2024 ᠣᠨ ᠤ ᠬᠠᠪᠤᠷ ᠤᠨ ᠤᠯᠠᠷᠢᠯ ᠤᠨ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ
ᠨᠡᠶᠢᠲᠡᠯᠡᠭᠰᠡᠨ ᠴᠠᠭ᠄
2024/5/6
        4 ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ 2024 ᠣᠨ ᠤ ᠬᠠᠪᠤᠷ ᠤᠨ ᠤᠯᠠᠷᠢᠯ ᠤᠨ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ ᠠᠯᠠᠱᠠ ᠶᠢᠨ ᠡᠯᠡᠰᠦᠨ ᠴᠥᠯ ᠤᠨ ᠬᠠᠴᠢᠨ ᠴᠢᠯᠠᠭᠤᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠡᠬᠢᠯᠡᠪᠡ᠃ ᠰᠢᠩᠭᠠᠫᠤᠷ᠂ ᠰᠢᠨᠵᠢᠶᠠᠩ᠂ ᠶᠦᠨᠨᠠᠨ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠤᠯᠠᠨ ᠭᠠᠵᠠᠷ ᠣᠷᠣᠨ ᠤ ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠨ᠂ ᠬᠤᠷᠢᠶᠠᠨ ᠬᠠᠳᠠᠭᠠᠯᠠᠭᠴᠢ᠂ ᠬᠠᠰ ᠴᠢᠯᠠᠭᠤᠨ ᠳᠤ ᠪᠠᠭ᠋ᠠᠲᠠᠢ ᠬᠥᠮᠥᠰ ᠣᠷᠣᠯᠴᠠᠵᠠᠢ᠃
      ᠡᠨᠡ ᠵᠢᠯ ᠤᠨ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ 5 ᠰᠠᠷ᠎ᠠ ᠶᠢᠨ 10᠎ ᠤ ᠡᠳᠦᠷ ᠪᠣᠯᠲᠠᠯ᠎ᠠ ᠦᠷᠭᠦᠯᠵᠢᠯᠡᠨ᠎ᠡ᠂ ᠡᠨᠡ ᠬᠤᠭᠤᠴᠠᠭᠠᠨ ᠳᠤ ᠰᠤᠪᠤᠳ ᠡᠷᠳᠡᠨᠢ ᠬᠠᠰ ᠰᠡᠶᠢᠯᠦᠮᠡᠯ ᠤᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠤᠷᠢᠵᠤ ᠠᠷᠪᠠᠨ ᠭᠤᠷᠪᠠᠳᠤᠭᠠᠷ ᠬᠤᠭᠤᠴᠠᠭᠠᠨ ᠤ ᠰᠢᠯᠭᠠᠷᠠᠭᠤᠯᠤᠯᠲᠠ ᠪᠠ ᠰᠣᠩᠭᠤᠯᠲᠠ ᠶᠢ ᠥᠷᠨᠢᠭᠦᠯᠦᠨ᠎ᠡ᠃       ᠠᠯᠠᠱᠠ ᠵᠡᠭᠦᠨ ᠬᠤᠰᠢᠭᠤ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠪᠡᠯᠡ ᠮᠥᠩᠭᠦ ᠪᠠᠷ ᠳᠡᠮᠵᠢᠬᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠡᠮᠵᠢᠨ᠂ ᠠᠯᠠᠱᠠ ᠶᠢᠨ ᠬᠠᠰ᠂ ᠦᠵᠡᠮᠦᠷᠢ ᠶᠢᠨ ᠴᠢᠯᠠᠭᠤᠨ ᠤ ᠠᠵᠤ ᠦᠢᠯᠡᠰ ᠤᠨ ᠬᠡᠪᠴᠢᠶ᠎ᠡ ᠪᠠᠨ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠣᠲᠣ ᠨᠢᠭᠡᠨᠲᠡ ᠮᠠᠨ ᠤ ᠤᠯᠤᠰ ᠤᠨ ᠤᠮᠠᠷᠠᠲᠤ ᠶᠢᠨ ᠬᠠᠮᠤᠭ ᠤᠨ ᠲᠣᠮᠣ ᠬᠠᠴᠢᠨ ᠴᠢᠯᠠᠭᠤ ᠶᠢ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠤᠭᠰᠠᠨ ᠪᠠᠶᠢᠨ᠎ᠠ᠃ ᠣᠳᠣᠬᠠᠨ ᠳᠤ᠂ ᠠᠯᠠᠱᠠ ᠵᠡᠭᠦᠨ ᠬᠤᠰᠢᠭᠤᠨ ᠤ ᠡᠷᠳᠡᠨᠢ ᠶᠢᠨ ᠬᠠᠰ ᠤᠨ ᠡᠵᠡᠩᠨᠡᠯᠲᠡ ᠶᠢᠨ ᠬᠤᠳᠠᠯᠳᠤᠭᠠᠴᠢᠨ ᠨᠡᠶᠢᠲᠡ 1800 ᠭᠠᠷᠤᠢ ᠡᠷᠦᠬᠡ ᠪᠠᠶᠢᠵᠤ᠂ ᠭᠤᠷᠪᠠᠨ ᠲᠦᠮᠡ ᠰᠢᠬᠠᠮ ᠠᠵᠢᠯᠲᠠᠨ ᠴᠤᠭᠯᠠᠭᠤᠯᠬᠤ᠂ ᠰᠡᠶᠢᠯᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ᠂ ᠡᠯ᠎ᠡ ᠬᠠᠮᠢᠶ᠎ᠠ ᠪᠦᠬᠦᠢ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠦᠭᠰᠡᠨ ᠢᠵᠢ ᠪᠦᠷᠢᠳᠦᠭᠰᠡᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠶᠢ ᠲᠦᠯᠬᠢᠨ ᠠᠬᠢᠭᠤᠯᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号