ᠮᠡᠷᠭᠡᠵᠢᠯ ᠴᠢᠳᠠᠪᠤᠷᠢ ᠶᠢᠨ ᠰᠤᠷᠭᠠᠯᠲᠠ ᠶᠢᠨ ᠲᠠᠪᠴᠠᠩ ᠪᠠᠶᠢᠭᠤᠯᠵᠤ ᠣᠯᠠᠨ ᠲᠦᠮᠡᠨ ᠤ ᠠᠵᠢᠯ ᠣᠯᠭᠤᠯᠲᠠ ᠶᠢᠨ ᠣᠷᠣᠯᠭ᠎ᠠ ᠶᠢ ᠨᠡᠮᠡᠭᠳᠡᠭᠦᠯᠵᠦ ᠪᠣᠢ
ᠨᠡᠶᠢᠲᠡᠯᠡᠭᠰᠡᠨ ᠴᠠᠭ᠄
2024/5/6
      ᠠᠯᠠᠱᠠ ᠵᠡᠭᠦᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠴᠠᠬᠢᠮ ᠬᠤᠳᠠᠯᠳᠤᠭᠠᠨ ᠤ ᠮᠡᠷᠭᠡᠵᠢᠯᠲᠡᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢᠨ ᠬᠢᠴᠢᠶᠡᠯ ᠤᠨ ᠲᠠᠩᠬᠢᠮ ᠳᠤ᠂ ᠬᠢᠴᠢᠶᠡᠯᠯᠡᠬᠦ ᠪᠠᠭᠰᠢ ᠬᠡᠷᠡᠭ ᠤᠨ ᠵᠢᠱᠢᠶ᠎ᠡ ᠶᠢ ᠵᠠᠳᠠᠯᠬᠤ ᠪᠠ ᠲᠤᠬᠠᠢ ᠶᠢᠨ ᠲᠠᠯᠠᠪᠤᠷ ᠤᠨ ᠪᠣᠳᠠᠲᠠᠢ ᠪᠣᠯᠪᠠᠰᠤᠷᠠᠯ ᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ ᠣᠬᠤᠷ ᠸᠢᠳᠢᠤ᠋ ᠰᠡᠭᠦᠳᠡᠷᠯᠡᠬᠦ᠂ ᠰᠡᠭᠦᠯᠴᠢ ᠶᠢᠨ ᠬᠤᠭᠤᠴᠠᠭᠠᠨ ᠤ ᠨᠠᠶᠢᠷᠠᠭᠤᠯᠭ᠎ᠠ᠂ ᠪᠢᠴᠢᠭ ᠮᠠᠲ᠋ᠧᠷᠢᠶᠠᠯ ᠵᠣᠬᠢᠶᠠᠨ ᠪᠦᠲᠦᠭᠡᠬᠦ᠂ ᠰᠢᠭᠤᠳ ᠨᠠᠪᠲᠠᠷᠡᠭᠦᠯᠵᠦ ᠪᠠᠷᠠᠭ᠎ᠠ ᠠᠪᠴᠤ ᠶᠠᠪᠤᠬᠤ ᠵᠡᠷᠭᠡ ᠲᠠᠯ᠎ᠠ ᠶᠢᠨ ᠴᠠᠬᠢᠮ ᠬᠤᠳᠠᠯᠳᠤᠭᠠᠨ ᠤ ᠮᠡᠳᠡᠯᠭᠡ ᠶᠢᠨ ᠰᠤᠷᠭᠠᠯᠲᠠ ᠶᠢ ᠶᠠᠪᠤᠭᠳᠠᠭᠤᠯᠤᠭᠰᠠᠨ ᠪᠠᠶᠢᠨ᠎ᠠ᠃
      ᠡᠨᠡ ᠵᠢᠯ ᠠᠴᠠ ᠨᠠᠰᠢ᠂ ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠡᠶᠢᠲᠡ 4 ᠰᠤᠷᠭᠠᠯᠲᠠ ᠶᠢᠨ ᠪᠠᠶᠢᠭᠤᠯᠤᠮᠵᠢ ᠲᠠᠢ ᠬᠠᠮᠲᠤᠷᠠᠨ᠂ ᠰᠦᠢᠳᠬᠡᠯ ᠥᠯᠥ ᠬᠤᠷᠢᠶᠠᠬᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢᠨ ᠠᠩᠭᠢ ᠶᠢ 3 ᠬᠤᠭᠤᠴᠠᠭ᠎ᠠ 123 ᠬᠥᠮᠥᠨ ᠤᠳᠠᠭ᠎ᠠ ᠥᠷᠨᠢᠭᠦᠯᠵᠦ᠂ ᠠᠳᠠᠯ ᠦᠢᠯᠡᠰ ᠴᠣᠭᠴᠠᠯᠠᠬᠤ ᠰᠤᠷᠭᠠᠯᠲᠠ ᠶᠢᠨ ᠠᠩᠭᠢ ᠶᠢ 1 ᠬᠤᠭᠤᠴᠠᠭ᠎ᠠ 22 ᠬᠥᠮᠥᠨ ᠤᠳᠠᠭ᠎ᠠ ᠥᠷᠨᠢᠭᠦᠯᠵᠦ᠂ ᠭᠤᠣᠯᠳᠠᠭᠤ ᠴᠠᠬᠢᠮ ᠬᠤᠳᠠᠯᠳᠤᠭᠠᠨ ᠤ ᠮᠡᠷᠭᠡᠵᠢᠯᠲᠡᠨ᠂ ᠺᠣᠮᠫᠢᠦ᠋ᠲ᠋ᠧᠷ ᠤᠨ ᠠᠵᠢᠯᠯᠠᠭᠴᠢ ᠶᠢᠨ ᠲᠤᠰᠬᠠᠢ ᠮᠡᠷᠭᠡᠵᠢᠯ ᠢᠶᠠᠷ ᠭᠤᠣᠯᠯᠠᠭᠤᠯᠤᠨ᠂ ᠲᠠᠷᠠᠭᠠᠴᠢ ᠶᠢᠨ ᠲᠥᠯᠥᠪᠯᠡᠭᠡ ᠪᠠᠷ ᠣᠨᠴᠠᠯᠢᠭᠲᠤ ᠳᠠᠷᠢᠵᠤ ᠲᠡᠵᠢᠭᠡᠨ ᠦᠷᠡᠵᠢᠭᠦᠯᠬᠦ ᠂ ᠭᠠᠷ ᠢᠶᠠᠷ ᠨᠡᠬᠡᠬᠦ᠂ ᠡᠬᠡ ᠨᠢᠯᠬᠠᠰ ᠤᠨ ᠰᠤᠪᠢᠯᠠᠯᠲᠠ᠂ ᠠᠰᠠᠷᠠᠭᠴᠢ ᠵᠡᠷᠭᠡ ᠭᠡᠷ ᠪᠦᠯᠢ ᠶᠢᠨ ᠦᠢᠯᠡᠴᠢᠯᠡᠭᠡᠨ ᠤ ᠲᠥᠷᠥᠯ ᠤᠨ ᠲᠤᠰᠬᠠᠢ ᠮᠡᠷᠭᠡᠵᠢᠯ ᠢ ᠥᠷᠨᠢᠭᠦᠯᠦᠨ᠎ᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号