ᠪᠣᠯᠣᠳ᠄ ᠪᠣᠯᠪᠠᠰᠤᠷᠠᠯ ᠤᠨ ᠠᠩᠭᠢ ᠮᠠᠨᠢ ᠤᠯᠠᠮ ᠰᠠᠶᠢᠨ ᠪᠣᠯᠣᠨ᠎ᠠ ᠭᠡᠳᠡᠭ ᠲᠤ ᠢᠲᠡᠭᠡᠯ ᠲᠠᠢ
ᠨᠡᠶᠢᠲᠡᠯᠡᠭᠰᠡᠨ ᠴᠠᠭ᠄
2024/5/29
      ᠰᠤᠷᠪᠤᠯᠵᠢᠯᠠᠬᠴᠢ ᠰᠡᠷᠭᠦᠯᠡᠩ             ︽2023 ᠣᠨ ᠤ ᠬᠠᠮᠤᠭ ᠶᠡᠭᠡ ᠠᠮᠵᠢᠯᠲᠠ ᠭᠡᠪᠡᠯ ᠪᠣᠯᠪᠠᠰᠤᠷᠠᠯ ᠤᠨ ᠠᠩᠭᠢ ᠤᠳᠤ ᠶᠢᠨ ᠰᠢᠨ᠎ᠡ ᠪᠠᠶᠢᠷᠢᠨ ᠳᠤ ᠰᠢᠯᠵᠢᠨ ᠢᠷᠡᠵᠤ ᠠᠵᠢᠯᠯᠠᠭᠰᠠᠨ ᠶᠠᠪᠤᠳᠠᠯ ᠪᠣᠯᠣᠨ᠎ᠠ᠃ ᠠᠵᠢᠯᠯᠠᠵᠤ ᠰᠤᠷᠤᠯᠴᠠᠬᠤ ᠣᠷᠴᠢᠨ ᠲᠣᠭᠤᠷᠢᠨ ᠶᠡᠬᠡᠳᠡ ᠰᠠᠶᠢᠵᠢᠷᠠᠵᠠᠢ︾ ᠭᠡᠵᠦ ᠣᠴᠢ ᠤᠷᠠᠨ ᠪᠢᠴᠢᠯᠭᠡ ᠤᠷᠠᠨ ᠵᠢᠷᠤᠭ ᠤᠨ ᠪᠣᠯᠪᠠᠰᠤᠷᠠᠯ ᠤᠨ ᠠᠩᠭᠢ ᠶᠢᠨ ᠬᠠᠷᠢᠭᠤᠴᠠᠯᠭᠠᠲᠠᠨ ᠪᠣᠯᠣᠳ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠦᠨ ᠶᠠᠷᠢᠨ᠎ᠠ᠃      ᠪᠣᠯᠣᠳ ᠪᠣᠯ ᠪᠤᠭᠤᠲᠤ ᠬᠤᠳᠠ ᠶᠢᠨ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠮᠥᠨ᠃ 2019 ᠣᠨ ᠤ ᠡᠬᠢ ᠪᠠᠷ ᠠᠯᠠᠱᠠ ᠳᠤ ᠢᠷᠡᠵᠤ᠂ 7 ᠰᠠᠷ᠎ᠠ ᠳᠤᠨᠢ ︽ᠣᠴᠢ ᠤᠷᠠᠨ ᠪᠢᠴᠢᠯᠭᠡ ᠤᠷᠠᠨ ᠵᠢᠷᠤᠭ︾  ᠤᠨ ᠪᠣᠯᠪᠠᠰᠤᠷᠠᠯ ᠤᠨ ᠠᠩᠭᠢ ᠪᠠᠨ ᠨᠡᠭᠡᠭᠡᠵᠡᠢ᠃ ᠬᠥᠮᠥᠨ ᠤ ᠨᠤᠲᠤᠭ ᠬᠥᠨᠳᠡᠯᠡᠨ ᠤ ᠭᠠᠵᠠᠷ ᠲᠤ ᠦᠢᠯᠡᠰ ᠪᠣᠰᠬᠠᠨ᠎ᠠ ᠭᠡᠵᠦ ᠭᠢᠯᠪᠠᠷ ᠶᠠᠪᠤᠳᠠᠯ ᠪᠢᠰᠢ᠂ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠬᠦ ᠳᠤ ᠨᠠᠶᠢᠵᠠ ᠨᠥᠬᠦᠳ ᠤᠨ ᠬᠢᠨᠢ ᠲᠠᠨᠢᠯᠴᠠᠭᠤᠯᠭ᠎ᠠ ᠪᠠᠷ ᠠᠷᠪᠠᠨ ᠵᠢᠷᠭᠤᠭᠠᠬᠠᠨ ᠰᠤᠷᠤᠬᠴᠢ ᠨᠡᠷ᠎ᠡ ᠮᠡᠳᠡᠭᠦᠯᠦᠭᠰᠡᠨ ᠪᠠᠶᠢᠪᠠ᠃ ᠭᠡᠪᠡᠴᠦ ᠪᠣᠯᠣᠳ ᠤᠳᠠᠭᠠᠨ ᠵᠢᠯ ᠤᠨ ᠤᠷᠠᠨ ᠪᠢᠴᠢᠯᠭᠡ ᠶᠢᠨ ᠪᠣᠯᠪᠠᠰᠤᠷᠠᠯ ᠪᠠ ᠥᠪᠡᠷ ᠤᠨ ᠵᠢᠭᠠᠨ ᠰᠤᠷᠭᠠᠯᠲᠠ ᠶᠢᠨ ᠬᠡᠪ ᠵᠠᠭᠪᠤᠷ ᠲᠠᠢ ᠪᠣᠯᠬᠤᠷ ᠦᠢᠯᠡᠰ ᠡᠳᠦᠷ ᠠᠴᠠ ᠡᠳᠦᠷ ᠥᠭᠡᠳᠡᠯᠡᠵᠦ ᠢᠷᠡᠨ᠎ᠡ ᠭᠡᠳᠡᠭ ᠲᠤ ᠢᠲᠡᠭᠡᠯ ᠳᠦᠭᠦᠷᠡᠩ ᠪᠠᠶᠢᠯ᠎ᠠ᠃      ᠪᠣᠯᠪᠠᠰᠤᠷᠠᠯ ᠤᠨ ᠠᠩᠭᠢ ᠨᠢ ᠳᠦᠷᠢᠮᠵᠢᠭᠦᠨ ᠪᠢᠴᠢᠯᠭᠡ ᠦᠰᠦᠨ ᠪᠢᠷ ᠤᠨ ᠪᠢᠴᠢᠯᠭᠡ ᠶᠢᠨ ᠬᠢᠴᠢᠶᠡᠯ ᠨᠡᠭᠡᠭᠡᠵᠦ ᠂ ᠪᠣᠯᠣᠳ ᠪᠠᠭᠰᠢ ᠳᠦᠷᠢᠮᠵᠢᠭᠦᠨ ᠪᠢᠴᠢᠯᠭᠡ ᠶᠢ ᠭᠤᠣᠯᠳᠠᠵᠤ ᠵᠢᠭᠠᠳᠠᠭ᠃ ᠭᠡᠬᠦ ᠳᠡᠭᠡᠨ ᠲᠠᠷᠠ ︽ᠨᠢᠭᠡ ᠬᠡᠦᠬᠡᠳ ᠲᠤ ᠨᠢᠭᠡ ᠲᠥᠰᠥᠪ᠂ ᠨᠢᠭᠡ ᠬᠡᠦᠬᠡᠳ ᠲᠤ ᠨᠢᠭᠡ ᠵᠢᠭᠠᠬᠤ ᠮᠠᠲ᠋ᠧᠷᠢᠶᠠᠯ᠂ ᠨᠢᠭᠡ ᠬᠡᠦᠬᠡᠳ ᠲᠤ ᠨᠢᠭᠡ ᠵᠢᠭᠠᠬᠤ ᠠᠷᠭ᠎ᠠ︾ ᠭᠡᠬᠦ ᠵᠢᠭᠠᠨ ᠰᠤᠷᠭᠠᠯᠲᠠ ᠶᠢᠨ ᠬᠡᠪ ᠵᠠᠭᠪᠤᠷ ᠢᠶᠠᠷ ᠬᠢᠴᠢᠶᠡᠯᠯᠡᠨ᠂ ᠬᠢᠴᠢᠶᠡᠯᠯᠡᠬᠦ ᠴᠠᠭ ᠢ ︽45 ᠮᠢᠨᠦ᠋ᠲ + n︾  ᠢᠶᠠᠷ ᠲᠣᠭᠲᠠᠭᠠᠵᠤ᠂ ᠬᠡᠦᠬᠡᠳ ᠨᠢᠭᠡᠪᠦᠷᠢ ᠶᠢᠨ ᠣᠨᠴᠠᠯᠢᠭ ᠲᠤᠨᠢ ᠲᠣᠬᠢᠷᠠᠭᠤᠯᠤᠨ ᠲᠥᠰᠥᠪ ᠲᠣᠭᠲᠠᠭᠠᠨ ᠵᠢᠭᠠᠬᠤ ᠠᠷᠭ᠎ᠠ ᠶᠢ ᠬᠡᠷᠡᠭᠵᠢᠭᠦᠯᠳᠡᠭ ᠠᠴᠠ ᠬᠡᠦᠬᠡᠳ ᠤᠨ ᠪᠢᠴᠢᠯᠭᠡ ᠶᠢᠨ ᠳᠡᠭᠡᠭᠰᠢᠯᠡᠯᠲᠡ ᠨᠢ ᠢᠯᠠ ᠲᠣᠳᠣᠷᠬᠠᠢ᠂ ︽45 ᠮᠢᠨᠦ᠋ᠲ + n︾ ᠨᠢ ᠬᠡᠦᠬᠡᠳ ᠥᠭᠡᠷ᠎ᠡ ᠪᠤᠰᠤᠳ ᠳᠤᠷ᠎ᠠ ᠰᠣᠨᠢᠷᠬᠠᠯ ᠤᠨ ᠬᠢᠴᠢᠶᠡᠯ ᠣᠷᠣᠬᠤ ᠪᠤᠶᠤ ᠦᠷᠭᠦᠯᠵᠢᠯᠠᠨ ᠪᠢᠴᠢᠵᠦ ᠪᠣᠯᠪᠠᠰᠤᠷᠠᠵᠤ ᠪᠤᠯᠬᠤ ᠰᠣᠩᠭᠤᠯᠲᠠ ᠬᠢᠵᠦ ᠪᠤᠯᠬᠤ ᠪᠣᠯᠬᠤᠷ᠂ ᠡᠨᠡ ᠬᠦ ᠴᠢᠯᠦᠭᠡᠲᠡᠢ ᠬᠢᠴᠢᠶᠡᠯᠯᠡᠬᠦ ᠠᠷᠭ᠎ᠠ  ᠨᠢ ᠭᠡᠷ ᠤᠨ ᠠᠬᠠᠮᠠᠳ ᠤᠨ ᠨᠤᠲᠠᠯᠠᠯᠲᠠ ᠶᠢ ᠣᠯᠵᠠᠢ᠃ ᠲᠠᠶᠢᠮᠦ ᠪᠠᠷ ᠢᠶᠠᠨ ᠵᠢᠯ ᠪᠣᠯᠤᠭ᠎ᠠ ᠦᠭᠡᠢ ᠪᠠᠷ 70 ᠭᠠᠷᠤᠢ ᠪᠠᠶᠢᠩᠭᠤ ᠶᠢᠨ ᠰᠤᠷᠤᠬᠴᠢ ᠲᠠᠢ ᠪᠣᠯᠵᠤ ᠥᠷᠭᠡᠵᠢᠭᠰᠡᠨ ᠪᠠᠶᠢᠨ᠎ᠠ᠃      ᠪᠣᠯᠣᠳ 30 ᠭᠠᠷᠤᠢ ᠵᠢᠯ ᠤᠨ ᠤᠷᠠᠨ ᠪᠢᠴᠢᠯᠭᠡ ᠶᠢᠨ ᠪᠣᠯᠪᠠᠰᠤᠷᠠᠯ ᠲᠠᠢ᠂ 20 ᠵᠢᠯ ᠤᠨ ᠤᠷᠠᠨ ᠪᠢᠴᠢᠯᠭᠡ ᠶᠢᠨ ᠵᠢᠭᠠᠨ ᠰᠤᠷᠭᠠᠯᠲᠠ ᠶᠢᠨ ᠲᠤᠷᠰᠢᠯᠭ᠎ᠠ ᠲᠠᠢ᠃ ᠪᠠᠭ᠎ᠠ ᠪᠠᠶᠢᠬᠤ ᠳᠤᠨᠢ ᠵᠢᠯ ᠴᠠᠭᠠᠨ ᠰᠠᠷ᠎ᠠ ᠪᠤᠯᠬᠤ ᠪᠦᠷᠢ ᠠᠶᠢᠯ ᠡᠷᠦᠭᠡ ᠪᠣᠯᠭᠠᠨ ᠡᠭᠦᠳᠡᠨ ᠳᠡᠭᠡᠷ᠎ᠡ ᠪᠠᠨ ᠭᠠᠷ ᠢᠶᠠᠷ ᠪᠢᠴᠢᠭᠰᠡᠨ ᠬᠤᠣᠰ ᠤᠶᠠᠩᠭ᠎ᠠ ᠨᠠᠭᠠᠳᠠᠭ ᠪᠠᠶᠢᠭᠰᠠᠨ ᠢ ᠪᠢᠰᠢᠷᠡᠨ ᠪᠠᠭ᠋ᠠᠷᠬᠠᠵᠤ ᠪᠠᠶᠢᠭᠰᠠᠨ ᠠᠴᠠ ᠪᠠᠨ ᠠᠩᠬ᠎ᠠ ᠲᠤᠮᠳᠠᠳᠤ ᠳᠤ ᠣᠷᠣᠭᠠᠳ ᠬᠢᠲᠠᠳ ᠬᠡᠯᠡᠨ ᠤ ᠪᠠᠭᠰᠢ ᠶᠢᠨ ᠢᠶᠠᠨ ᠰᠠᠮᠪᠠᠷ᠎ᠠ ᠶᠢᠨ ᠪᠢᠴᠢᠯᠭᠡ ᠪᠣᠯᠣᠳ ᠪᠢᠷ ᠤᠨ ᠪᠢᠴᠢᠯᠭᠡ ᠶᠢ ᠳᠠᠭᠤᠷᠢᠶᠠᠨ ᠪᠢᠴᠢᠵᠦ ᠪᠣᠯᠪᠠᠰᠤᠷᠠᠳᠠᠭ ᠪᠠᠶᠢᠭᠰᠠᠨ ᠠᠵᠢ᠃ 1998 ᠣᠨ ᠳᠤ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ᠂ ᠶᠡᠭᠡ ᠬᠤᠳᠠ ᠪᠠᠷ ᠶᠠᠪᠤᠵᠤ ᠨᠢᠳᠦ ᠨᠡᠭᠡᠭᠡᠬᠦ ᠬᠡᠮᠡᠨ ᠪᠡᠭᠡᠵᠢᠩ ᠳᠤ ᠬᠦᠷᠴᠦ ᠪᠣᠷᠤᠯᠠᠭᠤᠯᠭ᠎ᠠ ᠶᠢᠨ ᠠᠵᠢᠯ ᠬᠢᠵᠡᠢ᠃ 2004 ᠣᠨ ᠳᠤ ᠪᠡᠭᠡᠵᠢᠩ ᠳᠠᠬᠢ ᠨᠢᠭᠡᠨ ᠪᠠᠭ᠎ᠠ ᠰᠤᠷᠭᠠᠭᠤᠯᠢ ᠶᠢᠨ ᠵᠠᠬᠢᠷᠤᠯ ᠲᠡᠭᠦᠨ ᠤ ᠤᠷᠠᠨ ᠪᠢᠴᠢᠯᠭᠡ ᠶᠢᠨ ᠪᠦᠲᠦᠭᠡᠯ ᠢ ᠦᠵᠡᠭᠡᠳ ᠮᠥᠨ ᠴᠤ ᠪᠠᠭᠰᠢ ᠶᠢᠨ ᠰᠤᠷᠭᠠᠭᠤᠯᠢ ᠠᠴᠠ ᠲᠡᠭᠦᠰᠦᠭᠰᠡᠨ ᠢ ᠨᠢ ᠮᠡᠳᠡᠭᠡᠳ ︽ᠰᠤᠷᠭᠠᠭᠤᠯᠢ ᠶᠢᠨ ᠬᠡᠦᠬᠡᠳ ᠲᠤ ᠬᠢᠴᠢᠶᠡᠯ ᠲᠠᠶᠢᠯᠤᠮᠵᠢ ᠬᠢᠵᠦ ᠥᠭᠭᠦᠨ᠎ᠡ ᠤᠤ︾ ᠭᠡᠰᠡᠨ ᠤᠷᠢᠯᠭ᠎ᠠ ᠪᠠᠷ ᠲᠠᠷᠠ ᠲᠤᠰ ᠰᠤᠷᠭᠠᠭᠤᠯᠢ ᠶᠢᠨ ᠰᠤᠷᠤᠬᠴᠢᠳ ᠲᠤ ᠲᠣᠭᠲᠠᠮᠠᠯ ᠪᠤᠰᠤ ᠬᠤᠭᠤᠴᠠᠭ᠎ᠠ ᠲᠠᠢ ᠦᠨ᠎ᠡ ᠲᠥᠯᠥᠪᠦᠷᠢ ᠦᠭᠡᠢ ᠬᠢᠴᠢᠶᠡᠯ ᠲᠠᠶᠢᠯᠤᠮᠵᠢ ᠶᠢ ᠵᠢᠯ ᠰᠢᠬᠠᠮ ᠬᠢᠵᠦ ᠪᠠᠭᠰᠢ ᠰᠤᠷᠤᠬᠴᠢᠳ ᠲᠤ ᠮᠡᠳᠡᠷᠡᠭᠳᠡᠵᠦ ᠢᠷᠡᠵᠡᠢ᠃ ᠡᠭᠦᠨ ᠠᠴᠠ ᠪᠣᠯᠵᠤ ᠲᠡᠭᠦᠨ ᠢ ᠡᠷᠢᠵᠦ ᠬᠡᠦᠬᠡᠳ ᠲᠡᠭᠡᠨ ᠤᠷᠠᠨ ᠪᠢᠴᠢᠯᠭᠡ ᠳᠦᠷᠢᠮᠵᠢᠭᠦᠨ ᠪᠢᠴᠢᠯᠭᠡ ᠵᠢᠭᠠᠯᠭᠠᠬᠤ ᠭᠡᠰᠡᠨ ᠭᠡᠷ ᠤᠨ ᠠᠬᠠᠮᠠᠳ ᠠᠷᠪᠢᠳᠴᠤ᠂ ᠬᠢᠴᠢᠶᠡᠯ ᠤᠨ ᠭᠠᠳᠠᠨᠠᠬᠢ ᠪᠣᠯᠪᠠᠰᠤᠷᠠᠯ ᠤᠨ ᠠᠩᠭᠢ ᠶᠢᠨ ᠬᠢᠨ ᠴᠤ ᠲᠡᠭᠦᠨ ᠢ ᠠᠵᠢᠯ ᠤᠨ ᠴᠢᠯᠦᠭᠡᠨ ᠤ ᠪᠠᠭᠰᠢ ᠪᠠᠷ ᠵᠠᠯᠠᠵᠤ ᠳᠦᠷᠢᠮᠵᠢᠭᠦᠨ ᠪᠢᠴᠢᠯᠭᠡ ᠶᠢᠨ ᠬᠢᠴᠢᠶᠡᠯ ᠤᠷᠤᠭᠤᠯᠬᠤ ᠪᠣᠯᠵᠠᠢ᠃ 2015 ᠣᠨ ᠳᠤ ᠳᠤᠷ᠎ᠠ ᠪᠠᠬ᠎ᠠ ᠳᠠᠭᠠᠨ ᠬᠥᠲᠥᠯᠥᠭᠳᠡᠭᠰᠡᠨ ᠪᠣᠯᠣᠳ ᠺᠤᠮᠫᠠᠨᠢ ᠶᠢᠨ ᠳᠡᠳ᠋ ᠳᠠᠭᠠᠭᠠᠮᠠᠯ ᠤᠨ ᠲᠤᠰᠢᠶᠠᠯ ᠢᠶᠠᠨ ᠬᠠᠶᠠᠭᠠᠳ ᠪᠡᠭᠡᠵᠢᠩ ᠤᠨ ᠹᠧᠩ ᠲᠠᠢ ᠲᠣᠭᠤᠷᠢᠭ ᠤᠨ ᠴᠧᠩ ᠨᠠᠨ ᠵᠢᠶᠠ ᠶᠤᠸᠠᠨ ᠰᠠᠭᠤᠭᠠᠯᠢ ᠬᠤᠷᠢᠶᠠᠯᠠᠯ ᠳᠤ 150 ᠭᠠᠷᠤᠢ ᠲᠡᠭᠰᠢ ᠳᠥᠷᠪᠡᠯᠵᠢᠨ ᠮᠧᠲᠷ ᠤᠨ ᠭᠡᠷ ᠲᠦᠷᠢᠶᠡᠰᠦᠯᠡᠨ ᠤᠷᠠᠨ ᠪᠢᠴᠢᠯᠭᠡ ᠶᠢᠨ ᠠᠵᠢᠯᠯᠠᠬᠤ ᠲᠠᠰᠤᠭ ᠭᠠᠷᠭᠠᠵᠤ᠂ ᠤᠷᠠᠨ ᠪᠢᠴᠢᠯᠭᠡ ᠳᠦᠷᠢᠮᠵᠢᠭᠦᠨ ᠪᠢᠴᠢᠯᠭᠡ ᠶᠢᠨ ᠵᠢᠭᠠᠨ ᠰᠤᠷᠭᠠᠯᠲᠠ ᠶᠢᠨ ᠠᠵᠢᠯ ᠢᠶᠠᠨ ᠡᠬᠢᠯᠡᠭᠦᠯᠵᠡᠢ᠃ ᠬᠡᠳᠦᠨ ᠵᠢᠯ ᠤᠨ ᠴᠢᠷᠮᠠᠶᠢᠯᠭ᠎ᠠ ᠪᠠᠷ ᠲᠠᠮᠵᠢᠨ ᠠᠵᠢᠯ ᠦᠢᠯᠡᠰ ᠲᠣᠭᠲᠠᠭᠤᠨ ᠬᠥᠭᠵᠢᠯᠲᠡ ᠶᠢᠨ ᠱᠠᠲᠤᠨ ᠳᠤ ᠣᠷᠣᠵᠠᠢ᠃ ᠭᠡᠲᠡᠯ᠎ᠡ 2019 ᠣᠨ ᠳᠤ ᠬᠢᠵᠢᠭ ᠳᠡᠯᠭᠡᠷᠡᠭᠰᠡᠨ ᠠᠴᠠ ᠪᠣᠯᠵᠤ ᠤᠷᠠᠨ ᠪᠢᠴᠢᠯᠭᠡ ᠶᠢᠨ ᠠᠵᠢᠯᠯᠠᠬᠤ ᠲᠠᠰᠤᠭ ᠤᠨ ᠠᠵᠢᠯ ᠵᠣᠭᠰᠤᠩᠭᠤᠶᠢᠷᠠᠵᠤ᠂ ᠪᠣᠯᠣᠳ ᠠᠯᠠᠱᠠ ᠳᠤ ᠴᠡᠷᠢᠭ ᠤᠨ ᠠᠯᠪᠠ ᠬᠠᠭᠠᠵᠤ ᠪᠠᠶᠢᠭ᠎ᠠ ᠪᠠᠭ᠎ᠠ ᠶᠢᠨ ᠨᠠᠶᠢᠵᠠ ᠪᠠᠨ ᠦᠵᠡᠬᠦ ᠪᠠᠷ ᠢᠷᠡᠭᠡᠳ ᠠᠯᠠᠱᠠ ᠶᠢᠨ ᠬᠥᠮᠥᠨ ᠪᠠᠶᠢᠭᠠᠯᠢ᠂ ᠰᠣᠶᠣᠯ ᠢᠷᠭᠡᠨᠰᠢᠯ ᠳᠤ ᠲᠠᠲᠠᠭᠳᠠᠵᠤ ᠠᠳᠡ ᠦᠢᠯᠡᠰ ᠪᠦᠲᠦᠭᠡᠬᠦ ᠰᠢᠢᠳᠪᠦᠷᠢ ᠭᠠᠷᠭᠠᠵᠤ᠂ ︽ᠣᠴᠢ ᠤᠷᠠᠨ ᠪᠢᠴᠢᠯᠭᠡ ᠤᠷᠠᠨ ᠵᠢᠷᠤᠭ︾ ᠤᠨ ᠪᠣᠯᠪᠠᠰᠤᠷᠠᠯ ᠤᠨ ᠠᠩᠭᠢ  ᠪᠠᠨ ᠨᠡᠭᠡᠭᠡᠭᠰᠡᠨ ᠪᠠᠶᠢᠨ᠎ᠠ᠃      ᠠᠩᠬ᠎ᠠ ᠪᠣᠯᠪᠠᠰᠤᠷᠠᠯ ᠤᠨ ᠠᠩᠭᠢ ᠨᠡᠭᠡᠭᠡᠬᠦ ᠦᠶ᠎ᠡ ᠳᠤ 66 ᠲᠡᠭᠰᠢ ᠳᠥᠷᠪᠡᠯᠵᠢᠨ ᠮᠧᠲᠷ ᠲᠡᠯᠡᠪᠡᠢ ᠲᠠᠢ ᠪᠣᠯᠪᠠᠰᠤᠷᠠᠯ ᠤᠨ ᠠᠩᠭᠢ ᠳᠤ 16 ᠰᠤᠷᠤᠬᠴᠢ ᠲᠠᠢ ᠪᠠᠶᠢᠭᠰᠠᠨ ᠢᠶᠠᠨ ᠤᠳᠤ 300 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠠᠭᠤᠵᠢᠮ ᠰᠠᠷᠠᠭᠤᠯ ᠠᠩᠭᠢ ᠶᠢᠨ ᠭᠡᠷ ᠲᠠᠢ᠂ ᠲᠣᠬᠢᠲᠠᠢ ᠰᠠᠶᠢᠬᠠᠨ ᠠᠯᠪᠠᠯᠠᠬᠤ ᠦᠷᠦᠭᠡ ᠲᠠᠢ᠂ 170 ᠭᠠᠷᠤᠢ ᠪᠠᠶᠢᠩᠭᠤ ᠶᠢᠨ ᠰᠤᠷᠤᠬᠴᠢ ᠲᠠᠢ ᠪᠣᠯᠵᠤ᠂ ᠵᠢᠭᠠᠨ ᠰᠤᠷᠭᠠᠯᠲᠠ ᠶᠢᠨ ᠲᠤᠨᠤᠭ ᠲᠥᠬᠦᠭᠡᠷᠦᠮᠵᠢ ᠪᠠᠨ ᠴᠤ ᠪᠦᠭᠦᠨ ᠢ ᠰᠢᠨᠡᠴᠢᠯᠡᠭᠰᠡᠨ ᠪᠠᠶᠢᠨ᠎ᠠ᠃ ᠪᠣᠯᠣᠳ᠂ ᠥᠨᠥ ᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠭᠦ ᠪᠠᠷ ᠠᠵᠢᠯ ᠢᠶᠠᠨ ᠨᠠᠩ ᠨᠠᠷᠢᠯᠢᠭᠵᠢᠭᠤᠯᠵᠤ᠂ ᠰᠤᠷᠤᠬᠴᠢᠳ ᠢᠶᠠᠨ ᠰᠡᠬᠡᠭᠡᠷᠡᠭᠦᠯᠬᠦ ᠱᠠᠲᠤ᠂ ᠠᠩᠬᠠᠨ ᠤ ᠱᠠᠲᠤ᠂ ᠲᠡᠭᠡᠭᠰᠢᠯᠡᠭᠦᠯᠭᠦ ᠱᠠᠲᠤ ᠭᠡᠵᠦ ᠬᠤᠪᠢᠶᠠᠨ ᠬᠡᠦᠬᠡᠳ ᠤᠨ ᠰᠤᠷᠤᠯᠴᠠᠵᠤ ᠡᠵᠡᠮᠰᠢᠭᠰᠡᠨ ᠲᠦᠪᠰᠢᠨ ᠢ ᠦᠨᠳᠦᠰᠦᠯᠡᠨ ᠨᠠᠩ ᠪᠣᠳᠠᠲᠠᠢ ᠲᠥᠰᠥᠪ ᠲᠣᠭᠲᠠᠭᠠᠨ ᠠᠵᠢᠯᠯᠠᠨ᠎ᠠ︾ ᠬᠡᠮᠡᠨ ᠠᠵᠢᠯ ᠤᠨ ᠬᠠᠷᠠᠯᠲᠠ ᠪᠠᠨ ᠶᠠᠷᠢᠵᠤ ᠪᠢᠯᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号