ᠪᠠᠢ ᠬᠠᠢ ᠯᠢᠨ ᠠᠯᠠᠱᠨ ᠠᠭᠤᠯᠠ ᠶᠢᠨ ᠱᠤᠭᠤᠮ ᠳᠠᠭᠠᠤ ᠣᠷᠣᠨ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/6
        ᠲᠦᠷᠦᠭᠦᠬᠡᠨ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠠᠯᠠᠱᠠ ᠠᠭᠤᠯᠠ ᠳᠠᠭᠠᠤ ᠶᠢᠨ ᠭᠠᠵᠠᠷ ᠣᠷᠣᠨ ᠢᠶᠠᠷ ᠭᠦᠨᠵᠡᠭᠡᠶᠢᠷᠡᠨ᠂ ᠨᠡᠭᠦᠷᠡᠰᠦᠨ ᠤ ᠪᠤᠰᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠪᠠ᠃
      ᠰᠢᠨ ᠶᠢᠨ ᠶᠤᠸᠠᠨ ᠠᠭᠤᠷᠬᠠᠢ ᠶᠢᠨ ᠭᠠᠷᠤᠯᠲᠠ ᠶᠢᠨ ᠺᠣᠮᠫᠠᠨᠢ ᠪᠣᠯᠣᠨ ᠴᠠᠩ ᠹᠠᠨ ᠥᠬᠡᠭᠦᠨ ᠴᠢᠯᠠᠭᠤᠲᠤ ᠡᠯᠡᠰᠦᠨ ᠤ ᠺᠣᠮᠫᠠᠨᠢ ᠳᠤ᠂ ᠪᠠᠢ ᠬᠠᠢ ᠯᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ᠂ ᠦᠢᠯᠡᠳᠪᠦᠷᠢᠯᠡᠯ ᠤᠨ ᠲᠠᠰᠤᠭ ᠲᠤ ᠬᠦᠷᠴᠦ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠠᠵᠤ ᠠᠬᠤᠶᠢᠯᠠᠯ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠠᠵᠢᠯᠯᠠᠭᠠᠨ ᠤ ᠬᠠᠮᠢᠶᠠᠷᠤᠯᠲᠠ ᠪᠣᠯᠣᠨ ᠲᠤᠨᠤᠭ ᠲᠥᠬᠦᠭᠡᠷᠦᠮᠵᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠴᠢᠩᠭᠠᠳᠬᠠᠵᠤ᠂ ᠪᠣᠬᠢᠷᠲᠤᠯ ᠦᠭᠡᠢ ᠠᠭᠤᠷᠬᠠᠢ ᠶᠢ ᠲᠦᠷᠭᠡᠨ ᠪᠠᠶᠢᠭᠤᠯᠵᠤ᠂ ᠡᠬᠢ ᠪᠠᠶᠠᠯᠢᠭ ᠢ ᠥᠨᠳᠥᠷ ᠲᠦᠪᠰᠢᠨ ᠢᠶᠠᠷ ᠠᠰᠢᠭᠯᠠᠬᠤ ᠪᠠ ᠠᠭᠤᠷᠬᠠᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤ᠋ ᠺᠧ ᠬᠡᠭᠡᠷ᠎ᠡ ᠶᠢᠨ ᠲᠠᠮᠢᠷ ᠤᠨ ᠬᠥᠳᠡᠯᠭᠡᠭᠡᠨ ᠤ ᠴᠡᠴᠡᠷᠯᠢᠭ ᠲᠤ ᠢᠷᠡᠵᠤ᠂ ᠪᠠᠢ ᠬᠠᠢ ᠯᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠡᠷᠴᠢᠮᠲᠡᠢ ᠰᠣᠯᠢᠯᠴᠠᠵᠤ᠂ ᠴᠡᠴᠡᠷᠯᠢᠭ ᠤᠨ ᠡᠵᠡᠩᠨᠡᠯᠲᠡ᠂ ᠰᠣᠶᠣᠯ ᠵᠢᠭᠤᠯᠴᠢᠯᠠᠯ ᠤᠨ ᠠᠭᠤᠰᠤᠯᠴᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠪᠣᠯᠣᠨ ᠠᠰᠠᠭᠤᠳᠠᠯ ᠢ ᠨᠢ ᠰᠢᠢᠳᠪᠦᠷᠢᠯᠡᠵᠦ᠂ ᠬᠡᠭᠡᠷᠡᠯᠡᠭᠴᠢ ᠴᠡᠴᠡᠷᠯᠢᠭ ᠤᠨ ᠰᠠᠭᠤᠷᠢ ᠲᠥᠬᠦᠭᠡᠷᠦᠮᠵᠢ ᠪᠣᠯᠣᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠬᠦ ᠳᠤ ᠬᠦᠴᠦ ᠨᠡᠮᠡᠷᠢᠯᠡᠵᠦ᠂ ᠪᠦᠬᠦ ᠠᠶᠢᠮᠠᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠭᠡ ᠲᠠᠯ᠎ᠠ ᠳᠤ ᠲᠦᠷᠭᠡᠨ ᠠᠭᠤᠰᠤᠯᠴᠠᠵᠤ᠂ ᠰᠣᠳᠣᠨ ᠵᠠᠮ ᠱᠤᠭᠤᠮ ᠤᠨ ᠰᠢᠨ᠎ᠡ ᠶᠢ ᠡᠭᠦᠳᠴᠦ᠂ ᠲᠠᠪᠴᠠᠩ ᠤᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠵᠤᠭᠠᠴᠠᠭᠰᠠᠳ ᠤᠨ ᠣᠶᠢᠯᠠᠭᠠᠯᠲᠠ ᠶᠢ ᠨᠡᠮᠡᠭᠳᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠳᠡᠭᠡᠳᠦ ᠲᠡᠰ ᠤᠨ᠂ ᠵᠦᠷᠢᠶᠡᠴᠢᠯᠡᠭᠰᠡᠨ᠂ ᠤᠨᠴᠠᠯᠢᠬᠵᠢᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠮᠢᠩ ᠤᠯᠤᠰ ᠤᠨ ᠤᠷᠳᠤ ᠴᠠᠭᠠᠨ ᠬᠡᠷᠡᠮ ᠤᠨ ᠠᠯᠠᠱᠠ ᠶᠢᠨ ᠬᠡᠰᠡᠭ ᠲᠤ᠂ ᠪᠠᠢ ᠬᠠᠢ ᠯᠢᠨ ᠲᠤᠬᠠᠢ ᠶᠢᠨ ᠲᠠᠯᠠᠪᠠᠢ ᠳᠤ ᠮᠢᠩ ᠤᠯᠤᠰ ᠤᠨ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠲᠤᠰᠬᠠᠢ ᠵᠠᠷᠤᠳᠠᠯ ᠢ ᠢᠳᠡᠪᠬᠢᠲᠡᠢ ᠣᠯᠬᠤ ᠪᠠᠷ ᠴᠢᠷᠮᠠᠶᠢᠵᠤ᠂ ᠡᠳᠦᠷ ᠲᠤᠳᠤᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠵᠦᠢᠯ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠦᠨᠡᠨᠬᠦ ᠰᠠᠶᠢᠲᠤᠷ ᠬᠠᠮᠠᠭᠠᠯᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠠᠰᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠲᠠᠪᠤᠳᠤᠭᠠᠷ ᠲᠣᠪᠴᠢᠶ᠎ᠠ ᠶᠢᠨ ᠪᠠᠶᠠᠨᠬᠤᠲᠠ ᠠᠴᠠ ᠢᠷᠭᠠᠢ ᠬᠦᠷᠬᠦ ᠬᠤᠷᠳᠤᠨ ᠤ ᠲᠡᠮᠦᠷ ᠵᠠᠮ ᠤᠨ ᠠᠯᠠᠱᠠ ᠠᠭᠤᠯᠠ ᠶᠢᠨ ᠨᠦᠬᠡᠨ ᠵᠠᠮ ᠤᠨ ᠭᠠᠷᠬᠤ ᠡᠭᠦᠳᠡ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠢ ᠬᠠᠢ ᠯᠢᠨ ᠲᠦᠷᠦᠯ ᠵᠦᠢᠯ ᠤᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠣᠨ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠬᠢᠨᠠᠮᠠᠭᠠᠢ ᠣᠶᠢᠯᠠᠭᠠᠬᠤ ᠶᠢᠨ ᠬᠠᠮᠲᠤ ᠨᠢᠭᠡᠳᠦᠭᠡᠷ ᠹᠷᠣᠨᠲ ᠤᠨ ᠪᠦᠲᠦᠭᠡᠨ ᠪᠠᠶᠢᠭᠤᠯᠤᠯᠲᠠ ᠶᠢᠨ ᠬᠥᠮᠥᠰ ᠢ ᠲᠣᠬᠤᠨᠢᠭᠤᠯᠵᠠᠢ᠃ ᠲᠡᠷᠡ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠠᠬᠢᠴᠠ ᠶᠢᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠡᠷᠭᠡ ᠨᠡᠪᠲᠡᠷᠡᠬᠦ ᠶᠢ ᠡᠷᠲᠡᠬᠡᠨ ᠪᠡᠶᠡᠯᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号