ᠪᠠᠢ ᠬᠠᠢ ᠯᠢᠨ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/6
        ᠲᠦᠷᠦᠭᠦᠬᠡᠨ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠳᠤ ᠭᠦᠨᠵᠡᠭᠡᠶᠢᠷᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠰᠤ ᠠᠷᠪᠢᠯᠠᠵᠤ ᠤᠰᠤᠯᠠᠬᠤ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠠᠵᠢᠯ ᠢ ᠪᠠᠶᠢᠴᠠᠭᠠᠨ ᠰᠤᠳᠤᠯᠪᠠ᠃
      ᠪᠠᠷᠠᠭᠤᠨ ᠪᠡᠯ ᠪᠠᠯᠭᠠᠰᠤᠨ ᠤ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠳᠤ᠂ ᠪᠠᠢ ᠬᠠᠢ ᠯᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠦᠷᠦᠯ ᠵᠦᠢᠯ᠂ ᠦᠨ᠎ᠡ ᠬᠠᠩᠰᠢ᠂ ᠬᠠᠩᠭᠠᠯᠭ᠎ᠠ ᠶᠢ ᠪᠠᠲᠤᠯᠠᠬᠤ ᠵᠢᠴᠢ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠪᠠᠢ ᠬᠠᠢ ᠯᠢᠨ ᠠᠴᠠ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠪᠣᠯ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠴᠢᠬᠤᠯᠠ ᠪᠠᠲᠤᠯᠠᠭ᠎ᠠ ᠮᠥᠨ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠯᠠᠩ ᠤᠨ ᠮᠠᠰᠢᠨ ᠵᠡᠷᠭᠡ ᠡᠳ᠋ ᠪᠣᠳᠠᠰ ᠢ ᠨᠥᠭᠡᠴᠡᠯᠡᠵᠦ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠯᠭ᠎ᠠ ᠶᠢ ᠴᠢᠩᠭᠠᠳᠬᠠᠨ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃       ᠬᠤᠤ ᠽᠧ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠨᠡᠭᠡᠭᠡᠨ ᠬᠥᠭᠵᠢᠭᠦᠯᠦᠯᠲᠡ ᠶᠢᠨ ᠺᠣᠮᠫᠠᠨᠢ ᠳᠤ ᠂ ᠦᠵᠦᠮ ᠲᠠᠷᠢᠶᠠᠯᠠᠩ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠳᠤ᠂ ᠪᠠᠢ ᠬᠠᠢ ᠯᠢᠨ ᠠᠵᠤ ᠠᠬᠤᠶᠢᠯᠠᠯ ᠤᠨ ᠬᠥᠭᠵᠢᠯᠲᠡ ᠶᠢᠨ ᠬᠡᠪᠴᠢᠶ᠎ᠡ᠂ ᠦᠢᠯᠡᠳᠪᠦᠷᠢᠯᠡᠯ ᠪᠣᠷᠤᠯᠠᠭᠤᠯᠭ᠎ᠠ᠂ ᠠᠵᠤ ᠠᠬᠤᠢ ᠶᠢᠨ ᠦᠷ᠎ᠡ ᠠᠰᠢᠭ ᠵᠡᠷᠭᠡ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠠᠯᠠᠱᠠ ᠵᠡᠭᠦᠨ ᠬᠤᠰᠢᠭᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠬᠥᠲᠥᠯᠥᠮᠵᠢ ᠪᠣᠯᠭᠠᠵᠤ᠂ ᠣᠨᠴᠠᠯᠢᠭᠲᠤ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠲᠦᠷᠭᠡᠨ ᠬᠥᠭᠵᠢᠭᠦᠯᠵᠦ᠂ ᠦᠷᠭᠦᠯᠵᠢᠯᠡᠨ ᠶᠡᠭᠡ ᠬᠡᠪᠴᠢᠶ᠎ᠡ ᠲᠠᠢ᠂ ᠰᠢᠯᠢᠳᠡᠭ ᠪᠦᠲᠦᠭᠡᠭᠳᠡᠬᠦᠨ᠂ ᠨᠡᠷᠡᠳᠦ ᠲᠦᠷᠦᠯ ᠲᠡᠮᠳᠡᠭ ᠢ ᠡᠭᠦᠳᠴᠦ᠂ ᠨᠡᠩ ᠤᠯᠠᠨ ᠮᠠᠯᠴᠢᠨ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠱᠠᠭᠠᠷᠳᠠᠵᠠᠢ᠃       ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠲᠤ᠂ ᠪᠠᠢ ᠬᠠᠢ ᠯᠢᠨ᠂ ᠠᠯᠠᠱᠠ ᠶᠢᠨ ᠤᠰᠤᠨ ᠤ ᠡᠬᠢ ᠪᠠᠶᠠᠯᠢᠭ ᠮᠠᠰᠢ ᠳᠤᠲᠠᠭᠳᠠᠵᠤ᠂ ︽ᠤᠰᠤᠨ ᠤ ᠲᠠᠩᠰᠠ︾᠎ ᠶᠢ ᠨᠠᠷᠢᠨ ᠨᠢᠭᠲᠠ ᠪᠤᠳᠤᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠬᠠᠲᠠᠭᠤ ᠬᠤᠷᠢᠭ᠎ᠠ ᠬᠢᠵᠠᠭᠠᠷᠯᠠᠯ ᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠰᠤ ᠠᠷᠪᠢᠯᠠᠵᠤ ᠤᠰᠤᠯᠠᠬᠤ ᠮᠡᠷᠭᠡᠵᠢᠯ ᠢ ᠢᠳᠡᠪᠬᠢᠲᠡᠢ ᠳᠡᠯᠭᠡᠷᠡᠭᠦᠯᠵᠦ᠂ ᠤᠰᠤ ᠠᠷᠪᠢᠯᠠᠬᠤ ᠳᠦᠷᠢᠮ ᠤᠨ ᠲᠣᠭᠲᠠᠴᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠵᠤ ᠪᠠᠲᠤᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠡᠢ᠃       ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠠᠯᠠᠱᠠ ᠶᠢᠨ ᠰᠢᠭᠤᠳ ᠬᠠᠷᠢᠶ᠎ᠠ ᠬᠥᠮᠥᠷᠭᠡ ᠳᠤ᠂ ᠪᠠᠢ ᠬᠠᠢ ᠯᠢᠨ ᠠᠮᠤ ᠪᠤᠳᠠᠭ᠎ᠠ ᠶᠢ ᠬᠠᠳᠠᠭᠠᠯᠠᠬᠤ ᠵᠢᠴᠢ ᠬᠥᠮᠥᠷᠭᠡ ᠠᠴᠠ ᠭᠠᠷᠭᠠᠬᠤ ᠶᠠᠪᠤᠴᠠ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠪᠠᠢ ᠬᠠᠢ ᠯᠢᠨ ᠠᠴᠠ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠤ ᠪᠤᠳᠠᠭᠠᠨ ᠤ ᠬᠥᠮᠥᠷᠭᠡᠯᠡᠯᠲᠡ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠥᠭᠡᠴᠡ ᠠᠮᠤ ᠪᠤᠳᠠᠭᠠᠨ ᠤ ᠲᠤᠭ᠎ᠠ ᠬᠡᠮᠵᠢᠶ᠎ᠡ ᠦᠨᠡᠨ ᠪᠣᠳᠠᠲᠠᠢ᠂ ᠶᠠᠰᠤ ᠴᠢᠨᠠᠷ ᠰᠠᠶᠢᠨ᠂ ᠬᠠᠳᠠᠭᠠᠯᠠᠯᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号