| 4 ᠰᠠᠷ᠎ᠠ ᠶᠢᠨ 25 ᠤ ᠡᠳᠦᠷ ᠠᠴᠠ 26 ᠤ ᠬᠤᠰᠢᠭᠤᠨ ᠨᠠᠮ ᠤᠨ ᠬᠤᠷᠢᠶ᠎ᠠ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ | ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ | ᠡᠷᠭᠢᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠴᠢᠮᠲᠡᠢ ᠰᠤᠷᠤᠯᠴᠠᠨ | ᠲᠤᠤᠱᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾ ᠢ ᠬᠢᠨᠠᠮᠠᠭᠠᠢ ᠰᠤᠷᠤᠯᠴᠠᠨ ᠣᠶᠢᠯᠠᠭᠠᠵᠤ᠂ ᠬᠤᠰᠢᠭᠤᠨ ᠤ ᠳᠥᠷᠪᠡᠨ | ᠶᠡᠭᠡ ᠤᠳᠤᠷᠢᠳᠬᠤ ᠪᠠᠭ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ | ᠳᠠᠷᠤᠭ᠎ᠠ︾ ᠪᠣᠯᠣᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠭᠠᠵᠠᠷ ᠤᠨ ᠲᠠᠰ ᠤᠨ ᠤᠳᠤᠷᠢᠳᠤᠯᠭ᠎ᠠ | ᠣᠷᠣᠯᠴᠠᠵᠠᠢ᠃ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠠᠵᠢᠯ ᠤᠨ ᠲᠤᠰᠬᠠᠢ ᠠᠩᠭᠢ ᠶᠢᠨ ᠵᠢᠯᠤᠭᠤᠳᠬᠤ ᠳᠤᠭᠤᠶᠢᠯᠠᠩ ᠤᠨ ᠤᠳᠤᠷᠢᠳᠤᠯᠭ᠎ᠠ ᠬᠤᠷᠠᠯ ᠳᠤ | ᠰᠤᠯᠠ ᠣᠷᠣᠯᠴᠠᠪᠠ᠃ | | | | ᠨᠣᠮ ᠤᠩᠰᠢᠬᠤ ᠠᠩᠭᠢ ᠶᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠥᠪᠡᠷ ᠢᠶᠠᠨ | ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ | ᠃ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠯᠢᠦ ᠵᠢᠶᠦ᠋ᠨ ᠹᠧᠩ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠡᠷᠴᠢᠮᠲᠡᠢ ᠲᠠᠨᠢᠬᠤ ᠶᠢᠨ | ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ ᠬᠤᠰᠢᠭᠤ ᠭᠠᠵᠠᠷ ᠤᠨ ᠲᠠᠰ ᠤᠨ | ᠨᠠᠮ ᠤᠨ ᠭᠡᠰᠢᠭᠦᠨ ᠤᠳᠤᠷᠢᠳᠬᠤ ᠨᠥᠬᠦᠳ ᠲᠥᠪᠯᠡᠷᠡᠭᠦᠯᠦᠨ ᠰᠤᠷᠤᠯᠴᠠᠬᠤ ᠬᠡᠯᠪᠡᠷᠢ ᠪᠠᠷ ︽ᠳᠦᠷᠢᠮ︾ ᠢ ᠲᠡᠷᠡ | ᠬᠡᠪ ᠢᠶᠠᠷ ᠨᠢ᠂ ᠪᠦᠯᠦᠭ ᠳᠠᠷᠠᠭᠠᠯᠠᠨ ᠰᠤᠷᠤᠯᠴᠠᠵᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠡᠷᠴᠢᠮᠲᠡᠢ | ᠥᠷᠨᠢᠭᠦᠯᠪᠡ᠃ 12 ᠨᠥᠬᠦᠷ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠲᠣᠭᠤᠷᠢᠨ ᠳᠤ ᠰᠠᠨᠠᠯ ᠢᠶᠠᠨ | ᠰᠣᠯᠢᠯᠴᠠᠵᠤ ᠶᠠᠷᠢᠶ᠎ᠠ ᠲᠠᠯᠪᠢᠵᠠᠢ᠃ ᠰᠤᠷᠤᠯᠴᠠᠬᠤ ᠪᠠᠷ ᠲᠠᠮᠵᠢᠨ᠂ ᠤᠯᠠᠨ ᠢᠶᠠᠷ ᠢᠶᠠᠨ ︽ᠳᠦᠷᠢᠮ︾ ᠤᠨ ᠪᠠᠶᠠᠯᠢᠭ | ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠪᠦᠬᠦ ᠲᠠᠯ᠎ᠠ ᠪᠠᠷ᠂ ᠭᠦᠨ ᠡᠷᠴᠢᠮᠲᠡᠢ ᠣᠶᠢᠯᠠᠭᠠᠨ | ᠡᠵᠡᠮᠰᠢᠵᠦ᠂ ᠭᠦᠨ ᠡᠷᠴᠢᠮᠲᠡᠢ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠪᠠ ᠲᠥᠪ ᠴᠢᠩᠭ᠎ᠠ ᠨᠠᠮᠴᠢ ᠴᠢᠨᠠᠷ ᠤᠨ | ᠬᠥᠮᠥᠵᠢᠯ ᠢ ᠬᠦᠷᠲᠡᠪᠡ᠃ | ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠦᠵᠡᠯ | ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠳᠬᠡᠯ ᠥᠭᠬᠦ ᠳᠦᠷᠢᠮ︾ ᠢ ᠰᠤᠷᠤᠯᠴᠠᠨ ᠲᠤᠤᠱᠯᠠᠭᠤᠯᠬᠤ ᠳᠡᠭᠡᠷ᠎ᠡ ᠬᠦᠴᠦ ᠲᠠᠯᠪᠢᠵᠤ᠂ ᠶᠡᠷᠦᠩᠬᠡᠢ ᠱᠦᠵᠢ | ᠰᠢ ᠶᠢᠨ ᠫᠢᠩ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠡᠷᠴᠢᠮᠲᠡᠢ | ᠰᠤᠷᠤᠯᠴᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ ᠢ ᠣᠨᠣᠪᠴᠢᠲᠠᠶ ᠡᠵᠡᠮᠳᠡᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠡᠳᠦᠷ ᠲᠤᠲᠤᠮ ᠤᠨ | ᠦᠶᠯᠡ ᠠᠵᠢᠯᠯᠠᠭᠠᠨ ᠤ ᠪᠠᠷᠢᠮᠵᠢᠶ᠎ᠠ ᠪᠠ ᠶᠣᠰᠣ ᠮᠣᠷᠠᠯ ᠤᠨ ᠪᠠᠷᠢᠮᠵᠢᠶ᠎ᠠ ᠪᠣᠯᠭᠠᠵᠤ᠂ ᠪᠢᠰᠢᠷᠡᠨ ᠵᠢᠷᠦᠬᠡᠰᠢᠶᠡᠬᠦ ᠶᠢ | ᠮᠡᠳᠡᠵᠦ᠂ ᠰᠡᠷᠡᠮᠵᠢᠯᠡᠨ ᠰᠡᠷᠡᠮᠵᠢᠯᠡᠵᠦ᠂ ᠬᠤᠷᠢᠭ᠎ᠠ ᠱᠤᠭᠤᠮ ᠢ ᠰᠠᠬᠢᠬᠤ ᠶᠢ ᠤᠬᠠᠮᠰᠠᠷ ᠠᠴᠠ ᠪᠠᠨ ᠪᠡᠶᠡᠯᠡᠭᠦᠯᠬᠦ | ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠦᠵᠡᠭᠦᠯᠵᠦ᠂ | ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠵᠦ ᠪᠠᠶᠢᠭᠠᠳ ᠨᠠᠮ ᠤᠨ ᠵᠣᠬᠢᠶᠠᠨ | ᠪᠠᠶᠢᠭᠤᠯᠤᠯᠲᠠ ᠶᠢᠨ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠭᠤᠯᠬᠤ ᠬᠡᠷᠡᠭᠲᠡᠢ ᠭᠡᠯᠡ᠃ | ᠬᠤᠷᠠᠯ ᠠᠴᠠ᠂ ᠰᠠᠬᠢᠯᠭ᠎ᠠ ᠪᠠᠲᠤ ᠶᠢᠨ ᠤᠬᠠᠮᠰᠠᠷ ᠢ ᠪᠤᠢ ᠪᠣᠯᠭᠠᠵᠤ᠂ ᠨᠠᠮ ᠤᠨ ᠤᠯᠤᠰ ᠲᠦᠷᠦ ᠶᠢᠨ | ᠰᠠᠬᠢᠯᠭ᠎ᠠ ᠪᠠᠲᠤ ᠶᠢ ᠴᠢᠩᠳᠠᠯᠠᠬᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠬᠤ ᠶᠢ ᠨᠡᠩ | ᠲᠣᠪᠣᠶᠢᠮ᠎ᠠ ᠪᠠᠶᠢᠷᠢᠨ ᠳᠤ ᠲᠠᠯᠪᠢᠵᠤ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠤᠨᠢᠨ ᠳᠡᠭᠡᠷ᠎ᠡ ᠨᠢ | ᠬᠡᠷᠡᠭᠯᠡᠵᠦ᠂ ᠠᠵᠢᠯ ᠲᠦᠷᠦᠯ ᠤᠨ ᠴᠢᠨᠠᠷᠲᠠᠢ᠂ ᠰᠢᠰᠲ᠋ᠧᠮᠲᠦ ᠴᠢᠨᠠᠷᠲᠠᠢ ᠢᠯᠵᠢᠷᠡᠯ ᠤᠨ ᠠᠰᠠᠭᠤᠳᠠᠯ ᠢ ᠪᠦᠬᠦ | ᠬᠦᠴᠦᠨ ᠢᠶᠠᠷ ᠢᠶᠠᠨ ᠴᠡᠭᠴᠡᠯᠡᠨ ᠵᠠᠰᠠᠬᠤ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠪᠠᠨ ᠲᠠᠰᠤᠷᠠᠯᠲᠠ ᠦᠭᠡᠢ | ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠰᠤᠷᠲᠠᠯ ᠢ ᠦᠷᠭᠦᠯᠵᠢᠯᠡᠨ ᠰᠢᠯᠢᠳᠡᠭᠵᠢᠭᠦᠯᠵᠦ᠂ | ᠪᠦᠬᠦ ᠲᠠᠯ᠎ᠠ ᠶᠢᠨ ᠬᠠᠮᠢᠶᠠᠷᠤᠯᠲᠠ ᠪᠣᠯᠣᠨ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠯᠲᠠ ᠶᠢ ᠴᠢᠩᠭᠠᠳᠬᠠᠵᠤ᠂ ︽ | ᠭᠤᠷᠪᠠ ᠶᠢ ᠠᠳᠬᠤᠬᠤ ᠭᠤᠷᠪᠠ ᠶᠢ ᠠᠳᠠᠯᠢᠳᠬᠠᠬᠤ ᠭᠤᠷᠪᠠ ᠶᠢ ᠳᠡᠭᠡᠭᠰᠢᠯᠡᠭᠦᠯᠬᠦ︾ ᠪᠠᠷ ᠪᠣᠳᠠᠲᠠᠢ ᠭᠠᠷᠳᠠᠴᠠ | ᠪᠣᠯᠭᠠᠵᠤ᠂ ︽ᠲᠦᠷᠪᠡᠨ ᠰᠤᠷᠲᠠᠯ︾ ᠤᠨ ᠠᠷᠬᠠᠭ ᠭᠡᠮ ᠪᠣᠯᠣᠨ ︽ᠭᠤᠷᠪᠠᠨ ᠤᠯᠠᠨ ᠭᠤᠷᠪᠠᠨ ᠴᠥᠭᠡᠨ ᠭᠤᠷᠪᠠᠨ | ᠤᠳᠠᠭᠠᠨ︾ ᠤ ᠠᠰᠠᠭᠤᠳᠠᠯ ᠢ ᠵᠠᠯᠠᠷᠠᠭᠤᠯᠤᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠣᠪᠣᠶᠢᠮ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠰᠠᠶᠢᠨ ᠰᠠᠶᠢᠬᠠᠨ | ᠬᠡᠪ ᠰᠤᠷᠲᠠᠯ ᠤᠨ ᠢᠳᠡᠪᠬᠢᠲᠡᠢ ᠡᠭᠦᠳᠦᠭᠴᠢ ᠪᠠ ᠵᠢᠱᠢᠶᠡᠴᠢ ᠦᠢᠯᠡᠳᠦᠯᠭᠡᠵᠢᠭᠦᠯᠦᠭᠴᠢ ᠪᠣᠯᠬᠤ ᠶᠢ ᠬᠥᠲᠥᠯᠥᠨ | ᠵᠢᠯᠤᠭᠤᠳᠬᠤ ᠬᠡᠷᠡᠭᠲᠡᠢ ᠭᠡᠯᠡ᠃ | ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ︽ | ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠤᠨ ᠦᠢᠯᠡᠳᠦᠯ ᠢ ᠪᠠᠳᠠᠷᠠᠭᠤᠯᠵᠤ᠂ ᠮᠠᠯᠵᠢᠬᠤ | ᠲᠠᠷᠢᠶᠠᠯᠠᠬᠤ ᠣᠷᠣᠨ᠂ ᠬᠤᠳᠠ ᠪᠠᠯᠭᠠᠰᠤᠨ ᠤ ᠨᠡᠶᠢᠭᠡᠮ ᠲᠣᠭᠤᠷᠢᠭ ᠵᠡᠷᠭᠡ ᠦᠨᠳᠦᠰᠦᠨ ᠱᠠᠲᠤᠨ ᠤ ᠡᠮᠦᠨ᠎ᠡ | ᠹᠷᠣᠨᠲ ᠲᠤ ᠭᠦᠨᠵᠡᠭᠡᠶᠢᠷᠡᠵᠦ᠂ ᠡᠮ ᠡᠮᠨᠡᠯᠭᠡ᠂ ᠣᠷᠣᠨ ᠰᠠᠭᠤᠴᠠ᠂ ᠠᠵᠢᠯ ᠣᠯᠭᠤᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ | ᠂ ᠤᠶᠤᠨ ᠴᠢᠳᠠᠯ ᠢᠶᠠᠨ ᠲᠥᠪᠯᠡᠷᠡᠭᠦᠯᠦᠨ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ | ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠦᠭᠰᠡᠨ ᠠᠴᠠ ᠪᠣᠯᠤᠭᠰᠠᠨ ᠰᠢᠨ᠎ᠡ ᠬᠤᠪᠢᠷᠠᠯᠲᠠ ᠶᠢ ᠦᠨᠡᠨᠬᠦ ᠮᠡᠳᠡᠷᠡᠭᠦᠯᠬᠦ ᠬᠡᠷᠡᠭᠲᠡᠢ᠃ ᠬᠤᠶᠠᠷ ᠲᠠᠯ᠎ᠠ ᠶᠢ | ᠠᠳᠬᠤᠵᠤ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ︽ᠵᠢᠷᠭᠤᠭᠠᠨ | ᠭᠤᠷᠪᠠ︾ ᠶᠢᠨ ᠪᠣᠳᠠᠲᠠᠢ ᠠᠷᠭ᠎ᠠ ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠥᠬᠦ ᠬᠤᠰᠢᠭᠤᠨ ᠤ | ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠯᠡ᠃ |