1952 ᠤᠨ᠄ ᠠᠯᠠᠱᠠ ᠵᠡᠬᠦᠨ ᠬᠤᠰᠢᠭᠤᠨ ᠤ ᠰᠤᠮᠤ ᠪᠠᠯᠭᠠᠰᠤᠨ ᠤ ᠤᠯᠠᠷᠢᠯ ᠬᠤᠪᠢᠷᠠᠯ
ᠨᠡᠶᠢᠲᠡᠯᠡᠭᠰᠡᠨ ᠴᠠᠭ᠄
2024/5/31
             ᠠᠯᠠᠱᠠ ᠬᠤᠰᠢᠭᠤ ᠨᠠᠶᠢᠷᠠᠮᠳᠠᠯ ᠢᠶᠠᠷ ᠴᠢᠯᠤᠭᠡᠯᠡᠭᠳᠡᠭᠰᠡᠨ ᠤ ᠳᠠᠷᠠᠭ᠎ᠠ᠂ ᠬᠤᠰᠢᠭᠤᠨ ᠤ ᠦᠨᠳᠤᠰᠤᠨ ᠱᠠᠳᠤᠨ ᠤ ᠪᠠᠶᠢᠭᠤᠯᠤᠮᠵᠢ ᠳᠤ ᠨᠢᠭᠡ ᠬᠤᠳᠠ᠂ ᠳᠤᠬᠠᠶᠢᠯᠠᠪᠠᠯ ᠳ᠋ᠢᠩ ᠶᠤᠸᠠᠨ ᠢᠩ ᠬᠤᠳᠠ᠂ ᠨᠠᠢᠮᠠᠨ ᠰᠤᠮᠤ᠂ ᠭᠤᠴᠢᠨ ᠵᠢᠷᠭᠤᠭᠠᠨ ᠪᠠᠭ ᠤᠨ ᠵᠠᠰᠠᠭ ᠵᠠᠭᠢᠷᠭᠠᠨ ᠤ ᠪᠠᠶᠢᠭᠤᠯᠤᠮᠵᠢ ᠪᠠᠶᠢᠵᠤ᠂ 1952 ᠤᠨ ᠳᠤ ︽ᠳ᠋ᠢᠩ ᠶᠤᠸᠠᠨ ᠢᠩ︾᠎ ᠢ ︽ᠪᠠᠶᠠᠨᠬᠤᠳᠠ︾ ᠭᠡᠵᠤ ᠬᠠᠯᠠᠵᠠᠢ᠃      ᠫᠦ᠊ · ᠦᠯᠵᠡᠢ᠄ ︽ᠠᠯᠠᠱᠠ ᠵᠡᠬᠦᠨ ᠬᠤᠰᠢᠭᠤᠨ ᠤ ᠳᠡᠤᠭᠡ ᠰᠤᠶᠤᠯ ᠤᠨ ᠳᠦᠢᠮᠤ︾ ᠨᠣᠮ ᠠᠴᠠᠦᠯᠵᠡᠢ ᠶᠢᠨ ᠳᠤᠪᠴᠢ ᠨᠠᠮᠳᠠᠷ     ᠦᠯᠵᠡᠢ᠂ ᠪᠢᠴᠢᠭ ᠤᠨ ᠨᠠᠷ᠎ᠠ ᠫᠦ᠊ · ᠦᠯᠵᠡᠢ᠂ 1959 ᠤᠨ ᠤ ᠬᠠᠪᠤᠷ ᠤᠤᠯ ᠤᠨ ᠠᠯᠠᠱᠠ ᠬᠤᠰᠢᠭᠤᠨ ᠤ ᠽᠤᠨ ᠤ ᠪᠠᠭ ᠤᠨ ᠮᠠᠯᠴᠢᠨ ᠫᠦᠷᠪᠤ᠂ ᠳᠦᠤᠳᠡᠢ ᠶᠢᠨ ᠤᠤᠭᠠᠨ ᠬᠦᠤ ᠪᠤᠯᠵᠤ ᠵᠠᠶᠠᠭᠠᠪᠠ᠃ 1983 ᠤᠨ ᠳᠤ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ ᠳᠦᠷᠤ ᠶᠢᠨ ᠬᠦᠮᠤᠵᠢᠯ ᠤᠨ ᠰᠠᠯᠪᠤᠷᠢ ᠠᠴᠠ ᠳᠡᠬᠦᠰᠤᠨ ᠠᠷᠠᠳ ᠤᠨ ᠪᠠᠭᠰᠢ ᠪᠤᠯᠵᠤ᠂ ᠡᠳᠤᠭᠡ ᠠᠯᠠᠱᠠ ᠮᠤᠩᠭᠤᠯ ᠦᠨᠳᠤᠰᠤᠳᠡᠨ ᠤ ᠪᠦᠷᠢᠨ ᠳᠤᠮᠳᠠᠳᠤ ᠰᠤᠷᠭᠠᠭᠤᠯᠢ ᠳᠤ ᠳᠤᠮᠳᠠᠳᠤ ᠰᠤᠷᠭᠠᠭᠤᠯᠢ ᠶᠢᠨ ᠳᠡᠭᠡᠳᠤ ᠳᠠᠰ ᠤᠨ ᠪᠠᠭᠰᠢ ᠪᠠᠷ ᠠᠵᠢᠯᠯᠠᠵᠤ ᠪᠤᠢ᠃     ᠳᠡᠭᠡᠷ᠎ᠡ ᠵᠠᠭᠤᠨ ᠤ ᠨᠠᠶᠠᠭᠠᠳ ᠤᠨ ᠠᠴᠠ ᠡᠭᠢᠯᠠᠨ ᠤᠨᠤᠯ ᠰᠢᠬᠦᠮᠵᠢ᠂ ᠰᠤᠯᠠ ᠪᠢᠴᠢᠯᠭᠡ᠂ ᠠᠶᠠᠨ ᠤ ᠳᠡᠮᠳᠡᠭᠯᠡᠯ᠂ ᠮᠡᠳᠡᠭᠡ ᠴᠢᠮᠡᠭᠡᠯᠡᠯ ᠵᠡᠷᠭᠡ ᠰᠲ᠋ᠢᠯᠢ ᠶᠢᠨ ᠵᠤᠭᠢᠶᠠᠯ ᠪᠦᠳᠤᠭᠡᠯ ᠤᠷᠤᠯᠳᠤᠵᠤ ᠰᠤᠨᠢᠨ ᠰᠡᠳᠬᠦᠯ ᠳᠤ ᠨᠡᠶᠢᠳᠡᠯᠡᠬᠦᠯᠵᠤ ᠢᠷᠡᠭᠰᠡᠨ᠂ ᠰᠢᠨ᠎ᠡ ᠮᠢᠩᠭᠠᠨ ᠳᠤ ᠤᠷᠤᠭᠰᠠᠨ ᠠᠴᠠ ᠨᠠᠰᠢ ᠭᠤᠤᠯᠳᠠᠭᠤ ᠤᠷᠤᠨ ᠨᠤᠳᠤᠭ ᠤᠨ ᠳᠡᠤᠭᠡ ᠰᠤᠶᠤᠯ ᠤᠨ ᠴᠢᠭᠯᠡᠯ ᠢᠶᠠᠷ ᠰᠤᠳᠤᠯᠭᠠᠨ ᠭᠢᠵᠤ᠂ ︽ᠦᠪᠤᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ ︽ᠮᠤᠩᠭᠤᠯ ᠤᠨ ᠰᠤᠳᠤᠯᠤᠯ︾᠂ ︽ᠪᠠᠷᠠᠭᠤᠨ ᠬᠤᠶᠢᠳᠤ ᠶᠢᠨ ᠦᠨᠳᠤᠰᠤᠳᠡᠨ ᠤ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾᠂ ︽ᠪᠠᠷᠠᠭᠤᠨ ᠮᠤᠩᠭᠤᠯ ᠰᠤᠳᠤᠯᠤᠯ︾᠂ ︽ᠳᠤᠮᠳᠠᠳᠤ ᠶᠢᠨ ᠦᠨᠳᠤᠰᠤᠳᠡᠨ︾ ᠵᠡᠷᠭᠡ ᠤᠷᠤᠨ ᠤ ᠳᠤᠳᠤᠨ᠎ᠠ ᠭᠠᠳᠠᠨᠠᠭᠢ ᠰᠤᠨᠢᠨ ᠰᠡᠳᠬᠦᠯ ᠳᠤ ᠡᠷᠳᠡᠮ ᠰᠢᠨᠵᠢᠯᠡᠭᠡᠨ ᠤ ᠦᠬᠦᠯᠡᠯ ᠵᠤᠭᠢᠶᠠᠯ ᠢᠶᠠᠨ ᠨᠠᠶᠢᠳᠠᠯᠠᠵᠤ᠂ ᠪᠠᠰᠠ ︽ᠳᠡᠤᠭᠡ ᠰᠤᠶᠤᠯ ᠤᠨ ᠮᠦᠷᠳᠡᠯᠳᠡ︾᠂ ︽ᠠᠯᠠᠱᠠ ᠶᠢᠨ ᠮᠤᠩᠭᠤᠯ ᠦᠨᠳᠤᠰᠤᠳᠡᠨ ᠤ ᠰᠤᠷᠭᠠᠨ ᠬᠦᠮᠤᠵᠢᠯ ᠤᠨ ᠳᠤᠪᠴᠢ ᠳᠡᠤᠭᠡ︾᠂ ︽ᠠᠯᠠᠱᠠ ᠬᠤᠰᠢᠭᠤᠨ ᠤ ᠠᠵᠤ ᠠᠬᠤᠢ ᠶᠢᠨ ᠳᠡᠤᠭᠡᠨ ᠰᠤᠳᠤᠯᠤᠯ︾ ᠵᠡᠷᠭᠡ ᠨᠤᠮ ᠢᠶᠠᠨ ᠭᠡᠪᠯᠡᠬᠦᠯᠤᠭᠡᠳ ᠪᠠᠶᠢᠨ᠎ᠠ᠃    
 
ᠢᠷᠡᠯᠲᠡ᠄ ᠫᠦ᠊ · ᠦᠯᠵᠡᠢ᠄ ︽ᠠᠯᠠᠱᠠ ᠵᠡᠬᠦᠨ ᠬᠤᠰᠢᠭᠤᠨ ᠤ ᠳᠡᠤᠭᠡ ᠰᠤᠶᠤᠯ ᠤᠨ ᠳᠦᠢᠮᠤ︾ ᠨᠣᠮ ᠠᠴᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号