﹇ᠨᠠᠮ ᠤᠨ ᠲᠡᠤᠬᠡ﹈ ᠨᠠᠮ ᠤᠨ ᠲᠡᠦᠬᠡ ᠰᠢᠨ᠎ᠡ ᠳᠤᠮᠳᠠᠳᠤ ᠤᠯᠤᠰ ᠤᠨ ᠲᠡᠦᠬᠡ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ ᠰᠠᠶᠢᠨ ᠰᠤᠷᠤᠶ᠎ᠠ
ᠨᠡᠶᠢᠲᠡᠯᠡᠭᠰᠡᠨ ᠴᠠᠭ᠄
2024/5/29
                 ᠢᠲᠡᠭᠡᠯ ᠵᠣᠷᠢᠭ ᠲᠠᠢ ᠪᠠᠶᠢᠪᠠᠯ ᠰᠠᠶ᠋ᠢ ᠬᠤᠯᠠ ᠶᠠᠪᠤᠵᠤ ᠴᠢᠳᠠᠨ᠎ᠠ᠃ ᠢᠷᠡᠭᠡᠳᠦᠢ ᠳᠤ ᠬᠠᠨᠳᠤᠵᠤ᠂ ᠰᠢᠨ᠎ᠡ ᠴᠠᠭ ᠦᠶ᠎ᠡ ᠶᠢᠨ ᠤᠷᠳᠤ ᠵᠠᠮ ᠤᠨ ᠠᠶᠠᠨ ᠲᠠᠶᠢᠨ ᠢ ᠰᠠᠶᠢᠲᠤᠷ ᠶᠠᠪᠤᠬᠤ ᠳᠤ᠂ ᠪᠢᠳᠡ ᠬᠦᠰᠡᠯ ᠡᠷᠡᠮᠡᠯᠵᠡᠯ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠣᠷᠢᠭ ᠰᠢᠭᠤᠳᠤᠨ ᠡᠷᠡᠮᠡᠬᠡᠶᠢᠯᠡᠨ ᠲᠡᠮᠡᠴᠡᠬᠦ ᠬᠡᠷᠡᠭᠲᠡᠢ᠃ ᠥᠷᠭᠡᠨ ᠣᠯᠠᠨ ᠨᠠᠮ ᠤᠨ ᠭᠡᠰᠢᠭᠦᠨ ᠢᠯᠠᠩᠭᠤᠶ᠎ᠠ ᠵᠠᠯᠠᠭᠤ ᠨᠠᠮ ᠤᠨ ᠭᠡᠰᠢᠭᠦᠳ ᠮᠠᠷᠺᠰ ᠤᠨ ᠦᠵᠡᠯ ᠤᠨ ᠣᠨᠣᠯ ᠢ ᠨᠠᠷᠢᠨ ᠬᠢᠨᠠᠮᠠᠭᠠᠢ ᠰᠤᠷᠤᠯᠴᠠᠨ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ ᠰᠤᠷᠤᠯᠴᠠᠬᠤ ᠲᠠᠢ ᠤᠶᠠᠯᠳᠤᠭᠤᠯᠤᠨ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠳᠤᠮᠳᠠ ᠬᠦᠰᠡᠯ ᠡᠷᠡᠮᠡᠯᠵᠡᠯ ᠢᠲᠡᠭᠡᠯ ᠪᠢᠰᠢᠷᠡᠯ ᠢᠶᠠᠨ ᠪᠠᠲᠤᠳᠬᠠᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ ᠲᠡᠷᠭᠡᠯᠰᠢᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃       ︵ᠰᠢ ᠶᠢᠨ ᠫᠢᠩ ᠤᠨ 2020 ᠣᠨ ᠤ 6 ᠰᠠᠷ᠎ᠠ ᠶᠢᠨ 27 ᠤ ᠡᠳᠦᠷ ᠹᠦᠳᠠᠨ ᠶᠡᠭᠡ ᠰᠤᠷᠭᠠᠭᠤᠯᠢ ᠶᠢᠨ ᠵᠠᠯᠠᠭᠤ ᠪᠠᠭᠰᠢ ᠰᠤᠷᠤᠬᠴᠢ ᠨᠠᠮ ᠤᠨ ᠭᠡᠰᠢᠭᠦᠳ ᠲᠤ ᠥᠭᠭᠦᠭᠰᠡᠨ ᠬᠠᠷᠢᠭᠤ ᠵᠠᠬᠢᠳᠠᠯ ᠠᠴᠠ︶                  ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠪᠣᠯ ᠤᠯᠤᠰ ᠤᠨ ᠡᠵᠡᠨ ᠮᠥᠨ᠂ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠶᠢ ᠴᠢᠩᠭᠠᠳᠬᠠᠨ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠤᠬᠠᠮᠰᠠᠷ ᠠᠴᠠ ᠪᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠷᠡᠰ ᠪᠠᠲᠤ ᠰᠢᠲᠦᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠬᠤ ᠬᠡᠷᠡᠭᠲᠡᠢ᠃ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠲᠡᠦᠬᠡᠲᠦ ᠡᠭᠦᠷᠭᠡ ᠪᠠᠨ ᠡᠭᠦᠷᠭᠡᠯᠡᠵᠦ᠂ ᠨᠠᠮ ᠪᠣᠯᠣᠨ ᠤᠯᠤᠰ ᠤᠨ ᠲᠣᠭᠲᠠᠭᠠᠭᠰᠠᠨ ᠲᠡᠮᠡᠴᠡᠬᠦ ᠬᠠᠷᠠᠯᠲᠠ ᠪᠠᠷ ᠥᠪᠡᠷ ᠤᠨ ᠬᠠᠷᠠᠯᠲᠠ ᠪᠠᠨ ᠪᠤᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠪᠠᠷ ᠥᠪᠡᠷ ᠤᠨ ᠡᠭᠦᠷᠭᠡ ᠪᠠᠨ ᠪᠣᠯᠭᠠᠨ᠂ ᠨᠠᠰᠤᠨ ᠲᠤᠷᠰᠢᠲᠠ ᠶᠢᠨ ᠬᠦᠰᠡᠯ ᠡᠷᠡᠮᠡᠯᠵᠡᠯ᠂ ᠭᠡᠷ ᠪᠦᠯᠢ ᠶᠢᠨ ᠵᠣᠯ ᠵᠢᠷᠭᠠᠯ ᠢ ᠤᠬᠠᠮᠰᠠᠷ ᠠᠴᠠ ᠪᠠᠨ ᠤᠯᠤᠰ ᠤᠨ ᠪᠠᠶᠠᠨ ᠬᠦᠴᠦᠷᠬᠡᠭ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠠᠭᠤᠰᠤᠯᠴᠠᠭᠤᠯᠵᠤ᠂ ᠰᠢᠨ᠎ᠡ ᠴᠠᠭ ᠦᠶ᠎ᠡ ᠶᠢᠨ ᠬᠦᠰᠡᠯ ᠡᠷᠡᠮᠡᠯᠵᠡᠯ ᠤᠨ ᠬᠥᠭᠡᠭᠡᠴᠡᠯᠳᠦᠭᠴᠢ ᠪᠤᠯᠬᠤ ᠬᠡᠷᠡᠭᠲᠡᠢ᠃         ︵ᠰᠢ ᠶᠢᠨ ᠫᠢᠩ ᠤᠨ 2020 ᠣᠨ ᠤ 11 ᠰᠠᠷ᠎ᠠ ᠶᠢᠨ 24 ᠤ ᠡᠳᠦᠷ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ ᠠᠴᠠ︶      
 
ᠢᠷᠡᠯᠲᠡ᠄ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢ ᠥᠭᠦᠯᠡᠭᠰᠡᠨ ᠨᠢ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号