ᠪᠠᠶ ᠬᠠᠶ ᠯᠢᠨ ᠠᠯᠠᠱᠠ ᠠᠭᠤᠯᠠ ᠶᠢᠨ ᠠᠭᠤᠷᠬᠠᠶ ᠶᠢᠨ ᠠᠮᠤᠷ ᠲᠦᠪᠰᠢᠨ ᠪᠠ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/5/6
        4 ᠰᠠᠷ᠎ᠠ ᠶᠢᠨ 22᠎ ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠠᠭᠤᠯᠠ ᠶᠢᠨ ᠠᠭᠤᠷᠬᠠᠶ ᠶᠢᠨ ᠠᠮᠤᠷ ᠲᠦᠪᠰᠢᠨ ᠪᠠ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃
      ᠪᠠᠢ ᠬᠠᠢ ᠯᠢᠨ ᠤᠷᠢᠳ ᠬᠤᠵᠢᠳ ᠲᠠᠶᠢᠰᠢ ᠶᠢᠨ ᠡᠯ ᠳ᠋ᠤᠤ ᠯᠢᠩ ᠨᠡᠭᠦᠷᠡᠰᠦᠨ ᠠᠭᠤᠷᠬᠠᠢ᠂ ᠬᠤᠩ ᠯᠢ ᠳ᠋ᠡ ᠯᠢᠩ ᠨᠡᠭᠦᠷᠡᠰᠦᠨ ᠠᠭᠤᠷᠬᠠᠢ᠂ ᠼᠠᠨᠲᠤᠯᠠ ᠨᠡᠭᠦᠷᠡᠰᠦᠨ ᠠᠭᠤᠷᠬᠠᠢ᠂ ᠤᠯᠠᠭᠠᠨ ᠨᠡᠭᠦᠷᠡᠰᠦᠨ ᠠᠭᠤᠷᠬᠠᠢ᠂ ᠴᠢᠩ ᠬᠤᠸᠠ ᠪᠠᠢ ᠯᠢᠩ ᠨᠡᠭᠦᠷᠡᠰᠦᠨ ᠠᠭᠤᠷᠬᠠᠢ ᠪᠣᠯᠤᠨ ᠯᠠᠨ ᠲᠠᠢ ᠪᠠᠶᠠᠨ ᠨᠡᠭᠦᠷᠡᠰᠦᠨ ᠠᠭᠤᠷᠬᠠᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠪᠣᠯᠤᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠱᠠᠯᠠᠪᠳᠠᠭᠤᠯᠤᠨ ᠵᠢᠯᠣᠭᠤᠳᠴᠤ ᠣᠶᠢᠯᠠᠭᠠᠪᠠ᠃ ᠪᠠᠢ ᠬᠠᠢ ᠯᠢᠨ ᠠᠴᠠ᠂ ︽ᠭᠡᠮ ᠲᠠᠢ︾ ᠦᠢᠯᠡᠳᠪᠦᠷᠢᠯᠡᠯ ᠢ ᠡᠷᠡᠰ ᠰᠡᠷᠭᠡᠶᠢᠯᠡᠵᠦ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠤᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ︔ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠢᠯᠠᠩᠭᠤᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠬᠠᠷᠢᠭᠤ ᠰᠤᠷᠪᠤᠯᠵᠢᠯᠠᠵᠤ ᠪᠠᠶᠢᠴᠠᠭᠠᠨ ᠰᠤᠳᠤᠯᠤᠭᠰᠠᠨ ᠮᠡᠳᠡᠭᠦᠯᠦᠯᠲᠡ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠨ ᠪᠣᠳᠠᠲᠠᠶ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠦᠨᠵᠡᠭᠡᠶ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃       ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠳᠤ᠂ ᠪᠠᠢ ᠬᠠᠢ ᠯᠢᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠡᠷᠴᠢᠮᠲᠡᠢ ᠥᠷᠨᠢᠭᠦᠯᠵᠦ᠂ ᠠᠭᠤᠷᠬᠠᠢ ᠶᠢᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠪᠣᠯᠤᠨ ᠠᠰᠠᠭᠤᠳᠠᠯ ᠤᠨ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ︔ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠᠨ ᠴᠢᠩᠭᠠᠳᠬᠠᠵᠤ᠂ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠦᠢᠯᠡᠳᠪᠦᠷᠢᠯᠡᠯ ᠢᠶᠠᠨ ᠰᠡᠷᠭᠦᠭᠡᠵᠦ᠂ ᠬᠦᠨᠳᠦ ᠶᠡᠭᠡ ᠠᠮᠤᠷ ᠲᠦᠪᠰᠢᠨ ᠤ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠢ ᠵᠣᠭᠰᠣᠭᠠᠬᠤ ᠶᠣᠰᠣᠲᠠᠢ ᠶᠢ ᠨᠢ ᠵᠣᠭᠰᠣᠭᠠᠵᠤ᠂ ᠬᠠᠤᠯᠢ ᠲᠣᠭᠲᠠᠭᠠᠯ ᠠᠴᠠ ᠵᠥᠷᠢᠴᠡᠨ ᠨᠡᠭᠡᠭᠡᠨ ᠮᠠᠯᠲᠠᠬᠤ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ︔ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠪᠣᠬᠢᠷᠲᠤᠯ ᠦᠭᠡᠢ ᠠᠭᠤᠷᠬᠠᠢ ᠶᠢᠨ ᠦᠷᠭᠦᠯᠵᠢᠯᠡᠨ ᠬᠥᠭᠵᠢᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠦᠷ᠎ᠡ ᠪᠦᠲᠦᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠪᠤᠴᠠᠬᠤ ᠵᠠᠮ ᠳᠠᠭᠠᠨ᠂ ᠪᠠᠶ ᠬᠠᠶ ᠯᠢᠨ ᠪᠠᠰᠠ ᠠᠯᠠᠱᠠ ᠠᠭᠤᠯᠠ ᠶᠢᠨ ᠬᠠᠮᠠᠭᠠᠯᠠᠯᠲᠠ ᠶᠢᠨ ᠣᠷᠣᠨ ᠢᠶᠠᠷ ᠬᠦᠷᠴᠦ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号