| 2024 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠡᠷᠴᠢᠮᠲᠡᠢ ᠬᠡᠷᠡᠭᠵᠢᠭᠦᠯᠬᠦ ᠪᠣᠭᠤᠮᠲᠠ ᠰᠢᠪᠲᠤᠯᠬᠤ ᠵᠢᠯ ᠪᠣᠯᠤᠨ᠎ᠠ᠂ ᠮᠥᠨᠴᠦ ᠮᠠᠨ ᠤ | ᠬᠤᠰᠢᠭᠤᠨ ᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ | ᠪᠠᠶᠢᠭᠤᠯᠤᠯᠲᠠ ᠶᠢᠨ ᠰᠢᠪᠲᠤᠯᠤᠯᠲᠠ ᠶᠢ ᠡᠬᠢᠯᠡᠭᠦᠯᠵᠦ᠂ ᠬᠥᠭᠵᠢᠯᠲᠡ ᠶᠢᠨ ᠬᠠᠨᠳᠤᠰᠢ ᠶᠢ ᠪᠦᠲᠦᠭᠡᠬᠦ ᠴᠢᠬᠤᠯᠠ ᠨᠢᠭᠡ | ᠵᠢᠯ ᠪᠣᠯᠤᠨ᠎ᠠ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠲᠤᠯᠤᠭᠠᠨ ᠲᠠᠯ᠎ᠠ ᠶᠢᠨ | ᠭᠤᠣᠯᠳᠠᠯᠭ᠎ᠠ ᠲᠠᠢ ᠡᠭᠦᠷᠭᠡ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠤᠨ ᠠᠵᠢᠯ ᠤᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠪᠤᠷᠢᠲᠠᠢ ᠪᠠᠶᠢᠳᠠᠯ ᠢ ᠠᠬᠢᠭᠤᠯᠤᠨ᠎ᠠ᠃ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠪᠣᠯ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ | ᠬᠤᠶᠠᠳᠤᠭᠠᠷ ᠪᠥᠬᠦᠳᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ | ︵ᠥᠷᠭᠡᠳᠬᠡᠭᠰᠡᠨ︶ ᠬᠤᠷᠠᠯ ᠳᠤ ᠳᠤᠷᠠᠳᠤᠭᠰᠠᠨ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠥᠲᠥᠭᠡᠨ ᠪᠠᠶᠢᠭᠤᠯᠵᠤ᠂ | ᠲᠠᠪᠤᠨ ᠶᠡᠭᠡ ᠰᠠᠭᠤᠷᠢᠨ ᠭᠠᠵᠠᠷ ᠢ ᠪᠠᠶᠢᠭᠤᠯᠵᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾ ᠬᠠᠷᠠᠯᠲᠠ | ᠡᠭᠦᠷᠭᠡ ᠲᠠᠢ ᠨᠢᠭᠲᠠ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ | ᠵᠢᠷᠭᠤᠭᠠᠨ ᠭᠤᠷᠪᠠ︾ ᠶᠢᠨ ᠪᠣᠳᠠᠲᠠᠶ ᠠᠷᠭ᠎ᠠ ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠴᠢᠨᠠᠷ | ᠰᠠᠶᠢᠲᠠᠶ ᠬᠥᠭᠵᠢᠯᠲᠡ ᠶᠢᠨ ᠳᠤᠮᠳᠠ ᠰᠢᠨ᠎ᠡ ᠵᠠᠮ ᠢ ᠨᠡᠭᠡᠭᠡᠬᠦ᠂ ᠰᠢᠨ᠎ᠡ ᠪᠠᠶᠢᠳᠠᠯ ᠢ ᠨᠡᠭᠡᠭᠡᠬᠦ᠂ ᠰᠢᠨ᠎ᠡ ᠭᠠᠪᠢᠶ᠎ᠠ | ᠪᠠᠶᠢᠭᠤᠯᠬᠤ ᠶᠢ ᠬᠦᠴᠦᠯᠡᠨ ᠪᠠᠷᠢᠮᠲᠠᠯᠠᠵᠤ᠂ ᠠᠮᠢ ᠠᠬᠤᠶ ᠭᠤᠶᠢᠳᠠ ᠰᠠᠶᠢᠬᠠᠨ᠂ ᠠᠵᠤ ᠦᠶᠯᠡᠰ ᠬᠥᠭᠵᠢᠭᠰᠡᠨ᠂ | ᠠᠷᠠᠳ ᠲᠦᠮᠡᠨ ᠪᠠᠶᠠᠨ ᠴᠢᠨᠡᠭᠡᠯᠢᠭ ᠡᠶ᠎ᠡ ᠵᠣᠬᠢᠴᠠᠯ ᠲᠠᠢ ᠵᠣᠯ ᠵᠢᠷᠭᠠᠯᠲᠤ ᠠᠯᠠᠱᠠ ᠵᠡᠭᠦᠨ ᠬᠤᠰᠢᠭᠤ ᠶᠢ ᠴᠢᠷᠮᠠᠶᠢᠨ | ᠪᠠᠶᠢᠭᠤᠯᠤᠨ᠎ᠠ᠃ | 2024 ᠣᠨ ᠤ ᠠᠯᠠᠱᠠ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ | ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6.5% ᠪᠠᠷ | ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3% ᠪᠠᠷ ᠨᠡᠮᠡᠭᠳᠡᠭᠦᠯᠦᠨ᠂ 500 | ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 20% ᠪᠠᠷ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5% ᠪᠠᠷ | ᠨᠡᠮᠡᠭᠳᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠠᠳᠠᠯᠢ ᠠᠯᠬᠤᠮ ᠲᠠᠢ ᠪᠠᠶᠢᠯᠭᠠᠵᠤ᠂ ᠳᠡᠭᠡᠳᠦ | ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠬᠠᠷᠠᠯᠲᠠᠲᠤ ᠡᠭᠦᠷᠭᠡ ᠶᠢ ᠪᠡᠶᠡᠯᠡᠭᠦᠯᠦᠨ᠂ ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠳᠡᠭᠡᠳᠦ | ᠱᠠᠲᠤᠨ ᠠᠴᠠ ᠪᠠᠭᠤᠯᠭᠠᠭᠰᠠᠨ ᠭᠦᠢᠴᠡᠳᠬᠡᠬᠦ ᠲᠤᠭ᠎ᠠ ᠶᠢᠨ ᠳᠣᠲᠣᠷ᠎ᠠ ᠬᠢᠵᠠᠭᠠᠷᠯᠠᠨ᠎ᠠ᠃ | 2024 ᠤᠨ ᠤ ᠲᠥᠯᠥᠪᠯᠡᠭᠡ ᠶᠢᠨ ᠬᠠᠷᠠᠯᠲᠠ ᠶᠢ ᠤᠷᠤᠭᠰᠢᠲᠠᠶ ᠪᠡᠶᠡᠯᠡᠭᠦᠯᠬᠦ ᠵᠣᠷᠢᠯᠭ᠎ᠠ ᠪᠠᠷ᠂ ᠠᠯᠠᠱᠠ | ᠵᠡᠭᠦᠨ ᠬᠤᠰᠢᠭᠤ ᠳᠠᠷᠠᠭᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄ | ᠨᠢᠭᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ ᠪᠦᠲᠦᠮᠵᠢᠲᠡᠶ ᠪᠠᠯᠠ | ᠣᠷᠣᠭᠤᠯᠤᠯᠲᠠ ᠶᠢ ᠥᠷᠭᠡᠳᠬᠡᠨ᠎ᠡ | ︵ᠨᠢᠭᠡ︶ ᠲᠥᠷᠥᠯ ᠵᠦᠢᠯ ᠤᠨ ᠬᠦᠴᠢᠷ ᠪᠣᠱᠤᠭ᠎ᠠ ᠶᠢ ᠳᠠᠪᠠᠭ᠋ᠤ ᠠᠵᠢᠯᠯᠠᠭ᠎ᠠ ᠶᠢ ᠥᠷᠨᠢᠭᠦᠯᠵᠦ ᠪᠦᠲᠦᠭᠡᠨ | ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ | 2024 ᠤᠨ ᠳᠤ 58 ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠬᠡᠷᠡᠭᠵᠢᠭᠦᠯᠬᠦ ᠪᠠᠷ ᠲᠥᠯᠥᠪᠯᠡᠵᠦ᠂ ᠵᠢᠱᠢᠯᠲᠡ ᠪᠠᠷ ᠶᠡᠷᠦᠩᠬᠡᠢ ᠪᠡᠯᠡ ᠣᠷᠣᠭᠤᠯᠤᠯᠲᠠ ᠨᠢ 590.1 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠳᠤ 155.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ | ᠪᠤᠢ᠃ ᠡᠭᠦᠨ ᠳᠤ᠄ ᠦᠷᠭᠦᠯᠵᠢᠯᠡᠨ ᠪᠠᠶᠢᠭᠤᠯᠬᠤ ᠲᠥᠷᠥᠯ ᠵᠦᠶᠯ 14᠂ ᠰᠢᠨ᠎ᠡ ᠪᠠᠷ ᠪᠠᠶᠢᠭᠤᠯᠬᠤ ᠲᠥᠷᠥᠯ ᠵᠦᠶᠯ | 44 ᠪᠣᠶ︔ ᠨᠡᠶᠢᠭᠡᠮ ᠤᠨ ᠲᠥᠷᠥᠯ ᠤᠨ ᠪᠠᠯᠠ ᠣᠷᠣᠭᠤᠯᠤᠯᠲᠠ ᠶᠢᠨ ᠲᠥᠷᠥᠯ ᠵᠦᠶᠯ 35᠂ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ 23 ᠪᠠᠶᠢᠵᠤ᠂ ᠡᠭᠦᠨ ᠳᠤ ᠠᠵᠤ ᠦᠢᠯᠡᠰ ᠤᠨ | ᠬᠥᠭᠵᠢᠯᠲᠡ᠂ ᠵᠠᠮ ᠬᠠᠷᠢᠯᠴᠠᠭ᠎ᠠ᠂ ᠡᠨᠧᠷᠭᠢ᠂ ᠨᠡᠶᠢᠭᠡᠮ ᠠᠷᠠᠳ ᠤᠨ ᠠᠮᠢᠳᠤᠷᠠᠯ᠂ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠬᠢᠭᠡᠳ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ | ᠪᠣᠭᠤᠮᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠣᠯᠠᠨ ᠲᠠᠯ᠎ᠠ ᠶᠢ ᠪᠠᠭᠲᠠᠭᠠᠨ᠎ᠠ᠃ ᠴᠢᠬᠤᠯᠠ ᠶᠡᠭᠡ ᠡᠮᠦᠨᠡᠬᠢ | ᠬᠤᠭᠤᠴᠠᠭᠠᠨ ᠤ ᠲᠥᠷᠥᠯ ᠵᠦᠢᠯ 80 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 2031.4 ᠳ᠋ᠦᠩᠰᠢᠭᠤᠷ | ᠲᠥᠭᠦᠷᠢᠭ ᠲᠤ ᠬᠦᠷᠴᠡᠶ᠃ ᠠᠶᠢᠮᠠᠭ ᠤᠨ ᠱᠠᠲᠤᠨ ᠤ ᠰᠢᠯᠭᠠᠨ ᠦᠨᠡᠯᠡᠬᠦ ᠲᠥᠷᠥᠯ ᠵᠦᠢᠯ ᠢ 19 ᠳᠡᠭᠡᠭᠰᠢ | ᠮᠡᠳᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 307.3 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ | ᠲᠥᠯᠥᠪᠯᠡᠭᠡ ᠳᠤ 95.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠡᠮᠦᠨᠡᠬᠢ | ᠬᠤᠭᠤᠴᠠᠭᠠᠨ ᠤ ᠠᠵᠢᠯ ᠢ ᠦᠷᠭᠦᠯᠵᠢᠯᠡᠨ ᠠᠳᠬᠤᠵᠤ᠂ ᠲᠣᠬᠢᠷᠠᠭᠤᠯᠤᠯᠲᠠ ᠶᠢ ᠠᠳᠬᠤᠵᠤ᠂ ᠴᠢᠬᠤᠯᠠ ᠶᠡᠭᠡ | ᠲᠥᠷᠥᠯ ᠵᠦᠢᠯ ᠢ ᠡᠷᠲᠡᠬᠡᠨ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ | ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠠᠪᠰᠤᠷᠤᠨ | ᠲᠡᠳᠬᠦᠬᠦ ᠠᠵᠢᠯ ᠤᠨ ᠲᠣᠭᠲᠠᠴᠠ ᠶᠢ ᠴᠢᠩᠭᠠᠳᠬᠠᠨ᠂ ︽ᠵᠠᠪᠳᠤᠨ ᠭᠦᠶᠴᠡᠳᠬᠡᠬᠦ᠂ ᠭᠦᠶᠴᠡᠳᠬᠡᠬᠦ︾ ︽ᠨᠢᠭᠡ | ᠨᠢᠭᠡ ᠪᠠᠷ ᠭᠦᠢᠴᠡᠳᠬᠡᠬᠦ︾ ᠪᠥᠬᠦ ᠶᠠᠪᠤᠴᠠ ᠶᠢᠨ ᠦᠶᠯᠡᠴᠢᠯᠡᠭᠡ ᠶᠢ ᠰᠠᠶᠢᠲᠤᠷ ᠬᠢᠵᠦ᠂ ᠲᠥᠪᠯᠡᠷᠡᠭᠦᠯᠦᠨ | ᠬᠤᠯᠪᠣᠭᠠᠯᠠᠨ ᠬᠥᠳᠡᠯᠦᠯᠴᠡᠵᠦ ᠬᠢᠨᠠᠨ ᠵᠥᠪᠰᠢᠶᠡᠷᠡᠬᠦ᠂ ᠪᠠᠶᠢᠩᠭᠤᠵᠢᠭᠤᠯᠵᠤ ᠬᠤᠯᠪᠣᠭᠠᠯᠠᠨ ᠬᠥᠳᠡᠯᠦᠯᠴᠡᠵᠦ | ᠳᠣᠭᠢᠷᠠᠭᠤᠯᠬᠤ ᠶᠢ ᠥᠷᠨᠢᠭᠦᠯᠵᠦ᠂ ᠭᠠᠵᠠᠷ ᠰᠢᠷᠣᠶ᠂ ᠣᠷᠴᠢᠨ ᠲᠣᠭᠤᠷᠢᠨ᠂ ᠡᠨᠧᠷᠭᠢ ᠶᠢᠨ ᠬᠤᠷᠣᠭᠳᠠᠯ᠂ ᠪᠠᠯᠠ | ᠮᠥᠩᠭᠦ ᠵᠡᠷᠭᠡ ᠬᠦᠴᠦᠨ ᠵᠦᠶᠯ ᠢ ᠵᠣᠬᠢᠴᠠᠭᠤᠯᠬᠤ ᠪᠠ ᠦᠶᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠰᠠᠭᠤᠷᠢ ᠶᠢ ᠪᠠᠬᠢᠵᠢᠭᠦᠯᠵᠦ᠂ | ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ | ᠲᠦᠷᠭᠡᠳᠬᠡᠬᠦ ᠳᠤ ᠬᠦᠴᠦᠨ ᠨᠡᠮᠡᠷᠢᠯᠡᠵᠦ᠂ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | | ︵ᠬᠤᠶᠠᠷ︶ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠬᠠᠮ ᠠᠷᠭ᠎ᠠ ᠬᠡᠮᠵᠢᠶ᠎ᠡ ᠠᠪᠴᠤ | ᠪᠠᠶᠢᠭᠠᠳ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ | ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ᠂ | ᠲᠥᠷᠥ ᠶᠢᠨ ᠪᠣᠳᠣᠯᠭ᠎ᠠ ᠶᠢᠨ ᠴᠢᠭᠯᠡᠯ᠂ ᠪᠠᠯᠠ ᠣᠷᠣᠭᠤᠯᠤᠯᠲᠠ ᠶᠢᠨ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ | ᠠᠩᠬᠠᠷᠴᠤ᠂ ᠲᠡᠤᠬᠡ ᠶᠢᠨ ᠠᠵᠠ ᠲᠣᠬᠢᠶᠠᠯ ᠪᠠ ᠪᠣᠳᠣᠯᠭ᠎ᠠ ᠨᠡᠶᠢᠲᠡᠯᠡᠭᠳᠡᠭᠰᠡᠨ ᠠᠴᠠ ᠪᠣᠳᠠᠲᠠᠢ ᠬᠡᠷᠡᠭᠵᠢᠭᠦᠯᠦᠭᠳᠡᠬᠦ | ᠬᠤᠭᠤᠴᠠᠭ᠎ᠠ ᠶᠢ ᠠᠮᠵᠢᠨ ᠲᠥᠷᠥᠯ ᠵᠦᠢᠯ ᠢ ᠲᠥᠯᠥᠪᠵᠢᠭᠦᠯᠦᠨ ᠨᠥᠭᠡᠴᠡᠯᠡᠬᠦ ᠶᠢ ᠦᠷᠭᠦᠯᠵᠢᠯᠡᠨ ᠴᠢᠩᠭᠠᠳᠬᠠᠵᠤ᠂ | ᠡᠯ᠎ᠡ ᠲᠥᠷᠥᠯ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠂ ᠪᠠᠯᠠ ᠣᠷᠣᠭᠤᠯᠤᠯᠲᠠ ᠶᠢᠨ ᠬᠦᠰᠡᠯ ᠰᠠᠨᠠᠭ᠎ᠠ ᠶᠢ | ᠬᠥᠭᠵᠢᠭᠡᠨ᠎ᠡ᠃ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ 102 | ᠵᠦᠢᠯ ᠤᠨ ᠴᠢᠬᠤᠯᠠ ᠶᠡᠭᠡ ᠢᠨᠵᠧᠨᠧᠷᠢᠩ᠂ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠬᠤ᠂ 2024 ᠤᠨ ᠤ | ᠲᠥᠰᠦᠪ ᠤᠨ ᠳᠣᠲᠣᠷᠠᠬᠢ ᠪᠠᠯᠠ ᠮᠥᠩᠭᠦ ᠵᠡᠷᠭᠡ ᠬᠦᠷᠢᠶ᠎ᠡ ᠶᠢᠨ ᠲᠣᠭᠤᠷᠢᠨ ᠳᠤ᠂ ᠨᠢᠭᠡ ᠪᠦᠯᠦᠭ ᠪᠥᠬᠦ ᠲᠠᠯ᠎ᠠ ᠶᠢᠨ | ᠴᠢᠨᠠᠷᠲᠠᠶ᠂ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠢᠬᠤᠯᠠ ᠶᠡᠭᠡ ᠲᠥᠷᠥᠯ ᠵᠦᠢᠯ ᠢ | ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠪᠠ ᠪᠠᠶᠢᠷᠢᠰᠢᠭᠤᠯᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠ | ᠲᠥᠷᠥ ᠶᠢᠨ ᠪᠣᠳᠣᠯᠭ᠎ᠠ ᠶᠢᠨ ᠤᠷᠮᠠᠰᠢᠭᠤᠯᠬᠤ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠂ ᠠᠷᠠᠳ ᠤᠨ | ᠪᠠᠯᠠ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠵᠦ᠂ ᠪᠠᠯᠠ ᠣᠷᠣᠭᠤᠯᠤᠯᠲᠠ ᠶᠢᠨ | ᠦᠷ᠎ᠡ ᠪᠦᠲᠦᠮᠵᠢ ᠪᠠ ᠪᠦᠲᠦᠮᠵᠢᠲᠦ ᠴᠢᠨᠠᠷ ᠢ ᠤᠯᠠᠮ ᠳᠡᠭᠡᠭᠰᠢᠯᠡᠭᠦᠯᠦᠨ᠎ᠡ᠃ | ︵ᠭᠤᠷᠪᠠ︶ ᠭᠠᠳᠠᠭᠰᠢ ᠨᠡᠭᠡᠭᠡᠯᠲᠡ ᠬᠢᠬᠦ ᠬᠡᠮᠵᠢᠶ᠎ᠡ ᠶᠢ ᠳᠡᠭᠡᠭᠰᠢᠯᠡᠭᠦᠯᠵᠦ ᠣᠷᠣᠨ ᠪᠦᠰᠡ ᠶᠢᠨ | ᠬᠠᠮᠲᠤᠷᠠᠯᠴᠠᠭ᠎ᠠ ᠶᠢ ᠴᠢᠩᠭᠠᠳᠬᠠᠨ᠎ᠠ | ᠭᠠᠳᠠᠭᠠᠳᠤ ᠨᠡᠭᠡᠭᠡᠯᠲᠡ ᠶᠢ ᠪᠥᠬᠦ ᠲᠠᠯ᠎ᠠ ᠪᠠᠷ ᠥᠷᠭᠡᠳᠬᠡᠵᠦ᠂ ᠪᠡᠭᠡᠵᠢᠩ ᠲᠢᠶᠠᠨᠵᠢᠨ ᠾᠧᠪᠧᠶ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ | ᠭᠤᠤᠯᠳᠠᠯᠭ᠎ᠠ ᠲᠠᠢ ᠭᠠᠵᠠᠷ ᠣᠷᠣᠨ ᠤ ᠰᠣᠶᠣᠯ ᠤᠨ ᠰᠣᠯᠢᠯᠴᠠᠭ᠎ᠠ᠂ ᠠᠵᠤ ᠠᠬᠤᠶ ᠶᠢᠨ ᠬᠠᠮᠵᠢᠯᠴᠠᠭ᠎ᠠ ᠶᠢ ᠪᠥᠬᠦ | ᠲᠠᠯ᠎ᠠ ᠪᠠᠷ ᠴᠢᠩᠭᠠᠳᠬᠠᠵᠤ᠂ ᠣᠷᠣᠰ᠂ ᠮᠣᠩᠭᠤᠯ ᠤᠯᠤᠰ ᠲᠡᠶᠢᠰᠢ ᠨᠡᠭᠡᠭᠡᠯᠲᠡ ᠬᠢᠬᠦ ᠬᠠᠷᠠᠭᠠᠰᠤ ᠪᠠᠨ ᠤᠯᠠᠮ | ᠲᠡᠭᠦᠯᠳᠡᠷᠵᠢᠭᠦᠯᠦᠨ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠪᠠᠨ ᠲᠡᠭᠦᠯᠳᠡᠷᠵᠢᠭᠦᠯᠵᠦ᠂ ᠬᠥᠭᠦᠷᠭᠡᠨ | ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠂ ᠠᠵᠤ ᠠᠬᠤᠶ ᠠᠷᠠᠯᠵᠢᠶᠠᠨ ᠤ ᠰᠢᠨᠵᠢᠯᠡᠨ | ᠪᠠᠶᠢᠴᠠᠭᠠᠯᠲᠠ ᠪᠠ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠰᠢᠨ᠎ᠡ | ᠡᠨᠧᠷᠭᠢ ᠶᠢᠨ ᠲᠣᠮᠣ ᠰᠠᠭᠤᠷᠢᠨ ᠪᠠ ᠪᠥᠬᠦ ᠠᠵᠤ ᠦᠢᠯᠡᠰ ᠤᠨ ᠬᠡᠯᠬᠢᠶ᠎ᠡ ᠶᠢ ᠪᠥᠲᠥᠭᠡᠨ ᠪᠠᠶᠢᠭᠤᠯᠬᠤ ᠶᠢ ᠠᠬᠢᠭᠤᠯᠤᠨ᠂ | ᠥᠪᠥᠷ ᠮᠣᠩᠭᠤᠯ ᠨᠢᠩᠰᠢᠶᠠ ᠶᠢᠨ ᠡᠨᠧᠷᠭᠢ ᠶᠢᠨ ᠲᠤᠰᠬᠠᠶ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠢ | ᠭᠦᠨᠵᠡᠭᠡᠶ ᠨᠠᠶᠢᠳᠠᠪᠤᠷᠢᠵᠢᠭᠤᠯᠵᠤ᠂ ᠲᠥᠪ ᠤᠨ ᠲᠣᠮᠣ ᠬᠡᠯᠪᠡᠷᠢ ᠶᠢᠨ ᠠᠵᠤ ᠠᠬᠤᠶᠢᠯᠠᠯ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠢᠴᠢ ᠡᠷᠬᠢᠨ ᠲᠣᠭᠤᠷᠢᠨ ᠤ ᠭᠠᠵᠠᠷ | ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠭᠡᠭᠡᠯᠲᠡ ᠶᠢᠨ ᠵᠠᠮ ᠢ ᠪᠥᠬᠦ ᠬᠦᠴᠦᠨ ᠢᠶᠠᠷ ᠢᠶᠠᠨ | ᠥᠷᠭᠡᠳᠬᠡᠨ᠂ ᠨᠡᠭᠡᠭᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠥᠨᠳᠥᠷ ᠵᠡᠷᠭᠡᠯᠡᠯ ᠤᠨ ᠭᠠᠳᠠᠭᠠᠳᠤ | ᠨᠡᠭᠡᠭᠡᠯᠲᠡ ᠶᠢᠨ ᠲᠠᠪᠴᠠᠩ ᠢ ᠪᠣᠶ ᠪᠣᠯᠭᠠᠨ᠎ᠠ᠃ ᠬᠠᠲᠤᠨ ᠭᠤᠣᠯ ᠤᠨ ︽ᠵᠢᠢ︾ ᠦᠰᠦᠭ ᠤᠨ ᠲᠤᠬᠤᠢ ᠶᠢᠨ | ᠭᠤᠣᠯᠳᠠᠯᠭ᠎ᠠ ᠲᠠᠢ ᠣᠷᠣᠨ ᠪᠦᠰᠡ ᠳᠤ ᠬᠠᠮᠲᠤᠷᠠᠯᠴᠠᠬᠤ ᠲᠣᠭᠲᠠᠴᠠ ᠪᠠᠶᠢᠭᠤᠯᠬᠤ ᠶᠢ ᠠᠬᠢᠭᠤᠯᠵᠤ᠂ ᠬᠥᠷᠰᠢ | ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠦᠷᠢᠶᠡᠯᠡᠩ ᠲᠣᠭᠤᠷᠢᠭ ᠢ | ᠬᠠᠮᠲᠤ ᠪᠠᠷ ᠪᠠᠶᠢᠭᠤᠯᠬᠤ᠂ ᠠᠵᠤ ᠦᠢᠯᠡᠰ ᠤᠨ ᠬᠠᠮᠲᠤᠷᠠᠯᠴᠠᠭ᠎ᠠ ᠶᠢᠨ ᠥᠷᠭᠡᠴᠡ ᠭᠦᠨᠴᠡ ᠶᠢ ᠥᠷᠭᠡᠳᠬᠡᠨ᠎ᠡ᠃ | ︵ᠲᠦᠷᠪᠡ︶ ᠠᠷᠠᠯᠵᠢᠶᠠᠴᠢᠨ ᠤᠷᠢᠵᠤ ᠪᠡᠯᠡ ᠣᠷᠤᠭᠤᠯᠬᠤ ᠶᠢ ᠦᠷᠭᠡᠳᠭᠡᠬᠦ ᠪᠦᠲᠦᠮᠵᠢ ᠲᠠᠢ ᠪᠡᠯᠡ | ᠣᠷᠤᠭᠤᠯᠤᠯᠲᠠ ᠶᠢ ᠬᠦᠴᠦᠲᠡᠢ ᠠᠳᠬᠤᠨ᠎ᠠ | ᠪᠠᠬᠢᠯᠡᠯᠲᠡ ᠶᠢᠨ ᠦᠢᠯᠡᠳᠦᠯ ᠢᠶᠠᠨ ᠪᠠᠳᠠᠷᠠᠭᠤᠯᠬᠤ ᠳᠤ ᠰᠠᠭᠤᠷᠢᠯᠠᠨ ᠨᠡᠭᠡᠭᠡᠯᠲᠡ ᠪᠠᠨ ᠥᠷᠭᠡᠳᠬᠡᠵᠦ᠂ | ᠬᠤᠳᠠᠯᠳᠤᠭᠠᠴᠢᠨ ᠤᠷᠢᠬᠤ ᠴᠢᠭᠯᠡᠯ ᠪᠠ ᠭᠤᠤᠯᠳᠠᠯᠭ᠎ᠠ ᠪᠠᠨ ᠤᠯᠠᠮ ᠲᠣᠳᠣᠷᠬᠠᠶᠢᠯᠠᠨ᠂ ᠬᠤᠳᠠᠯᠳᠤᠭᠠᠴᠢᠨ ᠤᠷᠢᠬᠤ | ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠰ ᠤᠨ | ᠳᠠᠪᠠᠭᠤᠯᠢᠭ ᠢᠶᠠᠨ ᠲᠥᠪᠯᠡᠷᠡᠭᠦᠯᠦᠨ᠂ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠶᠯᠡᠳᠬᠦ᠂ ᠣᠨᠴᠠᠯᠢᠭᠲᠤ ᠠᠮᠢ ᠠᠬᠤᠶ ᠵᠡᠷᠭᠡ ᠭᠤᠤᠯᠳᠠᠯᠭ᠎ᠠ ᠲᠠᠢ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ︽ᠬᠡᠯᠬᠢᠶᠡᠵᠢᠭᠰᠡᠨ ᠬᠤᠳᠠᠯᠳᠤᠭᠠᠴᠢᠨ ᠤᠷᠢᠬᠤ︾ ︽ᠪᠣᠬᠢᠷᠲᠤᠯ | ᠥᠬᠡᠶ ᠴᠠᠬᠢᠯᠭᠠᠨ ᠢᠶᠠᠷ ᠬᠤᠳᠠᠯᠳᠤᠭᠠᠴᠢᠨ ᠤᠷᠢᠬᠤ︾ ᠶᠢ ᠭᠦᠨᠵᠡᠭᠡᠶ ᠥᠷᠨᠢᠭᠦᠯᠵᠦ᠂ ︽ᠥᠩᠭᠡᠷᠡᠬᠦ ᠠᠵᠤ ᠠᠬᠤᠶ︾ | ᠶᠢ ︽ᠪᠣᠳᠠᠲᠠᠶᠢᠵᠢᠭᠤᠯᠤᠭᠰᠠᠨ ᠠᠵᠤ ᠠᠬᠤᠶ︾ ᠳᠠᠰᠢ ᠬᠤᠪᠢᠷᠠᠭᠤᠯᠬᠤ ᠶᠢ ᠤᠷᠤᠭᠰᠢ ᠠᠬᠢᠭᠤᠯᠵᠤ᠂ ᠥᠪᠡᠷᠲᠡᠭᠡᠨ | ᠵᠠᠰᠠᠬᠤ ᠣᠷᠣᠨ᠂ ᠪᠥᠬᠦ ᠠᠶᠢᠮᠠᠭ ᠤᠨ ᠲᠠᠨᠢᠯᠴᠠᠭᠤᠯᠭ᠎ᠠ ᠶᠢᠨ ᠬᠤᠷᠠᠯ᠂ ᠭᠡᠷ᠎ᠡ ᠲᠣᠭᠲᠠᠬᠤ ᠴᠤᠭᠯᠠᠭᠠᠨ᠂ | ᠵᠥᠪᠳᠡᠯᠴᠡᠬᠡᠷ ᠤᠨ ᠬᠤᠷᠠᠯ ᠳᠤ ᠢᠳᠡᠪᠬᠢᠲᠡᠶ ᠣᠷᠣᠯᠴᠠᠵᠤ᠂ ︽ᠭᠠᠳᠠᠭᠰᠢ ᠭᠠᠷᠬᠤ᠂ ᠣᠷᠣᠭᠤᠯᠤᠨ ᠠᠪᠴᠢᠷᠠᠬᠤ︾ | ᠪᠠ ᠬᠤᠳᠠᠯᠳᠤᠭᠠᠴᠢᠨ ᠤᠷᠢᠬᠤ ᠶᠢ ᠦᠷᠭᠦᠯᠵᠢᠯᠡᠨ ᠤᠷᠤᠭᠰᠢ ᠠᠬᠢᠭᠤᠯᠵᠤ᠂ ᠠᠵᠠ ᠲᠣᠬᠢᠶᠠᠯ ᠢ ᠡᠷᠢᠨ᠂ | ᠲᠡᠷᠢᠭᠦᠨ ᠤ ᠬᠢ ᠶᠢ ᠵᠠᠪᠳᠤᠵᠤ᠂ ᠴᠢᠨᠠᠷ ᠰᠠᠶᠢᠲᠠᠶ ᠠᠵᠤ ᠠᠬᠤᠶᠢᠯᠠᠯ ᠢ ᠣᠷᠣᠭᠤᠯᠤᠨ ᠰᠠᠭᠤᠷᠢᠰᠢᠭᠤᠯᠬᠤ᠂ ᠰᠢᠯᠢᠳᠡᠭ | ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠶᠡᠭᠡ ᠪᠠᠷ ᠤᠷᠤᠭᠰᠢ ᠠᠬᠢᠭᠤᠯᠵᠤ᠂ ᠠᠵᠤ ᠦᠢᠯᠡᠰ ᠤᠨ ᠬᠡᠯᠬᠢᠶᠡᠰᠦ ᠶᠢ | ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠬᠦᠴᠦᠷᠬᠡᠭᠵᠢᠭᠦᠯᠬᠦ ᠶᠢ ᠤᠷᠤᠭᠰᠢ ᠠᠬᠢᠭᠤᠯᠤᠨ᠎ᠠ᠃ | ᠬᠤᠶᠠᠷ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢᠶᠠᠷ ᠪᠣᠬᠢᠷᠲᠤᠯ ᠦᠭᠡᠢ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | ︵ᠨᠢᠭᠡ︶ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ | ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ | ᠲᠣᠭᠤᠷᠢᠨ ᠤ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠭᠤᠷᠪᠠᠨ ᠱᠤᠭᠤᠮ | ᠨᠢᠭᠡ ᠬᠠᠭᠤᠳᠠᠰᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠤᠭᠤ ᠭᠠᠵᠠᠷ ᠪᠣᠯᠤᠨ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ | ᠂ ᠦᠷᠭᠦᠯᠵᠢᠯᠡᠬᠦ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠬᠤᠷᠢᠭᠯᠠᠵᠤ ᠪᠡᠯᠴᠢᠭᠡᠷ ᠰᠡᠷᠭᠦᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠤᠯᠤᠰ ᠤᠨ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠰᠠᠶᠢᠲᠤᠷ | ᠬᠡᠷᠡᠭᠵᠢᠭᠦᠯᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠠᠯᠠᠱᠠ ᠵᠡᠭᠦᠨ ᠬᠤᠰᠢᠭᠤᠨ ᠤ ᠪᠠᠷᠠᠭᠤᠨ ᠬᠡᠰᠡᠭ ᠤᠨ ᠴᠦᠯᠯᠡᠷᠭᠡᠭᠵᠢᠯ ᠢ | ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠪᠠ ᠠᠯᠠᠱᠠ ᠠᠭᠤᠯᠠ ᠶᠢᠨ ᠤᠯᠤᠰ ᠤᠨ | ᠴᠡᠴᠡᠷᠯᠢᠭ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠬᠥᠮᠦᠨ ᠤ ᠬᠦᠴᠦ ᠪᠠᠷ ᠣᠶᠢᠵᠢᠭᠤᠯᠵᠤ ᠬᠠᠮᠢᠶᠠᠷᠤᠨ | ᠬᠠᠮᠠᠭᠠᠯᠠᠬᠤ᠂ ᠨᠡᠶᠢᠲᠡ ᠶᠢᠨ ᠠᠰᠠᠷᠠᠮᠵᠢ ᠶᠢᠨ ᠣᠶ ᠶᠢᠨ ᠪᠡᠯᠴᠢᠭᠡᠷᠯᠡᠭᠦᠯᠬᠦ ᠶᠢ ᠬᠤᠷᠢᠭᠯᠠᠬᠤ ᠶᠢ ᠴᠢᠩᠭᠠᠳᠬᠠᠵᠤ᠂ | ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠦᠷ᠎ᠡ ᠪᠦᠲᠦᠮᠵᠢ ᠶᠢᠨ ᠦᠷᠭᠦᠯᠵᠢᠯᠡᠬᠦ ᠶᠢ ᠦᠨᠡᠨᠬᠦ ᠪᠠᠲᠤᠯᠠᠨ᠎ᠠ᠃ | ︵ᠬᠤᠶᠠᠷ︶ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠭᠵᠢᠯᠲᠡ ᠶᠢ | ᠲᠦᠷᠭᠡᠳᠭᠡᠨ᠎ᠡ | ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠭᠦᠨᠵᠡᠭᠡᠶ ᠬᠡᠷᠡᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ ᠪᠠ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ︽1NX︾ ᠲᠥᠷᠥ ᠶᠢᠨ ᠪᠣᠳᠣᠯᠭ᠎ᠠ ᠶᠢᠨ | ᠰᠢᠰᠲ᠋ᠧᠮ ᠢ ᠭᠦᠨᠵᠡᠭᠡᠶ ᠨᠠᠶᠢᠳᠠᠪᠤᠷᠢᠵᠢᠭᠤᠯᠵᠤ᠂ ︽ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ | ᠬᠡᠮᠵᠢᠭᠳᠡᠯ ᠳᠤ ᠬᠦᠷᠬᠦ ᠠᠷᠪᠠᠨ ᠬᠤᠶᠠᠳᠤᠭᠠᠷ ᠶᠡᠭᠡ ᠠᠵᠢᠯᠯᠠᠭ᠎ᠠ︾ ᠶᠢ ᠡᠮᠬᠢ ᠵᠢᠷᠤᠮ ᠲᠠᠢ ᠠᠬᠢᠭᠤᠯᠵᠤ᠂ ᠣᠷᠴᠢᠯ | ᠠᠵᠤ ᠠᠬᠤᠶ ᠶᠢ ᠶᠡᠭᠡ ᠪᠠᠷ ᠬᠥᠭᠵᠢᠭᠦᠯᠦᠨ᠎ᠡ᠃ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ | ᠠᠩᠬᠠᠷᠤᠯ ᠢᠶᠠᠨ ᠬᠠᠨᠳᠤᠭᠤᠯᠵᠤ᠂ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ | ᠬᠦᠴᠦᠯᠡᠨ ᠴᠢᠩᠭᠠᠳᠬᠠᠵᠤ᠂ ᠲᠦᠷᠦᠯ ᠵᠦᠢᠯ ᠢ ᠵᠥᠪᠰᠢᠶᠡᠷᠡᠨ ᠣᠷᠣᠭᠤᠯᠬᠤ ᠶᠢᠨ ᠬᠢᠨᠠᠨ ᠬᠠᠷᠭᠤᠭᠤᠯᠬᠤ | ᠪᠣᠭᠤᠮᠲᠠ ᠶᠢ ᠴᠢᠩᠭ᠎ᠠ ᠠᠳᠬᠤᠵᠤ᠂ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠦᠷᠢᠶᠡᠨ ᠤ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠥᠭᠡᠷᠡᠴᠢᠯᠡᠯᠲᠡ ᠶᠢᠨ ᠲᠦᠷᠦᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠵᠦ᠂ | ᠪᠠᠷᠠᠭᠤᠨ ᠪᠡᠯ᠂ ᠡᠷᠬᠡᠬᠠᠰᠢᠬ᠎ᠠ ᠵᠡᠷᠭᠡ 6 ᠰᠤᠮᠤ ᠪᠠᠯᠭᠠᠰᠤ ᠶᠢᠨ 1579 ᠡᠷᠦᠬᠡ ᠵᠢᠴᠢ ᠬᠡᠰᠡᠭ ᠤᠯᠠᠨ ᠨᠡᠶᠢᠲᠡ ᠶᠢᠨ | ᠪᠠᠷᠢᠯᠭ᠎ᠠ ᠶᠢᠨ ᠠᠷᠢᠭᠤᠨ ᠴᠡᠪᠡᠷ ᠳᠤᠯᠠᠭᠠᠯᠠᠭ᠎ᠠ ᠪᠠᠷ ᠣᠷᠣᠯᠠᠭᠤᠯᠬᠤ᠂ ᠳᠤᠮᠳᠠᠳᠤ ᠤᠯᠤᠰ ᠤᠨ ᠬᠤᠵᠢᠷᠯᠢᠭ | ᠬᠤᠵᠢᠷ ᠤᠨ ᠬᠤᠪᠢᠶᠠᠷᠢ ᠺᠣᠮᠫᠠᠨᠢ ᠶᠢᠨ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠦᠷᠦᠯ ᠵᠦᠢᠯ ᠢ ᠢᠳᠡᠪᠬᠢᠲᠡᠢ | ᠠᠬᠢᠭᠤᠯᠵᠤ᠂ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ | ᠂ ᠡᠬᠢ ᠡᠭᠦᠰᠦᠯ ᠠᠴᠠ ᠨᠢ ᠵᠠᠰᠠᠬᠤ ᠪᠠᠷ ᠳᠠᠮᠵᠢᠭᠤᠯᠤᠨ ᠡᠨᠧᠷᠭᠢ ᠶᠢᠨ ᠬᠤᠷᠣᠭᠳᠠᠯ ᠢ ᠢᠯᠡᠭᠦᠬᠡᠨ ᠭᠠᠷᠭᠠᠬᠤ ᠶᠢ | ᠠᠬᠢᠭᠤᠯᠵᠤ᠂ ᠪᠣᠬᠢᠷᠲᠤᠯ ᠦᠭᠡᠢ ᠭᠠᠳᠠᠭᠰᠢᠯᠠᠭᠤᠯᠤᠯᠲᠠ ᠶᠢ ᠢᠯᠡᠭᠦᠬᠡᠨ ᠨᠡᠮᠡᠭᠳᠡᠭᠦᠯᠵᠦ᠂ ᠪᠣᠬᠢᠷᠲᠤᠯ ᠦᠭᠡᠢ | ᠡᠯᠡᠰᠦ ᠶᠢ ᠢᠯᠡᠭᠦᠦ ᠭᠠᠷᠭᠠᠬᠤ ᠶᠢ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠠᠯᠬᠤᠮ | ᠠᠯᠬᠤᠮ ᠢᠶᠠᠷ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠲᠡᠶᠢᠰᠢ ᠰᠢᠯᠵᠢᠭᠦᠯᠬᠦ ᠶᠢ ᠠᠬᠢᠭᠤᠯᠵᠤ᠂ | ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠎ᠡ᠃ | ᠭᠤᠷᠪᠠ᠂ ᠴᠢᠨᠠᠷ ᠰᠠᠶᠢᠲᠠᠶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠷ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠪᠠᠲᠤᠯᠠᠨ᠎ᠠ | ᠥᠪᠡᠷᠲᠡᠭᠡᠨ ᠵᠠᠰᠠᠬᠤ ᠣᠷᠣᠨ ᠤ ᠤᠳᠠᠯ ᠦᠭᠡᠢ ᠭᠠᠷᠭᠠᠬᠤ ᠪᠠᠷ ᠪᠠᠶᠢᠭ᠎ᠠ 4.0 ᠬᠡᠪᠯᠡᠯ ᠤᠨ ᠲᠥᠰᠦᠯ ᠲᠠᠢ | ᠢᠳᠡᠪᠬᠢᠲᠡᠶ ᠤᠶᠠᠯᠳᠤᠭᠤᠯᠵᠤ᠂ ᠬᠠᠷᠠᠭᠠᠯᠵᠠᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ︽ᠪᠥᠬᠦ ᠬᠤᠰᠢᠭᠤᠨ ᠳᠤ ᠨᠡᠶᠢᠳᠡᠮ ᠭᠦᠢᠴᠡᠳᠭᠡᠬᠦ᠂ ᠭᠤᠷᠪᠠᠨ ᠱᠠᠲᠤ ᠬᠠᠮᠲᠤᠷᠠᠨ | ᠭᠦᠢᠴᠡᠳᠭᠡᠬᠦ︾ ᠰᠢᠨ᠎ᠡ ᠰᠢᠰᠲ᠋ᠧᠮ ᠢ ᠪᠠᠶᠢᠭᠤᠯᠵᠤ᠂ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢᠨ | ᠦᠷ᠎ᠡ ᠪᠦᠲᠦᠮᠵᠢ ᠶᠢ ᠰᠢᠯᠢᠳᠡᠭᠵᠢᠭᠦᠯᠦᠨ ᠪᠠᠬᠢᠵᠢᠭᠦᠯᠵᠦ᠂ ︽12345︾ ᠬᠠᠯᠠᠮᠰᠢᠯ ᠤᠲᠠᠰᠤ ᠶᠢᠨ ᠠᠵᠢᠯ ᠢ | ᠰᠠᠶᠢᠲᠤᠷ ᠬᠢᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ︽ᠨᠢᠭᠡ ᠦᠨᠡᠮᠯᠡᠯ ᠢᠶᠠᠷ ᠨᠡᠶᠢᠳᠡᠮ | ᠭᠦᠢᠴᠡᠳᠭᠡᠬᠦ︾ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ︽ᠮᠤᠵᠢ ᠠᠯᠤᠰᠯᠠᠨ ᠨᠡᠶᠢᠳᠡᠮ | ᠭᠦᠢᠴᠡᠳᠭᠡᠬᠦ︾ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ | ︽ᠠᠶᠢᠮᠠᠭ ᠤᠨ ᠬᠡᠪᠴᠢᠶᠡᠨ ᠳᠤ ᠨᠡᠶᠢᠳᠡᠮ ᠭᠦᠢᠴᠡᠳᠭᠡᠬᠦ︾ ᠶᠢ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠪᠣᠯᠬᠤ ᠶᠢ ᠠᠬᠢᠭᠤᠯᠤᠨ᠎ᠠ᠃ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ︽ᠬᠤᠶᠠᠷ ᠢ ᠰᠤᠭᠤᠴᠢᠵᠤ | ᠂ ᠨᠢᠭᠡ ᠶᠢ ᠢᠯᠡ ᠪᠣᠯᠭᠠᠬᠤ︾ ᠵᠢᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠠᠬᠢᠭᠤᠯᠵᠤ᠂ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ︽ᠤᠯᠠᠭᠠᠨ ᠬᠠᠷ᠎ᠠ ᠲᠠᠩᠰᠠ︾ ᠶᠢ ᠦᠷᠭᠦᠯᠵᠢᠯᠡᠨ ᠬᠡᠷᠡᠭᠵᠢᠭᠦᠯᠵᠦ᠂ | ᠢᠲᠡᠭᠡᠮᠵᠢ ᠠᠯᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠬᠡ ᠠᠰᠢᠭ ᠢ ᠪᠠᠲᠤᠯᠠᠨ᠎ᠠ᠃ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠦᠨᠡᠨᠬᠦ ᠰᠢᠯᠢᠳᠡᠭᠵᠢᠭᠦᠯᠵᠦ᠂ ᠠᠵᠤ | ᠠᠬᠤᠶᠢᠯᠠᠯ ᠯᠤᠭ᠎ᠠ ᠶᠢᠨ ᠪᠠᠶᠢᠩᠭᠤ ᠶᠢᠨ ᠴᠢᠨᠠᠷᠲᠠᠶ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠤᠷᠮᠠᠰᠢᠭᠤᠯᠬᠤ ᠠᠷᠭ᠎ᠠ ᠬᠡᠮᠵᠢᠶ᠎ᠡ ᠶᠢ | ᠲᠦᠷᠭᠡᠳᠬᠡᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠬᠢᠵᠠᠭᠠᠷᠯᠠᠨ | ᠰᠢᠢᠳᠪᠦᠷᠢᠯᠡᠬᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠴᠠᠭ ᠬᠢᠵᠠᠭᠠᠷᠯᠠᠨ ᠰᠢᠢᠳᠪᠦᠷᠢᠯᠡᠬᠦ᠂ ᠲᠥᠷᠥ ᠶᠢᠨ | ᠪᠣᠳᠣᠯᠭ᠎ᠠ ᠶᠢᠨ ᠮᠡᠳᠡᠭᠡ ᠵᠠᠩᠭᠢ ᠶᠢ ᠨᠠᠷᠢᠯᠢᠭ ᠣᠨᠣᠴᠠᠲᠠᠶ ᠪᠠᠷ ᠬᠦᠷᠭᠡᠬᠦ ᠶᠢ ᠠᠬᠢᠭᠤᠯᠤᠨ᠂ ᠥᠮᠴᠢᠯᠡᠬᠦ ᠡᠷᠬᠡ ᠶᠢᠨ | ᠬᠠᠮᠠᠭᠠᠯᠠᠯᠲᠠ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠡᠷᠬᠡ ᠲᠡᠭᠰᠢ ᠪᠠᠷ ᠥᠷᠢᠰᠥᠯᠳᠦᠬᠦ᠂ | ᠨᠡᠶᠢᠭᠡᠮ ᠤᠨ ᠢᠲᠡᠭᠡᠮᠵᠢ᠂ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ | ᠵᠡᠷᠭᠡ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ | ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠬᠦ ᠦᠢᠯᠡ ᠠᠵᠢᠯᠯᠠᠭ᠎ᠠ ᠶᠢ ᠡᠷᠡᠰ ᠴᠡᠭᠴᠡᠯᠡᠨ | ᠵᠠᠰᠠᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ | ᠳᠥᠷᠪᠡ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠠᠷ ᠴᠢᠨᠠᠷ ᠰᠠᠶᠢᠲᠠᠶ | ᠬᠥᠭᠵᠢᠯᠲᠡ ᠶᠢ ᠲᠤᠯᠭᠠᠭᠤᠷᠢᠯᠠᠨ᠎ᠠ | ︵ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ | ᠠᠬᠢᠭᠤᠯᠬᠤ ᠳᠤ ᠬᠦᠴᠦᠨ ᠨᠡᠮᠡᠷᠢᠯᠡᠨ᠎ᠡ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠶᠢ ᠰᠠᠶᠢᠲᠤᠷ ᠠᠳᠬᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠪᠠ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠂ ᠪᠠᠷᠠᠭᠤᠨ ᠪᠠᠯ ᠪᠠᠯᠭᠠᠰᠤᠨ ᠤ 8000 ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ ᠥᠭᠡᠷᠡᠴᠢᠯᠡᠵᠦ᠂ ᠲᠠᠷᠢᠶᠠᠯᠠᠩ ᠤᠨ ᠲᠠᠷᠢᠮᠠᠯ ᠤᠨ ᠡᠷᠴᠢᠮᠵᠢᠭᠦᠯᠬᠦ ᠬᠡᠮᠵᠢᠶ᠎ᠡ ᠶᠢ | ᠳᠡᠭᠡᠭᠰᠢᠯᠡᠭᠦᠯᠦᠨ᠂ ᠡᠷᠴᠢᠮᠵᠢᠭᠦᠯᠦᠭᠰᠡᠨ ᠲᠠᠷᠢᠶᠠᠯᠠᠩ ᠤᠨ ᠲᠠᠷᠢᠮᠠᠯ ᠤᠨ ᠨᠠᠶᠢᠳᠠᠨ ᠬᠠᠮᠢᠶᠠᠷᠤᠭᠤᠯᠬᠤ ᠵᠠᠭᠪᠤᠷ ᠢ ᠬᠠᠶᠢᠨ | ᠰᠦᠪᠡᠭᠴᠢᠯᠡᠵᠦ᠂ ᠤᠰᠤ ᠠᠷᠪᠢᠯᠠᠬᠤ ᠲᠠᠷᠢᠶᠠᠯᠠᠩ᠂ ᠲᠥᠬᠦᠭᠡᠷᠦᠮᠵᠢ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠦᠨ᠂ | ᠵᠢᠷᠠᠲᠠᠢ ᠶᠢᠨ ᠰᠢᠬᠢᠷᠯᠢᠭ ᠰᠢᠯᠦᠬᠡᠢ ᠡᠷᠳᠡᠨᠢ ᠰᠢᠰᠢ ᠶᠢ ᠦᠢᠯᠡᠳᠪᠦᠷᠢᠯᠡᠵᠦ ᠭᠠᠷᠭᠠᠬᠤ ᠰᠠᠭᠤᠷᠢᠨ ᠭᠠᠵᠠᠷ ᠢ ᠪᠣᠶ | ᠪᠣᠯᠭᠠᠵᠤ᠂ ᠪᠥᠬᠦ ᠬᠤᠰᠢᠭᠤᠨ ᠤ ᠶᠡᠷᠦᠩᠬᠡᠶ ᠳᠠᠷᠢᠬᠤ ᠲᠠᠯᠠᠪᠠᠶ ᠶᠢ 28 ᠲᠦᠮᠡᠨ ᠮᠥ ᠣᠷᠴᠢᠮ ᠳᠤ | ᠲᠣᠭᠲᠠᠪᠤᠷᠢᠵᠢᠭᠤᠯᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ 20.4 ᠲᠦᠮᠡᠨ ᠮᠥ ᠠᠴᠠ ᠳᠣᠤᠷ᠎ᠠ ᠪᠠᠶᠢᠯᠭᠠᠵᠤ | ᠪᠣᠯᠬᠤ ᠥᠬᠡᠶ᠂ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠭᠤᠨ ᠪᠠᠶᠢᠯᠭᠠᠬᠤ᠂ ᠤᠨᠠᠯᠲᠠ ᠶᠢ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠬᠦ ᠶᠢ ᠦᠨᠡᠨᠬᠦ ᠪᠠᠲᠤᠯᠠᠪᠠ᠃ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠤᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠬᠤ ᠰᠡᠯᠭᠦᠨ ᠮᠠᠯᠵᠢᠬᠤ ᠡᠯ᠎ᠡ ᠵᠦᠢᠯ ᠤᠨ ᠳᠦᠷᠢᠮ ᠢ | ᠨᠠᠶᠢᠳᠠᠪᠤᠷᠢᠵᠢᠭᠤᠯᠵᠤ᠂ ᠳᠥᠷᠪᠡᠨ ᠶᠡᠭᠡ ᠣᠷᠣᠨ ᠨᠤᠲᠤᠭ ᠤᠨ ᠮᠠᠯ ᠤᠨ ᠡᠭᠦᠯᠳᠡᠷ ᠢ ᠬᠠᠮᠠᠭᠠᠯᠠᠨ ᠴᠡᠪᠡᠷᠰᠢᠭᠦᠯᠬᠦ ᠶᠢ | ᠠᠬᠢᠭᠤᠯᠵᠤ᠂ ᠲᠠᠷᠢᠶᠠᠯᠠᠬᠤ ᠣᠷᠣᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠶᠡᠬᠡᠪᠡᠷ ᠬᠥᠭᠵᠢᠭᠦᠯᠵᠦ᠂ | ᠤᠯᠤᠰ ᠤᠨ ᠠᠯᠠᠱᠠ ᠶᠢᠨ ᠬᠤᠣᠰ ᠪᠥᠬᠦᠲᠦ ᠲᠡᠮᠡᠭᠡ᠂ ᠮᠣᠩᠭᠤᠯ ᠦᠬᠡᠷ᠂ ᠴᠠᠭᠠᠨ ᠨᠣᠯᠣᠣᠷᠳᠣ ᠢᠮᠠᠭᠠᠨ ᠤ | ᠡᠭᠦᠯᠳᠡᠷ ᠬᠠᠮᠠᠭᠠᠯᠠᠬᠤ ᠲᠠᠯᠠᠪᠠᠢ ᠶᠢᠨ ᠰᠠᠭᠤᠷᠢ ᠪᠡᠯᠡᠳᠬᠡᠮᠵᠢ᠂ ᠬᠤᠩ ᠶᠧ ᠪᠠᠢ ᠴᠦᠨ ᠨᠣᠣᠯᠣᠭᠤᠷ ᠤᠨ ᠢᠮᠠᠭ᠎ᠠ | ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠷᠬᠡᠬᠠᠰᠢᠬ᠎ᠠ ᠦᠬᠡᠷ | ᠲᠡᠵᠢᠭᠡᠨ ᠦᠷᠡᠵᠢᠭᠦᠯᠬᠦ ᠲᠠᠯᠠᠪᠠᠢ ᠶᠢ ᠥᠷᠭᠡᠳᠬᠡᠨ ᠪᠠᠶᠢᠭᠤᠯᠵᠤ᠂ ᠲᠡᠮᠡᠭᠡ ᠲᠡᠵᠢᠭᠡᠬᠦ ᠰᠠᠭᠤᠷᠢᠨ ᠭᠠᠵᠠᠷ ᠢ | ᠰᠦᠪᠡᠭᠴᠢᠯᠡᠨ ᠪᠠᠶᠢᠭᠤᠯᠵᠤ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ | ᠂ ᠠᠯᠲᠠᠨ ᠭᠤᠪᠢ ᠶᠢᠨ ᠢᠩᠭᠡᠨ ᠰᠦ ᠡᠳ᠋ᠰᠢᠭᠦᠯᠬᠦ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠮᠠᠯ ᠠᠵᠤ | ᠠᠬᠤᠢ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠬᠥᠭᠵᠢᠯᠲᠡ ᠶᠢ ᠠᠬᠢᠭᠤᠯᠤᠨ᠎ᠠ᠃ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠰᠦᠪᠡᠭᠴᠢᠯᠡᠨ᠎ᠡ᠃ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠨᠠᠷᠠᠲᠤ ᠲᠡᠮᠳᠡᠭᠵᠢᠭᠦᠯᠬᠦ ᠬᠥᠭᠵᠢᠯᠲᠡ ᠶᠢ | ᠪᠠᠷᠢᠮᠲᠠᠯᠠᠵᠤ᠂ ᠠᠯᠠᠰᠢᠨ ᠦᠬᠡᠷ᠂ ᠠᠯᠠᠰᠢᠨ ᠬᠤᠨᠢ᠂ ᠲᠡᠮᠡᠭᠡᠨ ᠤ ᠮᠢᠬᠠᠨ ᠤ ᠠᠵᠤ ᠦᠢᠯᠡᠰ ᠤᠨ ᠪᠦᠰᠡ ᠳᠤ | ᠠᠩᠬᠠᠷᠤᠯ ᠢᠶᠠᠨ ᠲᠥᠪᠯᠡᠷᠡᠭᠦᠯᠦᠨ᠂ ᠠᠮᠢ ᠠᠬᠤᠶ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠠᠳᠠᠯ ᠦᠢᠯᠡᠰ ᠴᠣᠭᠴᠠᠯᠠᠬᠤ ᠬᠦᠷᠢᠶᠡᠯᠡᠩ ᠳᠤ ᠲᠦᠰᠢᠭᠯᠡᠨ᠂ ︽ᠳᠠᠷᠢᠬᠤ᠂ ᠲᠡᠵᠢᠭᠡᠨ ᠦᠷᠡᠵᠢᠭᠦᠯᠬᠦ᠂ ᠠᠮᠢᠳᠤ | ᠪᠣᠳᠠᠰ ᠤᠨ ᠣᠷᠭᠠᠨᠢᠭ ᠪᠣᠷᠲᠣᠭᠤᠷ ᠢ ᠡᠳ᠋ᠰᠢᠭᠦᠯᠦᠨ ᠪᠣᠯᠪᠠᠰᠤᠷᠠᠭᠤᠯᠬᠤ᠂ ᠮᠠᠯ ᠤᠨ ᠠᠰᠢᠭ ᠰᠢᠮ᠎ᠡ ᠶᠢ ᠨᠢᠲᠤᠯᠵᠤ | ᠨᠠᠷᠢᠯᠢᠭ ᠬᠡᠰᠡᠭᠯᠡᠬᠦ ᠪᠠᠷᠠᠭᠠᠨ ᠤ ᠭᠦᠢᠯᠭᠡᠭᠡ︾ ᠶᠢᠨ ᠣᠷᠴᠢᠯ ᠬᠥᠭᠵᠢᠯᠲᠡ ᠶᠢᠨ ᠵᠠᠭᠪᠤᠷ ᠢ ᠲᠡᠭᠦᠯᠳᠡᠷᠵᠢᠭᠦᠯᠵᠦ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠤᠬᠠᠶ ᠶᠢᠨ ᠭᠠᠵᠠᠷ ᠲᠤᠨᠢ ᠨᠠᠷᠢᠯᠢᠭ ᠭᠦᠨᠵᠡᠭᠡᠶ | ᠡᠳ᠋ᠰᠢᠭᠦᠯᠬᠦ ᠶᠢ ᠪᠥᠬᠦ ᠬᠡᠯᠬᠢᠶ᠎ᠡ ᠪᠠᠷ ᠠᠬᠢᠭᠤᠯᠤᠨ᠎ᠠ᠃ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢ | ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠪᠠᠶᠢᠭᠤᠯᠵᠤ ᠳᠡᠶᠢᠯᠬᠦ᠂ ᠨᠡᠷ᠎ᠡ ᠠᠯᠳᠠᠷᠲᠠᠢ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠠᠷᠤᠩᠬᠤᠶ ᠶᠢᠨ | ᠮᠢᠬᠠᠨ ᠤ ᠪᠦᠲᠦᠭᠡᠭᠳᠡᠬᠦᠨ ᠢ ᠡᠳ᠋ᠰᠢᠭᠦᠯᠬᠦ᠂ ᠰᠢᠨ ᠯᠦᠩ ᠨᠢᠲᠤᠯᠬᠤ᠂ ᠬᠤᠤ ᠽᠧ ᠮᠢᠬᠠᠨ ᠤ ᠦᠬᠡᠷ ᠤᠨ ᠡᠭᠦᠯᠳᠡᠷ ᠢ | ᠬᠠᠮᠠᠭᠠᠯᠠᠬᠤ᠂ ᠡᠭᠦᠯᠳᠡᠷ ᠢ ᠰᠢᠯᠢᠳᠡᠭᠵᠢᠭᠦᠯᠬᠦ ᠵᠢᠴᠢ ᠨᠠᠷᠢᠯᠢᠬᠵᠢᠭᠤᠯᠤᠨ ᠰᠠᠯᠭᠠᠬᠤ᠂ ᠢᠳᠡᠭᠡᠨ ᠤᠮᠳᠠᠭᠠᠨ ᠢ | ᠰᠣᠷᠭᠤᠭ ᠢᠶᠠᠷ ᠨᠢ ᠬᠠᠳᠠᠭᠠᠯᠠᠬᠤ ᠲᠡᠭᠡᠭᠡᠪᠦᠷᠢ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠳ᠋ᠦᠩ ᠶᠧ ᠣᠷᠭᠠᠨᠢᠭ | ᠪᠣᠷᠲᠣᠭᠤᠷ ᠡᠳ᠋ᠰᠢᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠮᠠᠯ ᠠᠵᠤ ᠠᠬᠤᠶ ᠶᠢᠨ | ᠲᠠᠯᠠᠪᠠᠶ ᠶᠢᠨ ᠠᠯᠠᠵᠤ ᠨᠢᠲᠤᠯᠬᠤ ᠰᠣᠷᠭᠤᠭ ᠢᠶᠠᠷ ᠨᠢ ᠬᠠᠳᠠᠭᠠᠯᠠᠬᠤ ᠲᠡᠭᠡᠭᠡᠪᠦᠷᠢ | ᠡᠳ᠋ᠰᠢᠭᠦᠯᠬᠦ ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠬᠦᠴᠦᠯᠡᠨ | ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠷᠴᠢᠮᠲᠡᠢ ᠪᠥᠭᠡᠳ ᠨᠠᠷᠢᠯᠢᠭ ᠬᠢᠬᠦ ᠶᠢ | ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠵᠦ᠂ ︽ᠶᠠᠳᠠᠭᠤᠷᠠᠯ ᠠᠴᠠ ᠰᠡᠷᠭᠡᠶᠢᠯᠡᠬᠦ ᠳᠠᠭᠠᠳᠬᠠᠯ︾᠂ ︽ᠠᠷᠠᠳ ᠢ ᠪᠠᠶᠠᠵᠢᠭᠤᠯᠬᠤ | ᠵᠢᠭᠡᠯᠡᠯᠭᠡ︾ ᠵᠡᠷᠭᠡ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠡᠷᠴᠢᠮᠲᠡᠢ ᠠᠬᠢᠭᠤᠯᠵᠤ᠂ | ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ᠂ ᠬᠤᠯᠪᠤᠭᠠᠯᠠᠨ ᠳᠠᠭᠠᠭᠠᠴᠢᠯᠠᠬᠤ ᠶᠢ ᠦᠷᠭᠦᠯᠵᠢᠯᠡᠨ ᠥᠷᠨᠢᠭᠦᠯᠵᠦ᠂ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠡᠷᠴᠢᠮ ᠢ ᠴᠢᠩᠭᠠᠳᠬᠠᠵᠤ᠂ | ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠶᠢᠯ | ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠠᠮᠢᠳᠤᠷᠠᠯ ᠤᠨ ᠪᠣᠬᠢᠷ | ᠤᠰᠤᠨ ᠤ ᠬᠤᠭᠤᠯᠠᠶ ᠶᠢᠨ ᠲᠣᠤᠷ᠂ ᠬᠤᠭ ᠨᠣᠪᠰᠢ ᠴᠤᠭᠯᠠᠭᠤᠯᠬᠤ ᠴᠡᠭ ᠵᠢᠴᠢ ᠳᠠᠮᠵᠢᠭᠤᠯᠬᠤ ᠥᠷᠲᠡᠭᠡ ᠶᠢᠨ | ᠪᠥᠲᠥᠭᠡᠨ ᠪᠠᠶᠢᠭᠤᠯᠤᠯᠲᠠ ᠶᠢ ᠤᠷᠤᠭᠰᠢ ᠠᠬᠢᠭᠤᠯᠵᠤ᠂ ᠵᠢᠷᠠᠲᠠᠶ ᠪᠠᠯᠭᠠᠰᠤ᠂ ᠣᠯᠠᠨᠪᠤᠯᠠᠭ ᠪᠠᠯᠭᠠᠰᠤᠨ ᠤ | ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠢ ᠵᠢᠷᠤᠮᠵᠢᠭᠤᠯᠤᠨ᠂ ᠮᠠᠯᠵᠢᠬᠤ | ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢ ᠳᠡᠭᠡᠭᠰᠢᠯᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠰᠠᠭᠤᠷᠢᠰᠢᠯ ᠤᠨ ᠣᠷᠴᠢᠨ ᠢ ᠰᠠᠶᠢᠵᠢᠷᠠᠭᠤᠯᠤᠨ᠎ᠠ᠃ | ︵ᠬᠤᠶᠠᠷ︶ ᠰᠢᠨ᠎ᠡ ᠬᠠᠭᠤᠴᠢᠨ ᠬᠦᠳᠡᠯᠭᠡᠭᠴᠢ ᠡᠨᠧᠷᠭᠢ ᠶᠢᠨ ᠵᠠᠯᠭᠠᠯᠳᠤᠨ ᠰᠢᠯᠵᠢᠬᠦ ᠶᠢ ᠬᠦᠴᠦᠯᠡᠨ | ᠠᠬᠢᠭᠤᠯᠤᠨ᠎ᠠ | ᠤᠯᠠᠮᠵᠢᠯᠠᠯᠲᠤ ᠠᠵᠤ ᠦᠢᠯᠡᠰ ᠢ ᠰᠢᠨᠡᠴᠢᠯᠡᠨ ᠬᠥᠭᠵᠢᠭᠦᠯᠦᠨ᠎ᠡ᠃ ᠤᠯᠠᠮᠵᠢᠯᠠᠯᠲᠤ ᠠᠵᠤ ᠦᠢᠯᠡᠰ ᠤᠨ | ᠳᠡᠭᠡᠳᠦ ᠦᠵᠦᠭᠦᠷᠵᠢᠬᠦ᠂ ᠤᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠰᠢᠰᠲ᠋ᠧᠮ ᠢ ᠳᠡᠰ ᠳᠡᠪᠰᠢᠭᠦᠯᠬᠦ ᠶᠢ | ᠯᠠᠪᠳᠠᠭᠤᠨ ᠢᠶᠠᠷ ᠠᠬᠢᠭᠤᠯᠵᠤ᠂ ᠡᠯ ᠳ᠋ᠤᠤ ᠯᠢᠩ ᠨᠡᠭᠦᠷᠡᠰᠦᠨ ᠤ ᠡᠬᠢ ᠪᠠᠶᠠᠯᠢᠭ ᠤᠨ ᠠᠭᠤᠷᠬᠠᠢ ᠶᠢᠨ ᠣᠷᠣᠨ ᠤ | ᠶᠡᠷᠦᠩᠬᠡᠢ ᠲᠥᠯᠥᠪᠵᠢᠭᠦᠯᠭᠡ ᠶᠢ ᠬᠢᠨᠠᠨ ᠲᠣᠭᠲᠠᠭᠠᠬᠤ ᠵᠢᠴᠢ ᠬᠤᠯᠤᠰᠤᠲᠠᠢ ᠠᠭᠤᠷᠬᠠᠢ ᠶᠢᠨ ᠣᠷᠣᠨ ᠤ ᠶᠡᠷᠦᠩᠬᠡᠢ | ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢᠨ ᠠᠵᠢᠯ ᠢ ᠰᠠᠶᠢᠲᠤᠷ ᠬᠢᠵᠦ᠂ ᠠᠭᠤᠷᠬᠠᠢ ᠶᠢᠨ | ᠣᠷᠴᠢᠨ ᠲᠣᠭᠤᠷᠢᠨ ᠤ ᠵᠠᠰᠠᠯᠲᠠ ᠰᠡᠷᠭᠦᠭᠡᠯᠲᠡ ᠶᠢ ᠴᠢᠩᠭᠠᠳᠬᠠᠵᠤ᠂ ᠪᠠᠶᠠᠨ ᠨᠡᠭᠦᠷᠡᠰᠦᠨ ᠠᠭᠤᠷᠬᠠᠢ᠂ ᠹᠦ᠋ ᠴᠢᠤᠸᠠᠨ | ᠨᠡᠭᠦᠷᠡᠰᠦᠨ ᠠᠭᠤᠷᠬᠠᠢ᠂ ᠪᠠᠢ ᠯᠢᠩ ᠨᠡᠭᠦᠷᠡᠰᠦᠨ ᠠᠭᠤᠷᠬᠠᠢ᠂ ᠤᠯᠠᠭᠠᠨ ᠨᠡᠭᠦᠷᠡᠰᠦᠨ ᠠᠭᠤᠷᠬᠠᠢ ᠶᠢ ᠡᠮᠬᠢᠯᠡᠨ | ᠨᠡᠶᠢᠯᠡᠭᠦᠯᠵᠦ᠂ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ | ᠠᠯᠠᠱᠠ ᠠᠭᠤᠯᠠ ᠶᠢᠨ ᠠᠭᠤᠷᠬᠠᠢ ᠶᠢᠨ ᠣᠷᠣᠨ᠂ ᠬᠠᠷ᠎ᠠ ᠶᠢᠨ ᠠᠭᠤᠯᠠᠨ ᠤ ᠠᠭᠤᠷᠬᠠᠢ ᠶᠢᠨ ᠣᠷᠣᠨ ᠤ ᠨᠡᠭᠦᠷᠡᠰᠦᠨ | ᠳᠠᠪᠬᠤᠷᠭ᠎ᠠ ᠶᠢᠨ ᠬᠡᠢ ᠶᠢ ᠬᠠᠶᠢᠨ ᠰᠢᠨᠵᠢᠬᠦ ᠶᠢ ᠠᠬᠢᠭᠤᠯᠵᠤ᠂ ᠤᠯᠠᠮᠵᠢᠯᠠᠯᠲᠤ ᠡᠨᠧᠷᠭᠢ ᠶᠢᠨ ᠬᠠᠩᠭᠠᠯᠭ᠎ᠠ ᠶᠢᠨ | ᠴᠢᠳᠠᠪᠤᠷᠢ ᠪᠣᠯᠤᠨ ᠪᠣᠬᠢᠷᠲᠤᠯ ᠦᠭᠡᠢ ᠠᠷᠢᠭᠤᠨ ᠴᠡᠪᠡᠷ᠂ ᠡᠷᠴᠢᠮᠯᠢᠭ᠌ ᠥᠨᠳᠥᠷ ᠪᠦᠲᠦᠮᠵᠢᠲᠡᠢ ᠠᠰᠢᠭᠯᠠᠬᠤ | ᠲᠦᠪᠰᠢᠨ ᠢ ᠳᠡᠭᠡᠭᠰᠢᠯᠡᠭᠦᠯᠦᠨ᠎ᠡ᠃ ᠪᠠᠯ ᠴᠢᠯᠠᠭᠤᠨ ᠤ ᠡᠬᠢ ᠪᠠᠶᠠᠯᠢᠭ ᠢ ᠨᠠᠷᠢᠯᠢᠭ ᠪᠣᠯᠪᠠᠰᠤᠷᠠᠭᠤᠯᠬᠤ ᠴᠢᠳᠠᠪᠤᠷᠢ ᠶᠢ | ᠳᠡᠭᠡᠭᠰᠢᠯᠡᠭᠦᠯᠵᠦ᠂ ᠰᠢᠵᠢᠷ ᠠᠯᠲᠠᠨ ᠠᠵᠤ ᠦᠢᠯᠡᠰ ᠤᠨ ᠨᠡᠮᠡᠭᠳᠡᠯ ᠥᠷᠲᠡᠭ ᠢ ᠳᠡᠭᠡᠭᠰᠢᠯᠡᠭᠦᠯᠵᠦ᠂ ᠲᠣᠰᠣ ᠬᠡᠢ ᠶᠢᠨ | ᠠᠵᠤ ᠦᠢᠯᠡᠰ ᠤᠨ ᠨᠥᠭᠡᠴᠡ ᠪᠠᠨ ᠴᠢᠷᠮᠠᠶᠢᠨ ᠭᠠᠷᠭᠠᠬᠤ ᠶᠢ ᠠᠬᠢᠭᠤᠯᠵᠤ᠂ ᠬᠤᠩ ᠶᠤᠸᠠᠨ ᠲᠡᠮᠦᠷᠯᠢᠭ ᠵᠡᠰ ᠤᠨ | ᠣᠯᠠᠨ ᠲᠡᠮᠦᠷᠯᠢᠭ ᠤᠨ ᠠᠭᠤᠷᠬᠠᠶ ᠶᠢ 30 ᠲᠦᠮᠡᠨ ᠲᠣᠨ ᠬᠦᠳᠡᠷ ᠰᠣᠩᠭᠤᠬᠤ ᠦᠢᠯᠡᠳᠪᠦᠷᠢ ᠵᠢᠴᠢ ᠢᠵᠢ | ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠳᠤᠮᠳᠠᠳᠤ ᠤᠯᠤᠰ ᠤᠨ ᠬᠤᠵᠢᠷᠯᠢᠭ ᠬᠤᠵᠢᠷ ᠤᠨ | ᠬᠤᠪᠢᠶᠠᠷᠢ ᠺᠣᠮᠫᠠᠨᠢ ᠶᠢᠨ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠬᠡᠯᠬᠢᠶ᠎ᠡ ᠶᠢ ᠨᠥᠬᠦᠪᠥᠷᠢᠯᠡᠬᠦ᠂ | ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠳᠡᠭᠡᠭᠰᠢᠯᠡᠭᠦᠯᠬᠦ᠂ ᠬᠡᠯᠬᠢᠶ᠎ᠡ ᠶᠢ ᠪᠠᠶᠢᠭᠤᠯᠬᠤ ᠶᠢ ᠠᠬᠢᠭᠤᠯᠤᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠬᠤ ᠰᠡᠯᠭᠦᠨ ᠮᠠᠯᠵᠢᠬᠤ ᠡᠯ᠎ᠡ ᠵᠦᠢᠯ ᠤᠨ ᠳᠦᠷᠢᠮ ᠢ | ᠨᠠᠶᠢᠳᠠᠪᠤᠷᠢᠵᠢᠭᠤᠯᠵᠤ᠂ ᠳᠥᠷᠪᠡᠨ ᠶᠡᠭᠡ ᠣᠷᠣᠨ ᠨᠤᠲᠤᠭ ᠤᠨ ᠮᠠᠯ ᠤᠨ ᠡᠭᠦᠯᠳᠡᠷ ᠢ ᠬᠠᠮᠠᠭᠠᠯᠠᠨ ᠴᠡᠪᠡᠷᠰᠢᠭᠦᠯᠬᠦ ᠶᠢ | ᠠᠬᠢᠭᠤᠯᠵᠤ᠂ ᠲᠠᠷᠢᠶᠠᠯᠠᠬᠤ ᠣᠷᠣᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠶᠡᠬᠡᠪᠡᠷ ᠬᠥᠭᠵᠢᠭᠦᠯᠵᠦ᠂ | ᠤᠯᠤᠰ ᠤᠨ ᠠᠯᠠᠱᠠ ᠶᠢᠨ ᠬᠤᠣᠰ ᠪᠥᠬᠦᠲᠦ ᠲᠡᠮᠡᠭᠡ᠂ ᠮᠣᠩᠭᠤᠯ ᠦᠬᠡᠷ᠂ ᠴᠠᠭᠠᠨ ᠨᠣᠯᠣᠣᠷᠳᠣ ᠢᠮᠠᠭᠠᠨ ᠤ | ᠡᠭᠦᠯᠳᠡᠷ ᠬᠠᠮᠠᠭᠠᠯᠠᠬᠤ ᠲᠠᠯᠠᠪᠠᠢ ᠶᠢᠨ ᠰᠠᠭᠤᠷᠢ ᠪᠡᠯᠡᠳᠬᠡᠮᠵᠢ᠂ ᠬᠤᠩ ᠶᠧ ᠪᠠᠢ ᠴᠦᠨ ᠨᠣᠣᠯᠣᠭᠤᠷ ᠤᠨ ᠢᠮᠠᠭ᠎ᠠ | ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠷᠬᠡᠬᠠᠰᠢᠬ᠎ᠠ ᠶᠢᠨ ᠦᠬᠡᠷ | ᠲᠡᠵᠢᠭᠡᠨ ᠦᠷᠡᠵᠢᠭᠦᠯᠬᠦ ᠲᠠᠯᠠᠪᠠᠢ ᠶᠢ ᠥᠷᠭᠡᠳᠬᠡᠨ ᠪᠠᠶᠢᠭᠤᠯᠵᠤ᠂ ᠲᠡᠮᠡᠭᠡ ᠲᠡᠵᠢᠭᠡᠬᠦ ᠰᠠᠭᠤᠷᠢᠨ ᠭᠠᠵᠠᠷ ᠢ | ᠰᠦᠪᠡᠭᠴᠢᠯᠡᠨ ᠪᠠᠶᠢᠭᠤᠯᠵᠤ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ | ᠂ ᠠᠯᠲᠠᠨ ᠭᠤᠪᠢ ᠶᠢᠨ ᠢᠩᠭᠡᠨ ᠰᠦ ᠡᠳ᠋ᠰᠢᠭᠦᠯᠬᠦ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠮᠠᠯ ᠠᠵᠤ | ᠠᠬᠤᠢ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠬᠥᠭᠵᠢᠯᠲᠡ ᠶᠢ ᠠᠬᠢᠭᠤᠯᠤᠨ᠎ᠠ᠃ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠰᠦᠪᠡᠭᠴᠢᠯᠡᠨ᠎ᠡ᠃ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠨᠠᠷᠠᠲᠤ ᠲᠡᠮᠳᠡᠭᠵᠢᠭᠦᠯᠬᠦ ᠬᠥᠭᠵᠢᠯᠲᠡ ᠶᠢ | ᠪᠠᠷᠢᠮᠲᠠᠯᠠᠵᠤ᠂ ᠠᠯᠠᠰᠢᠨ ᠦᠬᠡᠷ᠂ ᠠᠯᠠᠰᠢᠨ ᠬᠤᠨᠢ᠂ ᠲᠡᠮᠡᠭᠡᠨ ᠤ ᠮᠢᠬᠠᠨ ᠤ ᠠᠵᠤ ᠦᠢᠯᠡᠰ ᠤᠨ ᠪᠦᠰᠡ ᠳᠤ | ᠠᠩᠬᠠᠷᠤᠯ ᠢᠶᠠᠨ ᠲᠥᠪᠯᠡᠷᠡᠭᠦᠯᠦᠨ᠂ ᠠᠮᠢ ᠠᠬᠤᠶ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠠᠳᠠᠯ ᠦᠢᠯᠡᠰ ᠴᠣᠭᠴᠠᠯᠠᠬᠤ ᠬᠦᠷᠢᠶᠡᠯᠡᠩ ᠳᠤ ᠲᠦᠰᠢᠭᠯᠡᠨ᠂ ︽ᠳᠠᠷᠢᠬᠤ᠂ ᠲᠡᠵᠢᠭᠡᠨ ᠦᠷᠡᠵᠢᠭᠦᠯᠬᠦ᠂ ᠠᠮᠢᠳᠤ | ᠪᠣᠳᠠᠰ ᠤᠨ ᠣᠷᠭᠠᠨᠢᠭ ᠪᠣᠷᠲᠣᠭᠤᠷ ᠢ ᠡᠳ᠋ᠰᠢᠭᠦᠯᠦᠨ ᠪᠣᠯᠪᠠᠰᠤᠷᠠᠭᠤᠯᠬᠤ᠂ ᠮᠠᠯ ᠤᠨ ᠠᠰᠢᠭ ᠰᠢᠮ᠎ᠡ ᠶᠢ ᠨᠢᠲᠤᠯᠵᠤ | ᠨᠠᠷᠢᠯᠢᠭ ᠬᠡᠰᠡᠭᠯᠡᠬᠦ ᠪᠠᠷᠠᠭᠠᠨ ᠤ ᠭᠦᠢᠯᠭᠡᠭᠡ︾ ᠶᠢᠨ ᠣᠷᠴᠢᠯ ᠬᠥᠭᠵᠢᠯᠲᠡ ᠶᠢᠨ ᠵᠠᠭᠪᠤᠷ ᠢ ᠲᠡᠭᠦᠯᠳᠡᠷᠵᠢᠭᠦᠯᠵᠦ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠤᠬᠠᠶ ᠶᠢᠨ ᠭᠠᠵᠠᠷ ᠲᠤᠨᠢ ᠨᠠᠷᠢᠯᠢᠭ ᠭᠦᠨᠵᠡᠭᠡᠶ | ᠡᠳ᠋ᠰᠢᠭᠦᠯᠬᠦ ᠶᠢ ᠪᠥᠬᠦ ᠬᠡᠯᠬᠢᠶ᠎ᠡ ᠪᠠᠷ ᠠᠬᠢᠭᠤᠯᠤᠨ᠎ᠠ᠃ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢ | ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠪᠠᠶᠢᠭᠤᠯᠵᠤ ᠳᠡᠶᠢᠯᠬᠦ᠂ ᠨᠡᠷ᠎ᠡ ᠠᠯᠳᠠᠷᠲᠠᠢ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠠᠷᠢᠭᠤᠨ ᠳᠡᠭᠡᠵᠢ | ᠮᠢᠬᠠᠨ ᠤ ᠪᠦᠲᠦᠭᠡᠭᠳᠡᠬᠦᠨ ᠢ ᠡᠳ᠋ᠰᠢᠭᠦᠯᠬᠦ᠂ ᠰᠢᠨ ᠯᠦᠩ ᠨᠢᠲᠤᠯᠬᠤ᠂ ᠬᠤᠤ ᠽᠧ ᠮᠢᠬᠠᠨ ᠤ ᠦᠬᠡᠷ ᠤᠨ ᠡᠭᠦᠯᠳᠡᠷ ᠢ | ᠬᠠᠮᠠᠭᠠᠯᠠᠬᠤ᠂ ᠡᠭᠦᠯᠳᠡᠷ ᠢ ᠰᠢᠯᠢᠳᠡᠭᠵᠢᠭᠦᠯᠬᠦ ᠵᠢᠴᠢ ᠨᠠᠷᠢᠯᠢᠬᠵᠢᠭᠤᠯᠤᠨ ᠰᠠᠯᠭᠠᠬᠤ᠂ ᠢᠳᠡᠭᠡᠨ ᠤᠮᠳᠠᠭᠠᠨ ᠢ | ᠰᠣᠷᠭᠤᠭ ᠢᠶᠠᠷ ᠨᠢ ᠬᠠᠳᠠᠭᠠᠯᠠᠬᠤ ᠲᠡᠭᠡᠭᠡᠪᠦᠷᠢ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠳ᠋ᠦᠩ ᠶᠧ ᠣᠷᠭᠠᠨᠢᠭ | ᠪᠣᠷᠲᠣᠭᠤᠷ ᠡᠳ᠋ᠰᠢᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠮᠠᠯ ᠠᠵᠤ ᠠᠬᠤᠶ ᠶᠢᠨ | ᠲᠠᠯᠠᠪᠠᠶ ᠶᠢᠨ ᠠᠯᠠᠵᠤ ᠨᠢᠲᠤᠯᠬᠤ ᠰᠣᠷᠭᠤᠭ ᠢᠶᠠᠷ ᠨᠢ ᠬᠠᠳᠠᠭᠠᠯᠠᠬᠤ ᠡᠳ᠋ᠰᠢᠭᠦᠯᠬᠦ ᠲᠥᠷᠥᠯ ᠵᠦᠢᠯ ᠤᠨ | ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠤᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠡᠷᠴᠢᠮᠲᠡᠢ ᠪᠥᠭᠡᠳ ᠨᠠᠷᠢᠯᠢᠭ ᠬᠢᠬᠦ ᠶᠢ ᠠᠬᠢᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ︽ | ᠶᠠᠳᠠᠭᠤᠷᠠᠯ ᠠᠴᠠ ᠰᠡᠷᠭᠡᠶᠢᠯᠡᠬᠦ ᠳᠠᠭᠠᠳᠬᠠᠯ︾᠂ ︽ᠠᠷᠠᠳ ᠢ ᠪᠠᠶᠠᠵᠢᠭᠤᠯᠬᠤ ᠵᠢᠭᠡᠯᠡᠯᠭᠡ︾ ᠵᠡᠷᠭᠡ ᠲᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠡᠷᠴᠢᠮᠲᠡᠢ ᠠᠬᠢᠭᠤᠯᠵᠤ᠂ ᠲᠣᠰᠬᠤᠨ ᠳᠤ ᠰᠠᠭᠤᠵᠤ ᠬᠠᠪᠰᠤᠷᠤᠨ | ᠲᠡᠳᠬᠦᠬᠦ᠂ ᠬᠤᠯᠪᠤᠭᠠᠯᠠᠨ ᠳᠠᠭᠠᠭᠠᠴᠢᠯᠠᠬᠤ ᠶᠢ ᠦᠷᠭᠦᠯᠵᠢᠯᠡᠨ ᠥᠷᠨᠢᠭᠦᠯᠵᠦ᠂ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠡᠷᠴᠢᠮ ᠢ ᠴᠢᠩᠭᠠᠳᠬᠠᠵᠤ᠂ ᠬᠡᠪᠴᠢᠶᠡᠵᠢᠭᠰᠡᠨ ᠴᠢᠨᠠᠷᠲᠠᠢ | ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠶᠢᠯ ᠲᠣᠰᠬᠤᠨ ᠢ ᠴᠡᠪᠡᠷᠯᠡᠬᠦ | ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠠᠮᠢᠳᠤᠷᠠᠯ ᠤᠨ ᠪᠣᠬᠢᠷ ᠤᠰᠤᠨ ᠤ ᠬᠤᠭᠤᠯᠠᠶ ᠶᠢᠨ | ᠲᠣᠤᠷ᠂ ᠬᠤᠭ ᠨᠣᠪᠰᠢ ᠴᠤᠭᠯᠠᠭᠤᠯᠬᠤ ᠴᠡᠭ ᠵᠢᠴᠢ ᠳᠠᠮᠵᠢᠭᠤᠯᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ | ᠤᠷᠤᠭᠰᠢ ᠠᠬᠢᠭᠤᠯᠵᠤ᠂ ᠵᠢᠷᠠᠲᠠᠶ ᠪᠠᠯᠭᠠᠰᠤ᠂ ᠣᠯᠠᠨᠪᠤᠯᠠᠭ ᠪᠠᠯᠭᠠᠰᠤᠨ ᠤ ᠠᠮᠢᠳᠤᠷᠠᠯ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠢ ᠵᠢᠷᠤᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ | ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠯ ᠤᠨ | ᠣᠷᠴᠢᠨ ᠢ ᠰᠠᠶᠢᠵᠢᠷᠠᠭᠤᠯᠤᠨ᠎ᠠ᠃ | ᠲᠠᠪᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠᠷ ᠠᠵᠤ ᠦᠢᠯᠡᠰ ᠤᠨ ᠲᠥᠪᠯᠡᠷᠡᠩᠭᠦᠶ | ᠲᠥᠪᠯᠡᠷᠡᠩᠭᠦᠶ ᠡᠷᠴᠢᠮᠯᠢᠭ᠌ ᠬᠥᠭᠵᠢᠯᠲᠡ ᠶᠢ ᠠᠬᠢᠭᠤᠯᠤᠨ᠎ᠠ | ︵ᠨᠢᠭᠡ︶ ᠣᠯᠠᠨᠪᠣᠯᠠᠭ ᠤᠨ ᠠᠵᠤ ᠦᠢᠯᠡᠰ ᠤᠨ ᠬᠦᠷᠢᠶᠡᠯᠡᠩ ᠤᠨ ᠦᠷ᠎ᠡ ᠠᠰᠢᠭ ᠢᠶᠠᠨ ᠪᠠᠳᠠᠷᠠᠭᠤᠯᠬᠤ ᠶᠢ | ᠲᠦᠷᠭᠡᠳᠬᠡᠨ ᠠᠬᠢᠭᠤᠯᠤᠨ᠎ᠠ | ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠠᠵᠤ | ᠦᠢᠯᠡᠳᠪᠦᠷᠢ ᠶᠢᠨ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠲᠥᠷᠥᠯ ᠵᠦᠢᠯ ᠢ ᠠᠬᠢᠭᠤᠯᠵᠤ᠂ ᠤᠰᠤ᠂ | ᠴᠠᠬᠢᠯᠭᠠᠨ᠂ ᠵᠠᠮ᠂ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ | ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠳᠡᠭᠡᠭᠰᠢᠯᠡᠭᠦᠯᠦᠨ᠎ᠡ᠃ ᠠᠯᠺᠧᠨ | ᠰᠢᠨᠵᠢᠯᠡᠬᠦ ᠤᠬᠠᠭᠠᠨ ᠤ ᠰᠢᠨ᠎ᠡ ᠮᠠᠲ᠋ᠧᠷᠢᠶᠠᠯ ᠤᠨ ᠪᠠᠯ ᠴᠢᠯᠠᠭᠤ ᠶᠢ ᠨᠠᠷᠢᠯᠢᠭ ᠡᠳ᠋ᠰᠢᠭᠦᠯᠬᠦ᠂ ᠬᠠᠶᠢᠰᠢᠩ ᠤᠨ ᠲᠦᠭᠦᠬᠡᠶ | ᠴᠢᠯᠠᠭᠤᠨ ᠲᠣᠰᠣ ᠶᠢ ᠬᠥᠮᠥᠷᠭᠡᠯᠡᠨ ᠬᠠᠳᠠᠭᠠᠯᠠᠬᠤ ᠵᠢᠴᠢ ᠬᠦᠬᠦᠷ ᠥᠬᠡᠶᠢᠳᠡᠭᠦᠯᠬᠦ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ︽ᠪᠣᠬᠢᠷᠲᠤᠯ ᠦᠭᠡᠢ ᠴᠠᠬᠢᠯᠭᠠᠨ ᠢᠶᠠᠷ ᠡᠨᠧᠷᠭᠢ ᠶᠡᠭᠡ | ᠠᠴᠢᠶᠠᠯᠠᠬᠤ︾ ᠠᠵᠤ ᠦᠢᠯᠡᠰ ᠤᠨ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠡᠷᠢᠭᠦᠨ ᠤ | ᠥᠨᠳᠥᠷ ᠳᠠᠭᠠᠭᠠᠴᠠ ᠲᠠᠢ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠤᠢ ᠪᠣᠯᠭᠠᠨ᠎ᠠ᠃ | ︵ᠬᠤᠶᠠᠷ︶ ᠥᠯᠵᠡᠶ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠲᠡᠭᠦᠯᠳᠡᠷᠵᠢᠭᠦᠯᠦᠨ᠎ᠡ | ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢ ᠪᠠᠶᠢᠴᠠᠭᠠᠨ ᠰᠢᠯᠭᠠᠬᠤ ᠪᠡᠯᠡᠳᠬᠡᠮᠵᠢ ᠵᠢᠴᠢ ᠢᠵᠢ | ᠪᠥᠷᠢᠳᠦᠭᠦᠯᠬᠦ᠂ ᠬᠢᠨᠠᠯᠲᠠ ᠬᠠᠮᠢᠶᠠᠷᠤᠯᠲᠠ ᠶᠢᠨ ᠣᠷᠣᠨ ᠵᠢᠴᠢ ᠪᠠᠷᠠᠭᠠᠨ ᠤ ᠭᠦᠢᠯᠭᠡᠭᠡᠨ ᠤ ᠢᠵᠢ ᠪᠥᠷᠢᠳᠦᠭᠦᠯᠬᠦ | ᠦᠢᠯᠡᠴᠢᠯᠡᠭᠡᠨ ᠤ ᠲᠣᠭᠤᠷᠢᠭ᠂ ᠶᠡᠷᠦᠩᠬᠡᠶᠢᠯᠡᠭᠰᠡᠨ ᠬᠤᠳᠠᠯᠳᠤᠭᠠᠨ ᠤ ᠦᠢᠯᠡᠴᠢᠯᠡᠭᠡᠨ ᠤ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠮᠣᠩᠭᠤᠯ ᠲᠠᠢ ᠵᠣᠬᠢᠴᠠᠭᠤᠯᠤᠨ ᠨᠡᠪᠲᠡᠷᠡᠯᠴᠡᠬᠦ ᠡᠷᠴᠢᠮ ᠢᠶᠠᠨ | ᠴᠢᠩᠭᠠᠷᠠᠭᠤᠯᠤᠨ᠂ ᠴᠠᠭᠠᠨ ᠲᠡᠯ ᠠᠭᠤᠯᠠ ᠪᠣᠭᠤᠮᠲᠠ ᠪᠠᠷ ᠮᠣᠩᠭᠤᠯ ᠤᠯᠤᠰ ᠤᠨ ᠪᠠᠷᠠᠭᠤᠨ ᠨᠠᠷᠠᠨ ᠬᠦᠷᠬᠦ - 270 | ᠺᠢᠯᠣᠮᠧᠲᠷ ᠤᠨ ᠬᠦᠨᠳᠦ ᠠᠴᠢᠶᠠᠨ ᠤ ᠵᠠᠰᠠᠮᠠᠯ ᠵᠠᠮ ᠤᠨ ᠠᠵᠢᠯ ᠡᠬᠢᠯᠡᠭᠦᠯᠬᠦ ᠪᠥᠲᠥᠭᠡᠨ ᠪᠠᠶᠢᠭᠤᠯᠤᠯᠲᠠ ᠶᠢᠨ | ᠠᠬᠢᠴᠠ ᠶᠢ ᠦᠷᠭᠦᠯᠵᠢᠯᠡᠨ ᠠᠬᠢᠭᠤᠯᠵᠤ᠂ ᠬᠢᠯᠢ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ᠂ | ᠪᠣᠭᠤᠮᠲᠠ ᠶᠢᠨ ᠣᠯᠠᠨ ᠤᠯᠤᠰ ᠤᠨ ᠵᠠᠮ ᠲᠡᠭᠡᠭᠡᠪᠦᠷᠢ ᠶᠢᠨ ᠨᠡᠪᠲᠡᠷᠡᠬᠦ ᠵᠠᠮ ᠤᠨ ᠤᠶᠤᠨᠲᠤ ᠪᠣᠭᠤᠮᠲᠠ ᠶᠢᠨ ᠮᠡᠳᠡᠭᠡ | ᠵᠠᠩᠭᠢᠵᠢᠯᠲᠠ ᠶᠢᠨ ᠰᠢᠰᠲ᠋ᠧᠮ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠵᠣᠬᠢᠴᠠᠭᠤᠯᠤᠨ | ᠰᠠᠶᠢᠲᠤᠷ ᠬᠢᠵᠦ᠂ ᠮᠣᠩᠭᠤᠯ ᠤᠯᠤᠰ ᠲᠤ ᠲᠤᠰᠠᠯᠠᠨ ᠪᠠᠶᠢᠭᠤᠯᠬᠤ ᠲᠥᠷᠥᠯ ᠵᠦᠢᠯ ᠢ ᠵᠣᠬᠢᠴᠠᠭᠤᠯᠤᠨ ᠰᠠᠶᠢᠲᠤᠷ | ᠬᠢᠵᠦ᠂ ᠪᠣᠭᠤᠮᠲᠠ ᠶᠢᠨ ᠵᠢᠩᠬᠢᠨᠢ ᠪᠠᠷ ᠨᠡᠭᠡᠭᠡᠯᠲᠡ ᠬᠢᠵᠦ ᠪᠣᠭᠤᠮᠲᠠ ᠪᠠᠷ ᠥᠩᠭᠡᠷᠡᠬᠦ ᠶᠢ ᠡᠷᠲᠡᠬᠡᠨ ᠪᠡᠶᠡᠯᠡᠭᠦᠯᠬᠦ ᠶᠢ | ᠠᠬᠢᠭᠤᠯᠤᠨ᠎ᠠ᠃ | ︵ᠭᠤᠷᠪᠠ︶ ᠠᠯᠠᠱᠠ ᠶᠢᠨ ᠠᠮᠢ ᠠᠬᠤᠶ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠦᠢᠯᠡᠰ | ᠴᠣᠭᠴᠠᠯᠠᠬᠤ ᠬᠦᠷᠢᠶᠡᠯᠡᠩ ᠪᠠ ᠪᠠᠶᠠᠨᠬᠤᠲᠠ ᠶᠢᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ | ᠰᠠᠭᠤᠷᠢᠨ ᠭᠠᠵᠠᠷ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ | ᠬᠦᠷᠢᠶᠡᠯᠡᠩ ᠳᠤ ᠣᠷᠣᠬᠤ ᠠᠵᠤ ᠠᠬᠤᠶᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠮᠥᠷᠳᠡᠨ ᠦᠢᠯᠡᠴᠢᠯᠡᠬᠦ ᠶᠢ ᠰᠠᠶᠢᠲᠤᠷ ᠬᠢᠵᠦ᠂ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠬᠥᠭᠵᠢᠯᠲᠡ ᠶᠢᠨ | ᠬᠡᠯᠬᠢᠶ᠎ᠡ ᠶᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠪᠠ ᠣᠢ ᠰᠢᠭᠤᠢ ᠡᠯᠡᠰᠦᠨ ᠤ | ᠠᠵᠤ ᠦᠢᠯᠡᠰ ᠤᠨ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ | ᠵᠦᠢᠯ ᠤᠨ ᠨᠥᠭᠡᠴᠡ ᠶᠢ ᠨᠡᠮᠡᠭᠳᠡᠭᠦᠯᠦᠨ᠂ ᠰᠦ ᠮᠢᠬ᠎ᠠ ᠨᠣᠣᠯᠣᠭᠤᠷ ᠡᠯᠡᠰᠦᠨ ᠤ ᠠᠵᠤ ᠦᠢᠯᠡᠰ ᠤᠨ ᠣᠨᠴᠠᠯᠢᠭᠲᠤ | ᠠᠵᠤ ᠦᠢᠯᠡᠰ ᠢ ᠦᠷᠭᠦᠯᠵᠢᠯᠡᠨ ᠬᠥᠭᠵᠢᠭᠦᠯᠵᠦ᠂ ᠶᠢᠨ ᠹᠧᠩ ᠬᠤᠸᠠ ᠰᠢ ᠪᠣᠬᠢᠷᠳᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠲᠥᠷᠥᠯ ᠵᠦᠢᠯ ᠢ ᠬᠡᠷᠡᠭᠵᠢᠭᠦᠯᠦᠨ᠂ ᠴᠦᠯ ᠤᠨ ᠴᠠᠭᠠᠨ | ᠭᠤᠶᠣᠣ᠂ ᠢᠳᠡᠭᠡᠨ ᠤ ᠴᠠᠭᠠᠨ ᠭᠤᠶᠣᠣ ᠵᠡᠷᠭᠡ ᠨᠡᠷᠡᠲᠦ ᠠᠵᠤ ᠠᠬᠤᠶᠢᠯᠠᠯ ᠯᠤᠭ᠎ᠠ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠲᠣᠭᠲᠠᠵᠤ᠂ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠳᠠᠪᠠᠭᠤᠯᠢᠭ ᠡᠬᠢ ᠪᠠᠶᠠᠯᠢᠭ ᠤᠨ | ᠣᠨᠴᠠᠯᠢᠭ ᠢ ᠠᠰᠢᠭᠯᠠᠨ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠬᠠᠮᠢᠶ᠎ᠠ | ᠪᠦᠬᠦᠢ ᠢᠳᠡᠭᠡᠨ᠂ ᠵᠠᠰᠠᠯ ᠴᠢᠮᠡᠭ ᠤᠨ ᠡᠳ᠋᠂ ᠡᠷᠡᠭᠦᠯᠵᠢᠯ ᠤᠨ ᠡᠳ᠋ ᠵᠡᠷᠭᠡ ᠰᠢᠷᠢᠰ ᠪᠦᠲᠦᠭᠡᠭᠳᠡᠬᠦᠨ ᠤ ᠬᠡᠷᠡᠭᠯᠡᠯᠲᠡ | ᠵᠢᠴᠢ ᠰᠢᠨ᠎ᠡ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ ᠰᠤᠳᠤᠯᠬᠤ ᠶᠢ ᠴᠢᠩᠭᠠᠳᠬᠠᠨ᠂ ᠪᠦᠲᠦᠭᠡᠭᠳᠡᠬᠦᠨ ᠤ | ᠰᠢᠨ᠎ᠡ ᠶᠢ ᠡᠭᠦᠳᠬᠦ᠂ ᠠᠵᠤ ᠦᠢᠯᠡᠰ ᠤᠨ ᠳᠡᠰ ᠳᠡᠪᠰᠢᠬᠦ᠂ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠠᠬᠢᠭᠤᠯᠤᠨ᠎ᠠ | ᠃ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠵᠡᠷᠭᠡ ᠠᠵᠤ ᠦᠢᠯᠡᠰ ᠢ ᠢᠳᠡᠪᠬᠢᠲᠡᠶ ᠠᠬᠢᠭᠤᠯᠵᠤ᠂ ᠵᠥᠭᠡᠭᠡᠪᠦᠷᠢᠯᠡᠬᠦ᠂ ᠬᠥᠮᠦᠨ ᠪᠠ | ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠵᠢᠴᠢ ᠠᠵᠢᠯᠯᠠᠭᠤᠯᠵᠤ ᠬᠠᠮᠠᠭᠠᠯᠠᠬᠤ | ᠦᠢᠯᠡᠴᠢᠯᠡᠭᠡᠨ ᠤ ᠲᠥᠷᠥᠯ ᠵᠦᠢᠯ ᠤᠨ ᠠᠬᠢᠴᠠ ᠶᠢ ᠲᠦᠷᠭᠡᠳᠬᠡᠨ᠂ ᠪᠠᠶᠠᠨᠬᠤᠲᠠ ᠶᠢᠨ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠢᠳᠡᠪᠬᠢᠲᠡᠶ ᠪᠠᠶᠢᠭᠤᠯᠵᠤ᠂ ᠨᠠᠩ ᠣᠯᠠᠨ ᠲᠤᠯᠭᠠᠭᠤᠷᠢ ᠠᠵᠤ | ᠦᠢᠯᠡᠰ ᠢ ᠪᠤᠶᠢᠵᠢᠭᠤᠯᠤᠨ᠂ ᠠᠵᠤ ᠦᠢᠯᠡᠰ ᠤᠨ ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠵᠢᠷᠭᠤᠭ᠎ᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠠᠯᠲᠠ ᠪᠠᠷ ᠣᠳᠣᠬᠢᠴᠢᠯᠠᠭᠰᠠᠨ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠤᠨ᠎ᠠ | ︵ᠨᠢᠭᠡ︶ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ | ᠠᠬᠢᠭᠤᠯᠤᠨ᠎ᠠ | ︽︽ᠤᠯᠤᠰ ᠤᠨ ᠴᠡᠴᠡᠷᠯᠢᠭᠲᠦ ᠰᠢᠶᠠᠨ ᠤ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠵᠦ᠂ ᠬᠤᠲᠠ ᠶᠢᠨ ᠪᠠᠶᠢᠷᠢᠰᠢᠭᠤᠯᠤᠯᠲᠠ ᠪᠠ ᠬᠡᠯᠪᠡᠷᠢ ᠪᠠᠶᠢᠳᠠᠯ ᠢ ᠰᠢᠯᠢᠳᠡᠭᠵᠢᠭᠦᠯᠦᠨ᠂ ᠬᠠᠭᠤᠴᠢᠨ ᠵᠢᠵᠢᠭ | ᠲᠣᠭᠤᠷᠢᠭ᠂ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠢ ᠥᠭᠡᠷᠡᠴᠢᠯᠡᠨ ᠵᠠᠰᠠᠬᠤ ᠵᠢᠴᠢ ᠵᠥᠩ ᠫᠢᠩ | ᠨᠢᠭᠡᠳᠦᠭᠡᠷ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ᠂ ᠯᠠᠶ ᠺᠠᠶ ᠶᠢᠦ ᠱᠠᠨ ᠦᠵᠡᠰᠬᠦᠯᠡᠩᠲᠦ ᠭᠠᠵᠠᠷ᠂ ᠲᠢᠶᠠᠨ ᠢ | ᠶᠦᠨ ᠰᠢ ᠵᠡᠷᠭᠡ ᠣᠷᠣᠨ ᠰᠠᠭᠤᠴᠠ ᠶᠢᠨ ᠬᠤᠷᠢᠶᠠᠯᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠦᠷᠭᠦᠯᠵᠢᠯᠡᠨ ᠬᠡᠷᠡᠭᠵᠢᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ | ᠰᠠᠶᠢᠲᠤᠷ ᠬᠠᠩᠭᠠᠨ᠎ᠠ᠃ ᠪᠠᠶᠠᠨᠬᠤᠲᠠ ᠪᠠᠯᠭᠠᠰᠤ ᠶᠢᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ᠂ ᠪᠣᠬᠢᠷ | ᠤᠰᠤ ᠶᠢ ᠰᠢᠢᠳᠪᠦᠷᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠤᠶᠤᠨᠲᠤ | ᠤᠰᠤᠨ ᠤ ᠶᠠᠪᠤᠳᠠᠯ ᠵᠢᠴᠢ ᠵᠠᠮ ᠤᠨ ᠬᠠᠭᠤᠴᠢᠷᠬᠠᠰᠠᠨ ᠤᠰᠤ ᠬᠠᠩᠭᠠᠬᠤ ᠬᠤᠭᠤᠯᠠᠶ ᠶᠢᠨ ᠲᠣᠤᠷ ᠢ ᠲᠠᠰ | ᠳᠡᠪᠰᠢᠭᠦᠯᠦᠨ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ ᠶᠢ ᠳᠡᠭᠡᠭᠰᠢᠯᠡᠭᠦᠯᠦᠨ | ᠥᠭᠡᠷᠡᠴᠢᠯᠡᠬᠦ᠂ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠵᠢᠴᠢ ᠣᠶᠤᠨᠴᠢ ᠳᠠᠭᠠᠭᠠᠴᠠ ᠶᠢᠨ | ᠰᠢᠰᠲ᠋ᠧᠮ ᠢ ᠥᠭᠡᠷᠡᠴᠢᠯᠡᠬᠦ᠂ ᠪᠠᠷᠠᠭᠤᠨ ᠴᠡᠴᠡᠷᠯᠢᠭ ᠤᠨ ᠡᠮᠦᠨ᠎ᠡ ᠵᠡᠭᠡᠯᠢ ᠶᠢᠨ ᠵᠡᠭᠦᠨ ᠬᠡᠰᠡᠭ ᠤᠨ ᠵᠠᠮ ᠤᠨ ᠪᠥᠲᠥᠭᠡᠨ | ᠪᠠᠶᠢᠭᠤᠯᠤᠯᠲᠠ ᠵᠡᠷᠭᠡ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠤᠲᠠ ᠶᠢᠨ ᠲᠣᠭᠤᠷᠢᠭ ᠤᠨ | ᠴᠡᠴᠡᠷᠯᠢᠭᠵᠢᠭᠦᠯᠦᠯᠲᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠳᠠᠬᠢᠯᠲᠠ ᠤᠰᠤᠨ ᠤ ᠬᠤᠭᠤᠯᠠᠶ ᠶᠢᠨ ᠲᠣᠤᠷ ᠢ | ᠥᠭᠡᠷᠡᠴᠢᠯᠡᠬᠦ᠂ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠬᠤᠲᠠ ᠶᠢᠨ | ᠳᠦᠷᠰᠦ ᠪᠠᠶᠢᠳᠠᠯ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠲᠥᠪᠯᠡᠷᠡᠭᠦᠯᠦᠨ ᠴᠡᠭᠴᠡᠯᠡᠨ ᠵᠠᠰᠠᠵᠤ᠂ | ᠬᠠᠮᠲᠤ ᠪᠠᠷ ᠬᠡᠷᠡᠭᠯᠡᠬᠦ ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠰᠠᠶᠢᠲᠤᠷ ᠠᠳᠬᠤᠵᠤ᠂ | ᠬᠤᠲᠠ ᠶᠢᠨ ᠲᠣᠭᠤᠷᠢᠭ ᠤᠨ ᠨᠣᠭᠤᠭᠠᠨ ᠬᠥᠷᠥᠰᠥ ᠶᠢ ᠨᠠᠷᠢᠯᠢᠭᠵᠢᠭᠤᠯᠤᠨ ᠠᠷᠠᠴᠢᠯᠠᠨ ᠬᠠᠮᠠᠭᠠᠯᠠᠬᠤ ᠶᠢ ᠰᠠᠶᠢᠲᠤᠷ | ᠠᠳᠬᠤᠵᠤ᠂ ᠨᠢᠭᠡ ᠪᠦᠯᠦᠭ ᠬᠤᠲᠠ ᠶᠢᠨ ︽ᠠᠷᠬᠠᠭ ᠬᠡᠮ︾ ᠢ ᠰᠢᠪᠲᠤᠯᠵᠤ᠂ ᠨᠢᠭᠡ ᠪᠦᠯᠦᠭ ᠬᠤᠲᠠ ᠶᠢᠨ | ᠰᠠᠭᠤᠷᠢᠰᠢᠯ ᠤᠨ ᠣᠷᠴᠢᠨ ᠢ ᠳᠡᠭᠡᠭᠰᠢᠯᠡᠭᠦᠯᠦᠨ᠎ᠡ᠃ | ︵ᠬᠤᠶᠠᠷ︶ ᠪᠦᠷᠢᠨ ᠴᠣᠭᠴᠠᠵᠢᠭᠰᠠᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠦᠷᠭᠦᠯᠵᠢᠯᠡᠨ | ᠲᠡᠭᠦᠯᠳᠡᠷᠵᠢᠭᠦᠯᠦᠨ᠎ᠡ | ᠪᠠᠶᠠᠨᠬᠤᠲᠠ ᠠᠴᠠ ᠢᠷᠭᠠᠶ ᠬᠥᠷᠬᠦ ᠲᠡᠮᠦᠷ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠯᠢᠨ ᠾᠧ ᠠᠴᠠ ᠬᠠᠮᠢ ᠬᠥᠷᠬᠦ ᠲᠡᠮᠦᠷ ᠵᠠᠮ ᠤᠨ ᠯᠢᠨ ᠾᠧ ᠠᠴᠠ ᠡᠵᠡᠨ᠎ᠠ ᠬᠥᠷᠬᠦ | ᠬᠡᠰᠡᠭ ᠪᠠ ᠦᠬᠠᠶ ᠠᠴᠠ ᠵᠢᠷᠠᠲᠠᠶ ᠬᠥᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ᠂ ᠠᠵᠢᠯ | ᠡᠭᠦᠷᠭᠡ ᠭᠦᠢᠴᠡᠳᠬᠡᠬᠦ ᠨᠢᠰᠬᠡᠯ ᠤᠨ ᠪᠠᠭᠤᠳᠠᠯ ᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠂ ᠥᠯᠵᠡᠶ ᠠᠴᠠ ᠰᠤᠬᠤᠨᠲᠤ ᠬᠥᠷᠬᠦ᠂ ᠵᠢᠷᠠᠲᠠᠢ ᠠᠴᠠ | ᠴᠠᠭᠠᠨᠳᠡᠷᠡᠰᠦ᠂ ᠪᠣᠩᠬᠤᠨ ᠠᠴᠠ ᠪᠠᠶᠠᠨᠬᠤᠲᠠ ᠬᠥᠷᠬᠦ ᠲᠡᠮᠦᠷ ᠵᠠᠮ ᠵᠡᠷᠭᠡ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ ᠤᠯᠤᠰ ᠤᠨ ᠵᠠᠮ ᠤᠨ | 629᠂ ᠤᠯᠤᠰ ᠤᠨ ᠵᠠᠮ ᠤᠨ 569 ᠱᠤᠭᠤᠮ ᠤᠨ ᠲᠥᠯᠥᠪᠵᠢᠭᠦᠯᠭᠡ ᠶᠢ ᠬᠠᠷᠢᠴᠠᠭᠤᠯᠤᠨ ᠰᠣᠩᠭᠤᠬᠤ ᠠᠵᠢᠯ ᠢ | ᠬᠠᠮᠵᠢᠯᠴᠠᠨ ᠰᠠᠶᠢᠲᠤᠷ ᠬᠢᠵᠦ᠂ ᠥᠯᠵᠡᠶ ᠪᠣᠭᠤᠮᠲᠠ ᠶᠢᠨ ᠬᠢᠯᠢ ᠠᠯᠤᠰᠯᠠᠭᠰᠠᠨ ᠵᠠᠰᠠᠮᠠᠯ ᠵᠠᠮ ᠤᠨ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠵᠦ᠂ G 1817 ᠳᠡᠭᠡᠳᠦ ᠬᠤᠷᠳᠤᠨ ᠤ ᠵᠠᠰᠠᠮᠠᠯ | ᠵᠠᠮ ᠤᠨ ᠵᠢᠯ ᠤᠨ ᠳᠣᠲᠣᠷ᠎ᠠ ᠤᠷᠤᠭᠰᠢᠲᠠᠶ ᠲᠡᠷᠭᠡ ᠨᠡᠪᠲᠡᠷᠡᠬᠦ ᠶᠢ ᠲᠦᠷᠭᠡᠳᠬᠡᠨ ᠠᠬᠢᠭᠤᠯᠤᠨ᠎ᠠ᠃ ᠮᠤᠵᠢ ᠶᠢᠨ | ᠲᠡᠰ ᠤᠨ ᠵᠠᠮ 315 ᠱᠤᠭᠤᠮ ᠤᠨ ᠲᠡᠮᠡᠭᠡᠲᠤ ︵ᠪᠠᠭᠠᠲᠤᠷᠴᠤᠳ ᠤᠨ ᠴᠤᠭᠯᠠᠭᠠᠨ︶ ᠠᠴᠠ ᠦ᠋ ᠸᠧᠢ ︵ᠥᠪᠥᠷ | ᠮᠣᠩᠭᠤᠯ ᠭᠠᠨᠰᠤ ᠶᠢᠨ ᠵᠠᠭᠠᠭ︶ ᠬᠦᠷᠬᠦ ᠵᠠᠰᠠᠮᠠᠯ ᠵᠠᠮ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ | ᠪᠠᠷᠠᠭᠤᠨ ᠢᠩᠭᠡᠨ ᠠᠴᠠ ᠢᠩᠭᠡᠨ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠤᠯᠤᠰ ᠤᠨ ᠵᠠᠮ ᠤᠨ 307 | ᠡᠮᠦᠨ᠎ᠡ ᠬᠤᠶᠠᠳᠤᠭᠠᠷ ᠲᠤᠭᠤᠷᠢᠭ ᠠᠴᠠ ᠤᠯᠠᠭᠠᠨ ᠴᠢᠯᠠᠭᠤᠲᠤ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠵᠢᠴᠢ | ᠢᠩᠭᠡᠨ ᠠᠴᠠ ᠲᠦᠩᠭᠡᠲᠦ ᠬᠦᠷᠬᠦ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | ︵ᠭᠤᠷᠪᠠ︶ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ | ᠤᠰᠤᠨ ᠤ ᠠᠮᠢ ᠠᠬᠤᠶ ᠶᠢᠨ ᠵᠠᠰᠠᠯᠲᠠ ᠪᠠ ᠬᠠᠮᠠᠭᠠᠯᠠᠯᠲᠠ ᠶᠢ ᠭᠦᠨᠵᠡᠭᠡᠶᠢᠷᠡᠭᠦᠯᠵᠦ᠂ ᠭᠤᠤᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠤᠯ ᠮᠥᠷᠡᠨ | ᠨᠠᠭᠤᠷ ᠴᠥᠭᠦᠷᠥᠮ ᠤᠨ ︽ᠵᠠᠮᠪᠠᠷᠠᠭ᠎ᠠ ᠦᠭᠡᠢ ᠳᠥᠷᠪᠡᠨ ᠪᠠᠶᠢᠳᠠᠯ ᠢ ᠴᠡᠭᠴᠡᠯᠡᠬᠦ︾ ᠶᠢ ᠪᠠᠶᠢᠩᠭᠤᠵᠢᠭᠤᠯᠤᠨ | ᠵᠢᠷᠤᠮᠵᠢᠭᠤᠯᠬᠤ ᠶᠢ ᠦᠷᠭᠦᠯᠵᠢᠯᠡᠨ ᠠᠬᠢᠭᠤᠯᠵᠤ᠂ ᠵᠡᠭᠦᠨ ᠪᠡᠯ ᠪᠠᠯᠭᠠᠰᠤᠨ ᠤ ᠬᠠᠷ᠎ᠠ ᠤᠰᠤᠨ ᠤ ᠭᠤᠤ ᠵᠡᠷᠭᠡ ᠭᠠᠵᠠᠷ | ᠣᠷᠣᠨ ᠤ ᠬᠥᠷᠥᠰᠥ ᠰᠢᠷᠣᠶ ᠶᠢ ᠬᠠᠮᠠᠭᠠᠯᠠᠵᠤ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ | ᠤᠰᠤᠨ ᠤ ᠡᠬᠢ ᠪᠠᠶᠠᠯᠢᠭ ᠤᠨ ︽ᠬᠤᠶᠠᠷ ᠢ ᠡᠵᠡᠮᠳᠡᠬᠦ︾ ᠬᠠᠷᠠᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ | ᠲᠥᠯᠥᠪᠯᠡᠭᠡ ᠲᠠᠢ ᠪᠠᠷ ᠤᠰᠤ ᠬᠡᠷᠡᠭᠯᠡᠬᠦ᠂ ᠬᠡᠮᠵᠢᠯᠲᠡ ᠪᠠᠷ ᠤᠰᠤ ᠬᠡᠷᠡᠭᠯᠡᠬᠦ ᠶᠢ ᠤᠯᠠᠮ ᠴᠢᠩᠭᠠᠳᠬᠠᠵᠤ᠂ ᠤᠰᠤ | ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠪᠠ ᠠᠵᠤ ᠦᠢᠯᠡᠳᠪᠦᠷᠢ ᠶᠢᠨ ᠤᠰᠤ ᠠᠷᠪᠢᠯᠠᠬᠤ ᠬᠠᠮᠢᠶᠠᠷᠤᠯᠲᠠ ᠶᠢ | ᠵᠢᠷᠤᠮᠵᠢᠭᠤᠯᠤᠨ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠪᠠ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ | ᠦᠷᠭᠦᠯᠵᠢᠯᠡᠨ ᠪᠠᠬᠢᠵᠢᠭᠦᠯᠦᠨ᠎ᠡ᠃ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢ ᠵᠣᠬᠢᠴᠠᠭᠤᠯᠵᠤ᠂ ᠠᠶᠢᠮᠠᠭ | ᠬᠤᠲᠠ ᠶᠢᠨ ᠬᠤᠭᠤᠷᠣᠨᠳᠣᠬᠢ ᠬᠤᠶᠠᠳᠤᠭᠠᠷ ᠬᠤᠭᠤᠴᠠᠭᠠᠨ ᠤ ᠬᠠᠲᠤᠨ ᠭᠤᠤᠯ ᠤᠨ ᠤᠰᠤᠨ ᠤ ᠡᠷᠬᠡ ᠶᠢᠨ | ᠠᠷᠠᠯᠵᠢᠶᠠᠨ ᠤ ᠭᠦᠢᠴᠡᠳᠬᠡᠬᠦ ᠲᠤᠭ᠎ᠠ ᠶᠢ ᠴᠢᠷᠮᠠᠶᠢᠨ ᠣᠯᠵᠤ᠂ ᠤᠰᠤᠨ ᠤ ᠡᠷᠬᠡ ᠶᠢ ᠰᠣᠯᠢᠬᠤ ᠶᠢ ᠠᠬᠢᠭᠤᠯᠤᠨ᠂ | ᠭᠠᠵᠠᠷ ᠣᠷᠣᠨ ᠠᠯᠤᠰᠯᠠᠭᠰᠠᠨ ᠤᠰᠤᠨ ᠤ ᠡᠷᠬᠡ ᠶᠢᠨ ᠠᠷᠠᠯᠵᠢᠶ᠎ᠠ ᠶᠢ ᠬᠠᠶᠢᠨ ᠰᠦᠪᠡᠭᠴᠢᠯᠡᠵᠦ᠂ ᠠᠵᠤ | ᠦᠢᠯᠡᠳᠪᠦᠷᠢ ᠶᠢᠨ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢ ᠨᠠᠶᠢᠳᠠᠪᠤᠷᠢᠵᠢᠭᠤᠯᠤᠨ᠎ᠠ᠃ ᠠᠯᠠᠱᠠ ᠵᠡᠭᠦᠨ | ᠬᠤᠰᠢᠭᠤᠨ ᠤ ᠳᠤᠮᠳᠠ ᠬᠤᠶᠢᠲᠤ ᠬᠡᠰᠡᠭ ᠤᠨ ᠤᠤᠭᠤᠬᠤ ᠤᠰᠤᠨ ᠤ ᠠᠮᠤᠷ ᠲᠦᠪᠰᠢᠨ ᠪᠠ ᠬᠢᠯᠢ ᠶᠢᠨ ᠴᠡᠷᠢᠭ | ᠠᠩᠭᠢ ᠶᠢᠨ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ | ᠠᠭᠤᠯᠠᠨ ᠦᠶᠡᠷ᠂ ᠭᠠᠩ ᠬᠠᠭᠰᠠᠷᠠᠭᠠᠨ ᠤ ᠭᠠᠮᠰᠢᠭ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠵᠤ᠂ ᠤᠰᠤᠨ ᠴᠥᠭᠦᠷᠥᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠩ | ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠲᠦᠷᠭᠡᠨ ᠠᠷᠭᠠᠴᠠᠬᠤ ᠤᠰᠤᠨ ᠰᠤᠷᠪᠤᠯᠵᠢ ᠶᠢᠨ ᠬᠤᠳᠳᠤᠭ ᠢ | ᠰᠢᠨ᠎ᠡ ᠪᠠᠷ ᠪᠠᠶᠢᠭᠤᠯᠵᠤ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ | | ᠲᠤᠯᠤᠭ᠎ᠠ᠂ ᠠᠷᠠᠳ ᠲᠦᠮᠡᠨ ᠢᠶᠠᠷ ᠭᠤᠣᠯ ᠪᠣᠯᠭᠠᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ | ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ | ᠠᠬᠢᠭᠤᠯᠤᠨ᠎ᠠ | ︵ᠨᠢᠭᠡ︶ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠷᠢᠯᠢᠭ ᠪᠣᠳᠠᠲᠠᠢ | ᠨᠠᠶᠢᠳᠠᠪᠤᠷᠢᠵᠢᠭᠤᠯᠤᠨ᠎ᠠ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠵᠤ | ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠳᠡᠪᠬᠢᠲᠡᠶ ᠨᠠᠶᠢᠳᠠᠪᠤᠷᠢᠵᠢᠭᠤᠯᠤᠨ᠎ᠠ᠃ ᠴᠠᠬᠢᠮ ᠰᠦᠯᠵᠢᠶ᠎ᠡ | + ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠡᠯ᠎ᠡ ᠲᠥᠷᠥᠯ ᠤᠨ ᠠᠵᠢᠯᠯᠠᠭ᠎ᠠ ᠶᠢ ᠥᠷᠨᠢᠭᠦᠯᠵᠦ᠂ ᠠᠵᠢᠯ | ᠣᠯᠭᠤᠯᠲᠠ ᠶᠢᠨ ᠮᠥᠷᠳᠡᠨ ᠳᠠᠭᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ | ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠶᠢ ᠰᠢᠯᠢᠳᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ | ᠴᠡᠷᠢᠭ ᠠᠴᠠ ᠬᠠᠯᠠᠭᠳᠠᠭᠰᠠᠳ᠂ ᠠᠵᠢᠯ ᠠᠯᠳᠠᠭᠰᠠᠳ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ | ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠤᠨ ᠰᠠᠭᠤᠷᠢ ᠲᠤᠭ᠎ᠠ ᠪᠠ ᠠᠵᠢᠯ | ᠤᠯᠬᠤ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ ᠣᠶᠢᠯᠠᠭᠠᠵᠤ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ | ᠦᠢᠯᠡᠳᠬᠦ ᠵᠡᠷᠭᠡ ᠠᠵᠤ ᠠᠬᠤᠶᠢᠯᠠᠯ ᠲᠠᠢ ᠢᠳᠡᠪᠬᠢᠲᠡᠶ ᠪᠠᠷ ᠤᠶᠠᠯᠳᠤᠭᠤᠯᠵᠤ᠂ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠠᠵᠢᠯ ᠤᠯᠬᠤ ᠬᠡᠪᠴᠢᠶ᠎ᠡ ᠶᠢ ᠤᠯᠠᠮ ᠥᠷᠭᠡᠳᠬᠡᠨ᠂ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠤᠨ᠎ᠠ᠃ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠠᠳᠠᠯ ᠦᠢᠯᠡᠰ ᠴᠣᠭᠴᠠᠯᠠᠬᠤ | ᠨᠡᠪᠴᠢᠭᠦᠯᠬᠦ ᠰᠠᠭᠤᠷᠢᠨ ᠭᠠᠵᠠᠷ ᠤᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠯ᠎ᠡ ᠲᠥᠷᠥᠯ ᠤᠨ ᠰᠤᠷᠭᠠᠯᠲᠠ ᠶᠢᠨ | ᠪᠠᠶᠢᠭᠤᠯᠤᠮᠵᠢ ᠳᠤ ᠲᠦᠰᠢᠭᠯᠡᠨ ᠠᠵᠢᠯ ᠣᠯᠭᠤᠬᠤ ᠵᠢᠯᠣᠭᠤᠳᠣᠯᠭ᠎ᠠ᠂ ᠠᠵᠢᠯ ᠣᠯᠵᠤ ᠠᠳᠠᠯ ᠦᠢᠯᠡᠰ ᠴᠣᠭᠴᠠᠯᠠᠬᠤ | ᠰᠤᠷᠭᠠᠯᠲᠠ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠵᠡᠷᠭᠡ ︽ᠨᠢᠭᠡ ᠳᠤ ᠨᠢᠭᠡ︾ ᠶᠢᠨ ᠥᠪᠡᠷᠮᠢᠴᠡ | ᠦᠢᠯᠡᠴᠢᠯᠡᠭᠡ ᠶᠢ ᠥᠷᠨᠢᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠬᠤ | ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠬᠥᠳᠡᠯᠮᠦᠷᠢᠯᠡᠭᠴᠢᠳ ᠪᠠ ᠠᠵᠢᠯᠴᠢᠨ ᠬᠡᠷᠡᠭᠯᠡᠬᠦ ᠠᠵᠤ | ᠠᠬᠤᠶᠢᠯᠠᠯ ᠳᠤ ᠨᠠᠩ ᠣᠯᠠᠨ ᠠᠵᠢᠯ ᠣᠯᠭᠤᠵᠤ ᠰᠡᠳᠬᠢᠯ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ ᠨᠠᠩ | ᠭᠦᠢᠴᠡᠳ ᠠᠵᠢᠯ ᠣᠯᠭᠤᠬᠤ ᠶᠢ ᠪᠡᠶᠡᠯᠡᠭᠦᠯᠦᠨ᠎ᠡ᠃ | ︵ᠬᠤᠶᠠᠷ︶ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ | ᠭᠠᠵᠠᠷ ᠰᠢᠷᠣᠶ ᠪᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠳ ᠤᠨ ᠨᠠᠰᠤᠵᠢᠯ ᠤᠨ ᠳᠠᠭᠠᠳᠬᠠᠯ ᠤᠨ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠮᠠᠯᠴᠢᠨ ᠲᠠᠷᠢᠶᠠᠴᠢᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ | ᠬᠢᠭᠡᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠳᠦᠷᠢᠮ ᠤᠨ | ᠵᠣᠯᠭᠠᠭᠤᠯᠤᠯᠲᠠ ᠶᠢ ᠰᠦᠪᠡᠭᠴᠢᠯᠡᠨ ᠰᠤᠳᠤᠯᠵᠤ᠂ ︽ᠲᠠᠪᠤᠨ ᠳᠠᠭᠠᠳᠬᠠᠯ︾ ᠤᠨ ᠬᠡᠪᠴᠢᠶ᠎ᠡ ᠶᠢ ᠥᠷᠭᠡᠳᠬᠡᠨ | ᠲᠠᠲᠠᠪᠤᠷᠢᠯᠠᠨ ᠲᠤᠰᠢᠶᠠᠬᠤ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠬᠤ ᠶᠢ ᠲᠠᠰᠤᠷᠠᠯᠲᠠ ᠤᠢᠭᠡᠢ ᠥᠷᠭᠡᠳᠬᠡᠨ᠂ ᠬᠦᠴᠢᠷᠳᠡᠯᠲᠡᠶ ᠨᠡᠶᠢᠲᠡ ᠴᠣᠭᠴᠠ ᠶᠢ ᠣᠷᠣᠯᠠᠨ ᠲᠤᠰᠢᠶᠠᠬᠤ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ | ᠨᠠᠰᠤᠵᠢᠯ ᠤᠨ ᠦᠢᠯᠡᠴᠢᠯᠡᠭᠡᠨ ᠤ ᠳᠦᠷᠢᠮ ᠢ ᠲᠡᠭᠦᠯᠳᠡᠷᠵᠢᠭᠦᠯᠦᠨ᠎ᠡ᠃ ᠬᠥᠳᠡᠯᠮᠦᠷᠢ ᠬᠦᠴᠦ ᠪᠠᠨ ᠠᠯᠳᠠᠭᠰᠠᠨ᠂ | ᠬᠦᠨᠳᠦ ᠵᠡᠮᠳᠡᠭ᠂ ᠭᠡᠷ ᠲᠡᠭᠡᠨ ᠬᠤᠴᠣᠷᠤᠭᠰᠠᠨ᠂ ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠭᠡᠷ ᠪᠦᠯᠢ ᠵᠡᠷᠭᠡ | ᠣᠨᠴᠣᠭᠤᠶ ᠬᠦᠴᠢᠷᠳᠡᠯᠲᠡᠶ ᠨᠠᠰᠤᠲᠠᠶᠢᠴᠤᠳ ᠢ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ ᠳᠦᠷᠢᠮ ᠢ | ᠪᠠᠶᠢᠭᠤᠯᠤᠨ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠡᠯᠡᠳᠬᠡᠮᠵᠢ ᠶᠢᠨ ᠪᠠᠶᠢᠷᠢᠰᠢᠭᠤᠯᠤᠯ ᠢ | ᠰᠢᠯᠢᠳᠡᠭᠵᠢᠭᠦᠯᠵᠦ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ | ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠵᠦ᠂ ︽ᠨᠡᠶᠢᠭᠡᠮ ᠲᠣᠭᠤᠷᠢᠭ ᠬᠠᠮᠲᠤᠷᠠᠨ ᠬᠥᠳᠡᠯᠦᠯᠴᠡᠬᠦ︾ | ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠤᠷᠰᠢᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠦᠨ᠎ᠡ᠃ | ︵ᠭᠤᠷᠪᠠ︶ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠲᠦᠷᠭᠡᠳᠬᠡᠨ | ᠠᠬᠢᠭᠤᠯᠤᠨ᠎ᠠ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠬᠥᠭᠵᠢᠯᠲᠡ᠂ ᠠᠯᠪᠠᠨ | ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠢ ᠣᠨᠴᠠᠯᠢᠬᠵᠢᠭᠤᠯᠤᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ | ᠪᠠᠭᠰᠢ ᠶᠢᠨ ᠡᠩᠨᠡᠭᠡ ᠶᠢ ᠲᠡᠩᠴᠡᠭᠦᠷᠢᠲᠡᠶ ᠲᠣᠬᠢᠷᠠᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠴᠢᠩᠭᠠᠷᠠᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠠᠯᠠᠱᠠ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠠᠰᠠᠷ ᠵᠢᠴᠢ ᠲᠤᠷᠰᠢᠯᠲᠠ ᠶᠢᠨ ᠠᠰᠠᠷ᠂ ᠵᠢᠷᠭᠤᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠲᠠᠰᠤᠭ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠬᠡᠷᠡᠭᠵᠢᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ ᠶᠢ ᠪᠠᠶᠠᠯᠢᠭᠵᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠥᠷᠨᠢᠩᠭᠦᠶ | ᠬᠥᠭᠵᠢᠯᠲᠡ ᠶᠢ ᠠᠬᠢᠭᠤᠯᠤᠨ᠎ᠠ᠃ | ︵ᠲᠦᠷᠪᠡ︶ ᠡᠷᠡᠭᠦᠯ ᠮᠡᠨᠳᠦ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ︽ᠳᠥᠷᠪᠡᠨ ᠵᠦᠢᠯ ᠤᠨ ᠰᠢᠪᠲᠤᠯᠤᠯᠲᠠ ᠶᠢᠨ ᠠᠵᠢᠯᠯᠠᠭ᠎ᠠ︾ ᠶᠢ | ᠦᠷᠭᠦᠯᠵᠢᠯᠡᠨ ᠠᠬᠢᠭᠤᠯᠵᠤ᠂ ᠡᠮᠴᠢᠯᠡᠭᠡᠨ ᠤ ᠬᠤᠯᠪᠣᠭᠠᠲᠤ ᠴᠣᠭᠴᠠ᠂ ᠬᠤᠰᠢᠭᠤᠨ ᠤ ᠬᠡᠪᠴᠢᠶᠡᠨ ᠤ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠪᠠᠷ ᠭᠠᠷᠳᠠᠴᠠ ᠪᠣᠯᠭᠠᠵᠤ᠂ ᠬᠤᠰᠢᠭᠤᠨ ᠤ | ᠲᠠᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ | ᠡᠮᠨᠡᠯᠭᠡ ᠶᠢᠨ ᠪᠠᠶᠢᠭᠤᠯᠤᠯᠲᠠ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠡᠮᠴᠢᠯᠡᠭᠡᠨ ᠤ | ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠴᠢᠩᠭᠠᠳᠬᠠᠨ᠎ᠠ᠃ ᠪᠥᠬᠦ ᠬᠤᠰᠢᠭᠤᠨ ᠤ ᠡᠮᠴᠢᠯᠡᠭᠡᠨ ᠤ ᠡᠬᠢ | ᠪᠠᠶᠠᠯᠢᠭ ᠢ ᠰᠢᠯᠢᠳᠡᠭᠵᠢᠭᠦᠯᠦᠨ ᠪᠠᠶᠢᠷᠢᠰᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠳᠤᠲᠠᠭᠤᠳᠠᠯ ᠢ ᠲᠦᠷᠭᠡᠨ | ᠨᠥᠬᠦᠪᠥᠷᠢᠯᠡᠵᠦ᠂ ᠬᠤᠰᠢᠭᠤᠨ ᠳᠣᠲᠣᠷᠠᠬᠢ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ | ᠣᠯᠠᠨ ᠲᠦᠮᠡᠨ ᠤ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠦᠨ᠎ᠡ᠃ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠣᠬᠢᠷᠠᠬᠤ ᠮᠡᠷᠭᠡᠵᠢᠯ ᠢ ᠳᠡᠯᠭᠡᠷᠡᠭᠦᠯᠬᠦ ᠶᠢ ᠴᠢᠩᠭᠠᠳᠬᠠᠵᠤ᠂ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠪᠠ | ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠡᠭᠦᠯ ᠡᠩᠬᠡ ᠠᠯᠠᠱᠠ ᠵᠡᠭᠦᠨ ᠬᠤᠰᠢᠭᠤᠨ ᠤ ᠠᠵᠢᠯᠯᠠᠭ᠎ᠠ | ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠤᠯᠤᠰ ᠤᠨ ᠡᠷᠡᠭᠦᠯ | ᠬᠠᠮᠠᠭᠠᠯᠠᠯ ᠤᠨ ᠬᠤᠰᠢᠭᠤ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ | ︵ᠲᠠᠪᠤ︶ ᠰᠣᠶᠣᠯ ᠤᠨ ᠦᠢᠯᠡᠰ ᠤᠨ ᠴᠡᠴᠡᠭᠯᠡᠨ ᠬᠦᠭᠵᠢᠬᠦ ᠶᠢ ᠶᠡᠬᠡᠪᠡᠷ ᠠᠬᠢᠭᠤᠯᠤᠨ᠎ᠠ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠴᠢᠩᠭᠠᠷᠠᠭᠤᠯᠵᠤ᠂ ᠤᠯᠠᠭᠠᠨᠮᠥ᠋ᠴᠢᠷ ᠤᠨ ︽ᠰᠤᠷᠴᠤ | ᠡᠭᠦᠳᠬᠦ ᠲᠣᠭᠯᠠᠬᠤ︾ ᠡᠷᠴᠢᠮ ᠢ ᠴᠢᠩᠭᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠵᠣᠬᠢᠶᠠᠨ ᠪᠦᠲᠦᠭᠡᠬᠦ ᠢᠨᠵᠧᠨᠧᠷᠢᠩ ᠪᠠ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠯᠠᠨ | ᠨᠡᠶᠢᠲᠡ ᠶᠢᠨ ᠰᠣᠶᠣᠯ ᠤᠨ ᠲᠣᠭᠠᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ | ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠰᠦᠢᠳᠭᠡᠯ ᠬᠤᠷᠢᠶᠠᠬᠤ ᠥᠬᠡᠶ ᠪᠠᠷ ᠨᠡᠭᠡᠭᠡᠬᠦ ᠶᠢ ᠰᠠᠶᠢᠲᠤᠷ | ᠬᠢᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ | ᠥᠪ ᠢ ᠬᠠᠮᠠᠭᠠᠯᠠᠨ ᠤᠯᠠᠮᠵᠢᠯᠠᠬᠤ ᠶᠢ ᠠᠬᠢᠭᠤᠯᠵᠤ᠂ ᠰᠣᠶᠣᠯ ᠢ ᠭᠡᠶᠢᠭᠦᠯᠦᠭᠴᠢ ᠰᠦᠮ᠎ᠡ ᠵᠢᠴᠢ ᠡᠷᠬᠢᠨ ᠲᠣᠭᠤᠷᠢᠨ ᠤ | ᠡᠷᠲᠡᠨ ᠤ ᠠᠷᠠᠳ ᠤᠨ ᠣᠷᠣᠨ ᠰᠠᠭᠤᠴᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ | ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠣᠷᠳᠣ ᠴᠠᠭᠠᠨ ᠬᠡᠷᠡᠮ ᠤᠨ ᠰᠣᠶᠣᠯ ᠤᠨ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠲᠣᠣᠷ ᠢ ᠨᠢᠭᠲᠠ ᠪᠥᠭᠡᠳ | ᠪᠠᠲᠤ ᠪᠠᠬᠢ ᠰᠦᠯᠵᠢᠨ᠎ᠡ | ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ | ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ | ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ | ᠲᠦᠷᠢᠮ ᠢ ᠨᠠᠶᠢᠳᠠᠪᠤᠷᠢᠵᠢᠭᠤᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ | ᠪᠠ ᠬᠠᠩᠭᠠᠯᠭ᠎ᠠ ᠶᠢ ᠠᠬᠢᠭᠤᠯᠵᠤ᠂ ᠳᠣᠣᠷ᠎ᠠ ᠣᠷᠣᠯᠭ᠎ᠠ ᠲᠠᠢ ᠭᠡᠷ ᠪᠦᠯᠢ ᠶᠢᠨ ᠲᠦᠷ ᠴᠠᠭ ᠤᠨ ᠠᠪᠤᠷᠠᠨ | ᠲᠤᠰᠠᠯᠠᠯᠲᠠ ᠶᠢ ᠮᠠᠭᠠᠳᠯᠠᠨ ᠲᠣᠭᠲᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠵᠡᠮᠳᠡᠭᠴᠦᠳ᠂ ᠡᠮᠡᠭᠲᠡᠶᠢᠴᠦᠳ᠂ | ᠬᠡᠦᠬᠡᠳ ᠤᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ᠤᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ | ᠠᠪᠤᠷᠠᠨ ᠲᠤᠰᠠᠯᠠᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠳᠬᠠᠵᠤ᠂ | ᠬᠦᠴᠢᠷᠳᠡᠯᠲᠡᠢ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ | ᠡᠷᠲᠡ ᠢᠯᠡᠷᠡᠭᠦᠯᠵᠦ᠂ ᠡᠷᠲᠡ ᠠᠪᠤᠷᠠᠨ ᠲᠤᠰᠠᠯᠠᠬᠤ ᠶᠢ ᠪᠡᠶᠡᠯᠡᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ | ᠨᠠᠷᠢᠯᠢᠬᠵᠢᠭᠤᠯᠤᠭᠰᠠᠨ ᠦᠢᠯᠡᠴᠢᠯᠡᠭᠡ ᠶᠢ ᠳᠡᠭᠡᠭᠰᠢᠯᠡᠭᠦᠯᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠶᠢ ᠠᠬᠢᠭᠤᠯᠤᠨ᠂ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠬᠦᠷᠢᠶ᠎ᠡ︾ ᠶᠢ ᠲᠡᠭᠦᠯᠳᠡᠷᠵᠢᠭᠦᠯᠵᠦ᠂ ᠡᠭᠦᠳᠡᠨ ᠡᠮᠨᠡᠯᠭᠡ ᠶᠢᠨ ᠬᠠᠷᠢᠯᠴᠠᠨ | ᠲᠤᠰᠠᠯᠠᠯᠴᠠᠬᠤ ᠪᠠᠲᠤᠯᠠᠭ᠎ᠠ ᠶᠢ ᠰᠠᠶᠢᠲᠤᠷ ᠬᠢᠵᠦ᠂ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ | ᠪᠤᠳᠤᠬᠤ ᠶᠢ ᠰᠢᠯᠢᠳᠡᠭᠵᠢᠭᠦᠯᠦᠨ᠂ ᠨᠠᠩ ᠣᠯᠠᠨ ᠥᠨᠳᠥᠷ ᠳᠠᠪᠲᠠᠮᠵᠢᠲᠤ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠠᠬᠢᠭᠤᠯᠤᠨ᠎ᠠ᠃ | ᠨᠠᠢᠮᠠ᠂ ᠰᠢᠨ᠎ᠡ ᠶᠢ ᠡᠭᠦᠳᠬᠦ ᠳᠤᠲᠠᠭᠤᠳᠠᠯ ᠢ ᠨᠥᠬᠦᠪᠦᠷᠢᠯᠡᠬᠦ ᠪᠠᠷ ᠬᠥᠭᠵᠢᠯᠲᠡ ᠶᠢᠨ ᠳᠠᠯᠳᠠ ᠬᠦᠴᠦᠨ ᠢ | ᠡᠷᠴᠢᠮᠲᠡᠢ ᠠᠭᠤᠳᠠᠯᠤᠨ᠎ᠠ | ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠴᠢᠳᠠᠪᠤᠷᠢ ᠶᠢ | ᠦᠷᠭᠦᠯᠵᠢᠯᠡᠨ ᠳᠡᠭᠡᠭᠰᠢᠯᠡᠭᠦᠯᠦᠨ᠎ᠡ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠰᠢᠨ᠎ᠡ ᠡᠨᠧᠷᠭᠢ᠂ ᠠᠮᠢ ᠠᠬᠤᠶ ᠶᠢᠨ ᠡᠯᠡᠰᠦᠨ ᠤ ᠠᠵᠤ | ᠦᠢᠯᠡᠰ ᠵᠡᠷᠭᠡ ᠣᠷᠣᠨ ᠨᠤᠲᠤᠭ ᠤᠨ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠭᠤᠤᠯᠳᠠᠯᠭ᠎ᠠ ᠲᠠᠢ | ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ | ᠵᠦᠢᠯ ᠢ ᠭᠤᠶᠤᠴᠢᠯᠠᠨ ᠮᠡᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ | ᠠᠵᠤ ᠦᠶᠢᠯᠡᠰᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠡᠷᠴᠢᠮᠲᠡᠢ ᠠᠭᠤᠰᠤᠯᠴᠠᠯ ᠢ ᠠᠬᠢᠭᠤᠯᠵᠤ᠂ ᠰᠢᠨ᠎ᠡ ᠶᠢ ᠡᠭᠦᠳᠬᠦ | ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ | ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠮᠡᠳᠡᠭᠡ ᠵᠠᠩᠭᠢ ᠶᠢᠨ ᠬᠡᠯᠬᠢᠶ᠎ᠡ ᠶᠢ | ᠬᠤᠷᠠᠮᠳᠤᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠵᠦ᠂ | ᠠᠵᠤ ᠦᠢᠯᠡᠰ ᠤᠨ ᠬᠥᠭᠵᠢᠯᠲᠡ ᠶᠢᠨ ᠰᠢᠨ᠎ᠡ ᠶᠢ ᠨᠡᠭᠡᠭᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠤᠨ ᠳᠡᠩᠰᠡᠯᠡᠵᠦ ᠬᠥᠮᠥᠷᠭᠡ ᠳᠤ ᠪᠦᠷᠢᠳᠬᠡᠭᠦᠯᠬᠦ ᠵᠢᠴᠢ ︽ᠭᠤᠷᠪᠠᠨ ᠣᠷᠣᠨ︾ ᠤ | ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠰᠣᠩᠭᠤᠨ ᠲᠣᠮᠢᠯᠠᠬᠤ | ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠨᠠᠩ ᠣᠯᠠᠨ ᠲᠤᠰᠬᠠᠶ ᠮᠡᠷᠭᠡᠵᠢᠯ ᠤᠨ ᠣᠨᠴᠠ ᠰᠢᠨ᠎ᠡ ᠳᠤᠮᠳᠠ | ᠵᠢᠵᠢᠭ ᠠᠵᠤ ᠠᠬᠤᠶᠢᠯᠠᠯ ᠢ ᠪᠤᠶᠢᠵᠢᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2 ᠳᠠᠬᠢᠨ | ᠬᠢᠨᠠᠵᠤ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 1 | ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ︵ᠬᠤᠶᠠᠷ︶ ᠴᠡᠷᠢᠭ ᠠᠷᠠᠳ ᠤᠨ ᠬᠡᠷᠡᠭᠯᠡᠭᠡ ᠶᠢᠨ ᠤᠶᠠᠯᠳᠤᠭᠰᠠᠨ ᠡᠷᠴᠢᠮᠲᠡᠢ ᠬᠥᠭᠵᠢᠯᠲᠡ ᠶᠢ ᠴᠢᠷᠮᠠᠶᠢᠨ | ᠡᠭᠦᠳᠦᠨ᠎ᠡ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠴᠡᠷᠢᠭ ᠤᠨ ᠠᠯᠪᠠᠨ ᠠᠴᠠ ᠰᠢᠯᠵᠢᠬᠦ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠪᠦᠳᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠳᠡᠭᠡᠭᠰᠢᠯᠡᠯᠲᠡ᠂ | ᠠᠶᠤᠯᠭᠦᠢ ᠦᠢᠯᠡᠳᠪᠦᠷᠢᠯᠡᠯ ᠤᠨ ᠪᠠᠲᠤᠯᠠᠭ᠎ᠠ᠂ ᠴᠡᠷᠢᠭ ᠤᠨ ᠭᠡᠷ ᠪᠦᠯᠢ ᠶᠢ ᠲᠥᠪᠬᠢᠨᠡᠭᠦᠯᠬᠦ᠂ ᠴᠡᠷᠢᠭ ᠤᠨ ᠦᠷ᠎ᠡ | ᠬᠡᠦᠬᠡᠳ ᠢ ᠰᠤᠷᠭᠠᠭᠤᠯᠢ ᠳᠤ ᠣᠷᠣᠭᠤᠯᠬᠤ ᠵᠡᠷᠭᠡ ᠲᠠᠯ᠎ᠠ ᠪᠠᠷ ᠰᠠᠭᠤᠭ᠎ᠠ ᠴᠡᠷᠢᠭ ᠠᠩᠬᠢ ᠪᠣᠯᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠪᠠᠲᠤᠯᠠᠭ᠎ᠠ ᠬᠠᠩᠭᠠᠬᠤ ᠬᠡᠷᠡᠭᠲᠡᠶ᠃ ᠨᠠᠮ ᠵᠠᠰᠠᠭ ᠴᠡᠷᠢᠭ ᠴᠠᠭᠳᠠᠭ᠎ᠠ | ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠷᠭ᠎ᠠ | ᠬᠢᠳᠡᠯ ᠢ ᠲᠡᠭᠦᠯᠳᠡᠷᠵᠢᠭᠦᠯᠵᠦ᠂ ᠬᠢᠯᠢ ᠶᠢᠨ ᠬᠠᠮᠠᠭᠠᠯᠠᠯᠲᠠ ᠶᠢᠨ ᠴᠠᠭᠳᠠᠭᠠᠨ ᠤ ᠶᠠᠪᠤᠳᠠᠯ ᠤᠨ ᠲᠠᠰᠤᠭ ᠤᠨ ᠪᠦᠲᠦᠭᠡᠨ | ᠪᠠᠶᠢᠭᠤᠯᠤᠯᠲᠠ ᠪᠠ ᠬᠢᠯᠢ ᠬᠢᠵᠠᠭᠠᠷ ᠣᠷᠣᠨ ᠤ ᠴᠠᠬᠢᠯᠭᠠᠨ ᠬᠦᠴᠦᠨ᠂ ᠲᠣᠤᠷ ᠰᠦᠯᠵᠢᠶ᠎ᠡ ᠵᠡᠷᠭᠡ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠤᠨ ᠠᠮᠤᠷ ᠲᠦᠪᠰᠢᠨ | ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ᠂ | ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ᠂ ᠬᠠᠮᠵᠢᠯᠴᠠᠨ ᠬᠥᠭᠵᠢᠭᠦᠯᠬᠦ ᠬᠠᠷᠠᠯᠲᠠ ᠶᠢᠨ ᠲᠣᠭᠤᠷᠢᠨ ᠳᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ | ᠪᠡᠯᠡᠳᠬᠡᠯ ᠬᠦᠴᠦᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | ᠶᠢᠰᠦ᠂ ᠠᠶᠤᠯ ᠲᠦᠭᠰᠢᠭᠦᠷᠢ ᠶᠢ ᠰᠡᠷᠭᠡᠶᠢᠯᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ | ︵ᠨᠢᠭᠡ︶ ᠠᠶᠤᠯ ᠲᠦᠭᠰᠢᠭᠦᠷᠢ ᠶᠢᠨ ᠳᠠᠯᠳᠠ ᠭᠡᠮ ᠢ ᠦᠷᠭᠦᠯᠵᠢᠯᠡᠨ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ | ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ | ᠲᠣᠬᠢᠲᠠᠢ ᠰᠢᠢᠳᠪᠦᠷᠢᠯᠡᠬᠦ ᠶᠢ ᠴᠢᠩᠭᠠᠳᠬᠠᠵᠤ᠂ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠠᠷᠭ᠎ᠠ | ᠬᠡᠮᠵᠢᠶ᠎ᠡ ᠳᠤ ᠴᠠᠭ ᠲᠣᠬᠠᠢ ᠳᠤᠨᠢ ᠲᠣᠬᠢᠷᠠᠭᠤᠯᠤᠯᠲᠠ ᠬᠢᠵᠦ᠂ ᠭᠠᠶᠢᠯᠢ ᠲᠠᠲᠠᠪᠤᠷᠢᠯᠠᠵᠤ ᠬᠠᠮᠢᠶᠠᠷᠬᠤ ᠠᠵᠢᠯ ᠢ | ᠴᠢᠩᠭᠠᠳᠬᠠᠨ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ | ᠲᠥᠰᠥᠪ ᠤᠨ ᠬᠢᠵᠠᠭᠠᠷᠯᠠᠯ ᠢ ᠰᠠᠶᠢᠲᠤᠷ ᠬᠢᠨ᠎ᠡ᠃ ᠥᠷᠢ ᠥᠭᠴᠡᠭᠡ ᠶᠢ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ | ᠦᠯᠡᠳᠡᠭᠡᠯ ᠪᠡᠯᠡ ᠮᠥᠩᠭᠦ ᠶᠢ ᠴᠢᠯᠦᠭᠡᠲᠡᠢ ᠭᠦᠢᠯᠭᠡᠭᠡᠨ᠂ ᠰᠤᠯᠠ ᠪᠠᠶᠢᠬᠤ ᠡᠳ᠋ ᠬᠥᠷᠥᠩᠭᠡ ᠶᠢ ᠰᠢᠢᠳᠪᠦᠷᠢᠯᠡᠵᠦ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠂ | ︽ᠡᠳ᠋ ᠬᠥᠷᠥᠩᠭᠡ ᠶᠢᠨ ᠪᠡᠯᠡ ᠮᠥᠩᠭᠦ︾ ᠶᠢᠨ ᠥᠷᠢ ᠥᠭᠴᠡᠭᠡ ᠶᠢ ᠠᠷᠢᠯᠭᠠᠬᠤ ᠵᠠᠭᠪᠤᠷ ᠢ ᠲᠡᠭᠦᠯᠳᠡᠷᠵᠢᠭᠦᠯᠵᠦ᠂ | ᠳᠠᠯᠳᠠ ᠥᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠬᠤᠷᠢᠭᠯᠠᠨ᠎ᠠ᠃ ︽ᠥᠪᠥᠷ ᠮᠣᠩᠭᠤᠯ ᠤᠨ ᠠᠵᠤ | ᠠᠬᠤᠶᠢᠯᠠᠯ ᠳᠤ ᠨᠡᠪᠲᠡᠷᠡᠭᠦᠯᠬᠦ︾ ᠰᠤᠷᠭᠠᠯᠲᠠ ᠶᠢ ᠳᠡᠯᠭᠡᠷᠡᠭᠦᠯᠵᠦ᠂ ᠠᠵᠤ ᠠᠬᠤᠶᠢᠯᠠᠯ ᠳᠤ ᠨᠠᠷᠢᠯᠢᠭ ᠣᠨᠣᠴᠠᠲᠠᠶ ᠪᠠᠷ | ᠪᠡᠯᠡ ᠲᠣᠬᠢᠷᠠᠭᠤᠯᠬᠤ ᠦᠢᠯᠡᠴᠢᠯᠡᠭᠡ ᠬᠠᠩᠭᠠᠨ᠎ᠠ᠃ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠪᠡᠯᠡᠳᠬᠡᠯ ᠠᠵᠤ | ᠠᠬᠤᠶᠢᠯᠠᠯ ᠤᠨ ᠡᠬᠢ ᠪᠠᠶᠠᠯᠢᠭ ᠤᠨ ᠬᠥᠮᠥᠷᠭᠡ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠲᠤ ᠭᠠᠷᠭᠠᠬᠤ ᠪᠡᠯᠡᠳᠬᠡᠯ | ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢ ᠦᠷᠭᠦᠯᠵᠢᠯᠡᠨ ᠴᠢᠩᠭᠠᠳᠬᠠᠨ᠎ᠠ᠃ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠰᠢᠢᠳᠪᠦᠷᠢᠯᠡᠬᠦ | ᠡᠷᠴᠢᠮ ᠢ ᠯᠠᠪᠳᠠᠭᠤᠨ ᠢᠶᠠᠷ ᠠᠬᠢᠭᠤᠯᠵᠤ᠂ ᠵᠦᠢ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠬᠤ ᠶᠢ | ᠲᠦᠷᠭᠡᠳᠬᠡᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠴᠠᠭ ᠲᠤᠨᠢ ᠲᠣᠬᠢᠷᠠᠭᠤᠯᠤᠨ | ᠲᠣᠬᠢᠷᠠᠭᠤᠯᠤᠨ ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ | ᠲᠥᠯᠥᠪᠵᠢᠭᠦᠯᠭᠡ ᠶᠢᠨ ᠬᠢᠨᠠᠨ ᠵᠥᠪᠰᠢᠶᠡᠷᠡᠬᠦ ᠶᠢ ᠴᠢᠩᠳᠠᠯᠠᠵᠤ᠂ ᠣᠷᠣᠨ ᠰᠠᠭᠤᠴᠠ ᠶᠢᠨ ᠪᠤᠰᠤ ᠲᠠᠸᠠᠷ ᠤᠨ ᠭᠡᠷ | ᠪᠠᠶᠢᠰᠢᠩ ᠤᠨ ᠭᠠᠵᠠᠷ ᠰᠢᠷᠣᠶ ᠶᠢᠨ ᠬᠠᠩᠭᠠᠯᠭ᠎ᠠ ᠶᠢ ᠬᠦᠴᠦᠯᠡᠨ ᠡᠵᠡᠮᠳᠡᠵᠦ᠂ ᠬᠥᠮᠥᠷᠭᠡ ᠶᠢᠨ ᠬᠠᠳᠠᠭᠠᠯᠠᠮᠵᠢ ᠶᠢ | ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠳᠠᠮᠵᠢᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠤᠯᠠᠮ ᠵᠢᠷᠤᠮᠵᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠲᠦᠭᠰᠢᠭᠦᠷᠢ ᠶᠢ ᠪᠠᠭᠤᠷᠠᠭᠤᠯᠤᠨ᠎ᠠ᠃ | ︵ᠬᠤᠶᠠᠷ︶ ᠬᠦᠴᠦ ᠪᠠᠨ ᠲᠥᠪᠯᠡᠷᠡᠭᠦᠯᠦᠨ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ | ᠨᠡᠭᠦᠷᠡᠰᠦ᠂ ᠨᠡᠭᠦᠷᠡᠰᠦᠨ ᠤ ᠪᠤᠰᠤ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠵᠠᠮ ᠬᠠᠷᠢᠯᠴᠠᠭ᠎ᠠ | ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠭᠠᠯ ᠤᠨᠲᠠᠷᠠᠭᠠᠬᠤ᠂ ᠰᠢᠲᠠᠮᠠᠬᠠᠶ ᠬᠡᠶ᠂ ᠲᠡᠮᠦᠷᠯᠢᠭ ᠤᠨ ᠠᠵᠤ | ᠦᠢᠯᠡᠳᠪᠦᠷᠢ ᠶᠢᠨ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯ ᠦᠭᠡᠢ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠢᠳᠡᠭᠡᠨ᠂ ᠡᠮ ᠤᠨ | ᠪᠠᠭᠠᠵᠢ᠂ ᠣᠨᠴᠠ ᠲᠥᠷᠥᠯ ᠤᠨ ᠲᠥᠬᠦᠭᠡᠷᠦᠮᠵᠢ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ | ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢ ᠴᠢᠩᠭᠠᠳᠬᠠᠵᠤ᠂ ᠦᠢᠯᠡᠳᠪᠦᠷᠢᠯᠡᠯ ᠤᠨ | ᠠᠮᠤᠷ ᠲᠦᠪᠰᠢᠨ ᠤ ᠠᠳᠡᠯ ᠭᠠᠷᠬᠤ ᠶᠢ ᠬᠦᠴᠦᠯᠡᠨ ᠰᠡᠷᠭᠡᠶᠢᠯᠡᠨ᠎ᠡ᠃ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠵᠢᠯᠣᠭᠤᠳᠬᠤ ᠲᠥᠪ ᠤᠨ ᠴᠢᠳᠠᠮᠵᠢ ᠶᠢᠨ ᠪᠠᠶᠢᠭᠤᠯᠤᠯᠲᠠ ᠶᠢᠨ ᠲᠠᠰ ᠳᠡᠪᠰᠢᠬᠦ ᠶᠢ ᠲᠦᠷᠭᠡᠳᠬᠡᠨ᠂ ᠪᠠᠴᠢᠮ ᠪᠠᠶᠢᠳᠠᠯ ᠢ | ᠲᠦᠷᠭᠡᠨ ᠠᠷᠭᠠᠴᠠᠬᠤ ᠬᠠᠮᠢᠶᠠᠷᠤᠯᠲᠠ ᠶᠢᠨ ︽ᠨᠢᠭᠡ ᠰᠦᠯᠵᠢᠶ᠎ᠡ︾ ᠶᠢᠨ ᠳᠣᠭᠢᠷᠠᠭᠤᠯᠤᠨ ᠵᠢᠯᠣᠭᠤᠳᠬᠤ ᠮᠡᠳᠡᠭᠡ | ᠵᠠᠩᠭᠢ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠲᠣᠨᠤᠭ | ᠲᠥᠬᠦᠭᠡᠷᠦᠮᠵᠢ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠷᠠᠭᠤᠯᠤᠨ᠂ ᠦᠶᠡᠷ ᠤᠰᠤᠲᠤᠯ᠂ ᠭᠠᠵᠠᠷ ᠬᠥᠳᠡᠯᠦᠯᠲᠡ᠂ | ᠭᠠᠯ ᠤᠨ ᠠᠶᠤᠯ ᠵᠡᠷᠭᠡ ᠭᠠᠮᠰᠢᠭ ᠢ ᠰᠡᠷᠭᠡᠶᠢᠯᠡᠬᠦ ᠪᠠ ᠠᠶᠤᠯ ᠠᠴᠠ ᠠᠪᠤᠷᠠᠨ ᠲᠤᠰᠠᠯᠠᠬᠤ ᠶᠢ ᠰᠠᠶᠢᠲᠤᠷ | ᠭᠦᠢᠴᠡᠳᠬᠡᠨ᠎ᠡ᠃ ᠰᠦᠷᠳᠡᠭᠦᠯᠦᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠵᠦ᠂ ᠬᠠᠤᠯᠢ ᠶᠢ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠨ᠎ᠠ᠃ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠤᠨ ᠪᠠᠬᠢᠵᠢᠭᠦᠯᠬᠦ | ᠲᠤᠬᠠᠢ ᠠᠷᠭ᠎ᠠ ᠬᠡᠮᠵᠢᠶ᠎ᠡ ᠨᠦᠭᠦᠳ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ | ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠤᠨ ᠰᠢᠨ᠎ᠡ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠤᠨ᠎ᠠ᠃ ᠰᠢᠨ᠎ᠡ ᠴᠠᠭ | ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠠ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠰᠡᠷᠭᠡᠶᠢᠯᠡᠨ | ᠠᠷᠢᠯᠭᠠᠨ᠎ᠠ᠃ ᠬᠠᠤᠯᠢ ᠴᠠᠭᠠᠵᠠ ᠶᠢᠨ ᠭᠠᠵᠠᠷ ᠢ ᠪᠠᠷᠢᠮᠵᠢᠶᠠᠵᠢᠭᠤᠯᠤᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ | ᠣᠨᠴᠠᠭᠠᠶ ᠬᠥᠮᠦᠰ ᠢ ᠬᠠᠮᠢᠶᠠᠷᠤᠨ ᠡᠵᠡᠮᠳᠡᠬᠦ ᠶᠢ ᠴᠢᠷᠮᠠᠶᠢᠨ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢ | ᠣᠷᠣᠯᠠᠨ ᠭᠦᠢᠴᠡᠳᠬᠡᠬᠦ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠡᠬᠢ | ᠡᠭᠦᠰᠦᠯ ᠠᠴᠠ ᠨᠢ ᠵᠠᠰᠠᠬᠤ᠂ ᠣᠯᠠᠨ ᠡᠰᠢᠵᠢᠭᠦᠯᠦᠨ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ | ᠠᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠪᠦᠬᠦ ᠲᠠᠯ᠎ᠠ ᠶᠢᠨ ᠦᠵᠡᠯᠲᠡ ᠶᠢ ᠴᠢᠩᠭᠠᠳᠬᠠᠨ᠂ ᠬᠤᠰᠢᠭᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ᠂ ᠣᠯᠠᠨ ᠰᠠᠯᠠᠭ᠎ᠠ ᠮᠥᠴᠢᠷ ᠬᠠᠮᠲᠤ ᠪᠠᠷ | ᠣᠷᠣᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠴᠢᠩᠭᠠᠳᠬᠠᠵᠤ᠂ ᠠᠵᠤ ᠠᠬᠤᠶ ᠶᠢᠨ ᠭᠦᠢᠴᠡᠳᠬᠡᠯ ᠲᠤᠭ᠎ᠠ ᠪᠠ ᠡᠯ᠎ᠡ ᠵᠦᠢᠯ ᠤᠨ ᠡᠭᠦᠷᠭᠡ ᠶᠢ | ᠪᠡᠶᠡᠯᠡᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠤᠯᠠᠷᠢᠯ ᠢᠶᠠᠷ ᠳᠣᠭᠢᠷᠠᠭᠤᠯᠤᠨ᠂ ᠲᠦᠷᠦᠭᠦᠤ | ᠭᠤᠷᠪᠠᠨ ᠤᠯᠠᠷᠢᠯ ᠤᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾᠂ ︽2024 ᠣᠨ ᠤ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ | ᠮᠡᠳᠡᠭᠦᠯᠦᠯᠲᠡ︾ ᠶᠢ ᠪᠡᠶᠡᠯᠡᠭᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠮᠡᠳᠡᠭᠦᠯᠵᠦ ᠬᠢᠨᠠᠨ ᠵᠥᠪᠯᠡᠭᠦᠯᠵᠦ ᠪᠠᠲᠤᠯᠠᠪᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ | ᠰᠤᠮᠤ ᠪᠠᠯᠭᠠᠰᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠬᠠᠷᠠᠯᠲᠠ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠶ ᠬᠠᠮᠵᠢᠯᠴᠠᠨ᠂ ᠠᠵᠢᠯ ᠤᠨ ᠳᠤᠮᠳᠠ | ᠣᠷᠣᠰᠢᠵᠤ ᠪᠠᠶᠢᠭ᠎ᠠ ᠪᠣᠳᠠᠲᠠᠶ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ | ᠬᠠᠷᠠᠯᠲᠠ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | | | |