠡᠭᠦᠯᠬᠦ ᠬᠡᠷᠡᠭᠲᠡᠢ᠃ ᠣᠳᠣᠬᠠᠨ ᠳᠤ᠂ ᠮᠠᠨ ᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠎ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠪᠠᠷ ᠡᠳ᠋ᠯᠡᠬᠦ ᠲᠠᠯ᠎ᠠ ᠪᠠᠷ ᠬᠦᠷᠦᠯᠴᠡᠬᠦ ᠦᠭᠡᠢ᠂ ᠬᠡᠷᠡᠭᠯᠡᠯᠲᠡ ᠶᠢᠨ ᠪᠠᠶᠢᠳᠠᠯ ᠎ ᠨᠢ ᠳ᠋ᠠᠩ ᠴᠤᠯᠭᠤᠢ ᠪᠠᠶᠢᠬᠤ ᠠᠰᠠᠭᠤᠳᠠᠯ ᠨᠡᠯᠢᠶᠡᠳ ᠲᠣᠪᠣᠶᠢᠮ᠎ᠠ ᠪᠠᠶᠢᠨ᠎ᠠ᠃ᠣᠳᠣᠬᠠᠨ ᠤ ᠪᠠᠴᠢᠮ ᠡᠭᠦᠷᠭᠡ ᠪᠣᠯ ᠪᠦᠭᠦ ᠲᠠᠯ᠎ᠠ ᠶᠢᠨ ᠪᠦᠭᠦᠨ ᠢ ᠪᠦᠷᠬᠦᠭᠰᠡᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠶᠠᠪᠤᠳᠠᠯ ᠮᠥᠨ᠃      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠬᠢᠨᠠᠯᠲᠠ ᠲᠠᠯᠪᠢᠵᠤ ᠪᠠᠶᠢᠴᠠᠭᠠᠬᠤ᠂ ᠵᠠᠷᠭᠤ ᠶᠢ ᠭᠥᠯᠢᠶᠡᠨ ᠠᠪᠴᠤ ᠰᠤᠷᠪᠤᠯᠵᠢᠯᠠᠯ ᠢ ᠬᠦᠯᠢᠶᠡᠬᠦ ᠵᠢᠴᠢ ᠥᠪᠡᠷᠲᠡᠭᠡᠨ ᠵᠠᠰᠠᠬᠤ ᠣᠷᠣᠨ ᠤ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠠᠪᠴᠠᠩ ᠤᠨ ᠡᠵᠡᠮᠰᠢᠭᠰᠡᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠴᠠᠭ ᠲᠤᠬᠠᠢ ᠎ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ︽ᠲᠤᠭ᠎ᠠ ᠪᠠᠷᠢᠮᠲᠠ ᠶᠢᠨ ᠪᠠᠬᠢᠯᠡᠯᠲᠡ︾ ᠪᠠ ︽ᠮᠡᠳᠡᠭᠡ ᠵᠠᠩᠭᠢ ᠶᠢᠨ ᠥᠨᠥᠴᠢᠨ ᠠᠷᠠᠯ︾᠎ ᠢ ᠡᠪᠳᠡᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢᠨ ᠪᠠᠶᠢᠳᠠᠯ ᠢ ᠤᠯᠠᠮ ᠥᠷᠭᠡᠳᠬᠡᠵᠦ᠂ ᠪᠦᠭᠦ ᠣᠷᠣᠨ ᠤ ᠬᠡᠪᠴᠢᠶᠡᠨ ᠳᠠᠬᠢ ᠮᠡᠳᠡᠭᠡ ᠵᠠᠩᠭᠢ ᠶᠢ ᠬᠤᠯᠪᠤᠭᠠᠯᠠᠨ ᠭᠦᠷᠳᠡᠭᠦ᠂ ᠢᠲᠡᠭᠡᠮᠵᠢ ᠶᠢ ᠬᠤᠯᠪᠤᠭᠠᠯᠠᠨ ᠦᠨᠡᠯᠡᠬᠦ ᠪᠠ ᠢᠲᠡᠭᠡᠮᠵᠢ ᠠᠯᠳᠠᠭᠰᠠᠳ ᠢ ᠬᠤᠯᠪᠤᠭᠠᠯᠠᠨ ᠵᠠᠯᠬᠠᠭᠠᠬᠤ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠲᠠᠢ ᠢᠳᠡᠪᠬᠢᠲᠡᠢ ᠵᠣᠯᠭᠠᠭᠤᠯᠵᠤ᠂ ︽ᠨᠢᠭᠡ ᠴᠣᠭᠴᠠᠵᠢᠭᠤᠯᠤᠭᠰᠠᠨ︾ ᠪᠠᠶᠢᠴᠠᠭᠠᠨ ᠯᠠᠪᠯᠠᠯᠳᠠ᠂ ︽ᠨᠢᠭᠡ ᠰᠦᠯᠵᠢᠶ᠎ᠡ︾᠎ ᠪᠠᠷ ᠬᠠᠮᠢᠶᠠᠷᠤᠨ ᠡᠵᠡᠮᠳᠡᠬᠦ ᠶᠢ ᠲᠦᠷᠭᠡᠳᠬᠡᠨ ᠠᠬᠢᠭᠤᠯᠵᠤ᠂ ᠮᠠᠨ ᠤ ᠣᠷᠣᠨ ᠤ ᠬᠠᠮᠢᠶ᠎ᠠ ᠪᠦᠬᠦᠢ ᠡᠯ᠎ᠡ ᠲᠥᠷᠥᠯ ᠤᠨ ᠭᠤᠣᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ᠂ ᠢᠲᠡᠭᠡᠮᠵᠢ ᠶᠢᠨ ᠠᠵᠢᠯᠯᠠᠭ᠎ᠠ ᠶᠢ ᠪᠦᠭᠦᠨ ᠢ ᠪᠦᠷᠬᠦᠭᠦᠯᠦᠨ ᠬᠢᠨᠠᠨ ᠬᠠᠮᠢᠶᠠᠷᠤᠨ᠎ᠠ᠃             ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠬᠦ ᠳᠤ ᠵᠥᠪᠭᠡᠨ ᠵᠠᠰᠠᠭ ᠤᠨ ᠣᠷᠳᠣᠨ ᠤ ᠬᠠᠮᠢᠶᠠᠷᠤᠯᠲᠠ ᠳᠤ ᠲᠦᠰᠢᠭᠯᠡᠭᠡᠳ ᠪᠤᠯᠬᠤ ᠦᠭᠡᠢ᠂ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠶᠡᠬᠡᠪᠡᠷ ᠬᠥᠭᠵᠢᠭᠦᠯᠵᠦ᠂ ᠣᠨᠴᠠ ᠵᠥᠪᠰᠢᠶᠡᠷᠡᠭᠰᠡᠨ ᠡᠵᠡᠩᠨᠡᠯᠲᠡ᠂ ᠬᠤᠳᠠᠯᠳᠤᠭᠠᠨ ᠤ ᠠᠵᠢᠯᠯᠠᠭᠠᠨ᠂ ᠲᠤᠰᠬᠠᠢ ᠮᠡᠷᠭᠡᠵᠢᠯ ᠤᠨ ᠬᠥᠭᠵᠢᠯᠲᠡ᠂ ᠠᠶᠤᠯᠭᠦᠢ ᠶᠢ ᠦᠨᠡᠨ ᠬᠦ ᠪᠠᠲᠤᠯᠠᠬᠤ ᠱᠠᠭᠠᠷᠳᠠᠯᠭ᠎ᠠ ᠶᠣᠰᠣᠭᠠᠷ᠂ ᠢᠲᠡᠭᠡᠮᠵᠢ ᠴᠤᠭᠯᠠᠭᠤᠯᠬᠤ᠂ ᠳᠡᠰ ᠲᠣᠭᠲᠠᠭᠠᠬᠤ᠂ ᠪᠠᠲᠤᠯᠠᠨ ᠳᠠᠭᠠᠭᠠᠬᠤ᠂ ᠪᠠᠲᠤᠯᠠᠭ᠎ᠠ ᠶᠢ ᠣᠷᠣᠯᠠᠬᠤ᠂ ᠢᠲᠡᠭᠡᠮᠵᠢ ᠶᠢᠨ ᠬᠠᠮᠢᠶᠠᠷᠤᠯᠲᠠ ᠶᠢᠨ ᠯᠠᠪᠯᠠᠭ᠎ᠠ ᠵᠡᠷᠭᠡ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠎ ᠶᠢᠨ ᠡᠷᠡᠭᠦᠯ ᠬᠥᠭᠵᠢᠯᠲᠡ ᠶᠢ ᠳᠡᠮᠵᠢᠵᠦ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠠᠳᠠᠯᠢ ᠴᠢᠭᠯᠡᠯ ᠢᠶᠠᠷ ᠬᠦᠴᠦᠯᠡᠨ᠂ ᠬᠠᠷᠢᠯᠴᠠᠨ ᠨᠥᠬᠦᠴᠡᠯᠳᠦᠭᠰᠡᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃      ᠢᠲᠡᠭᠡᠮᠵᠢ ᠰᠠᠶᠢᠲᠠᠢ ᠬᠥᠮᠥᠨ ᠳᠡᠯᠡᠬᠡᠢ ᠳ᠋ᠠᠬᠢᠨ ᠢᠶᠠᠷ ᠠᠶᠠᠯᠠᠵᠤ ᠴᠢᠳᠠᠮᠤᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠢᠲᠡᠭᠡᠮᠵᠢ ᠠᠯᠳᠠᠬᠤ ᠠᠴᠠ ᠵᠢᠷᠦᠬᠡᠰᠢᠶᠡᠬᠦ︾ ︽ᠢᠲᠡᠭᠡᠮᠵᠢ ᠠᠯᠳᠠᠵᠤ ᠪᠤᠯᠬᠤ ᠦᠭᠡᠢ︾ ᠰᠡᠳᠬᠢᠴᠡ ᠶᠢᠨ ᠬᠡᠷᠡᠮ ᠢ ᠴᠣᠭᠴᠠᠯᠠᠵᠤ᠂ ︽ᠢᠲᠡᠭᠡᠮᠵᠢ ᠠᠯᠳᠠᠬᠤ ᠳᠤᠷ᠎ᠠ ᠦᠭᠡᠢ︾ ︽ᠢᠲᠡᠭᠡᠮᠵᠢ ᠠᠯᠳᠠᠬᠤ ᠦᠭᠡᠢ︾ ᠠᠵᠢᠯᠯᠠᠭ᠎ᠠ ᠶᠢᠨ ᠤᠬᠠᠮᠰᠠᠷ ᠢ ᠪᠤᠢ ᠪᠣᠯᠭᠠᠪᠠᠯ ᠵᠠᠬ᠎ᠠ ᠳᠡᠯᠭᠡᠭᠦᠷ᠂ ᠠᠵᠤ ᠠᠬᠤᠶᠢᠯᠠᠯ᠂ ᠤᠯᠠᠨ ᠲᠦᠮᠡᠨ ᠤ ᠠᠮᠢᠵᠢᠷᠠᠯ ᠤᠨ ᠬᠦᠴᠦᠨ ᠢ ᠤᠯᠠᠮ ᠪᠦᠲᠦᠮᠵᠢᠲᠡᠢ ᠬᠥᠭᠵᠢᠭᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠪᠠᠲᠤ ᠪᠠᠬᠢ ᠢᠲᠡᠭᠡᠮᠵᠢ ᠶᠢᠨ ᠰᠠᠭᠤᠷᠢ ᠶᠢ ᠴᠣᠭᠴᠠᠯᠠᠵᠤ ᠴᠢᠳᠠᠨ᠎ᠠ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号