ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/5/7
            ᠠᠯᠠᠱᠠ ᠵᠡᠭᠦᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠬᠢᠭᠤᠯᠬᠤ ᠶᠢ ᠪᠠᠲᠤᠯᠠᠵᠤ᠂ ᠢᠲᠡᠭᠡᠮᠵᠢ ᠶᠢᠨ ᠠᠯᠠᠱᠠ ᠵᠡᠭᠦᠨ ᠬᠤᠰᠢᠭᠤ ᠶᠢ ᠪᠥᠬᠦ ᠬᠦᠴᠦᠨ ᠢᠶᠠᠷ ᠢᠶᠠᠨ ᠴᠣᠭᠴᠠᠯᠠᠪᠠ᠃       ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠦᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠪᠠ       ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠠᠵᠢᠯ ᠢ ᠥᠷᠨᠢᠭᠦᠯᠪᠡ᠃ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠪᠠ ᠭᠤᠣᠯᠴᠢ ᠪᠠᠷ ᠥᠷᠢᠰᠥᠯᠳᠦᠬᠦ ᠶᠢᠨ ᠤᠷᠢᠳᠠᠴᠢ ᠬᠢᠨᠠᠨ ᠪᠠᠶᠢᠴᠠᠭᠠᠯᠲᠠ ᠶᠢ ᠴᠢᠩᠭᠠᠳᠬᠠᠪᠠ᠃ 2024 ᠣᠨ ᠠᠴᠠ ᠨᠠᠰᠢ᠂ ᠵᠠᠰᠠᠭ ᠤᠨ ᠣᠷᠳᠣᠨ ᠤ ᠵᠢᠭᠠᠪᠤᠷᠢ ᠠᠪᠬᠤ ᠲᠦᠷᠦᠯ ᠤᠨ ᠪᠢᠴᠢᠭ ᠮᠠᠲ᠋ᠧᠷᠢᠶᠠᠯ ᠢ 23 ᠬᠤᠪᠢ ᠬᠢᠨᠠᠨ ᠪᠠᠶᠢᠴᠠᠭᠠᠵᠤ᠂ ᠵᠠᠰᠠᠭ ᠤᠨ ᠣᠷᠳᠣᠨ ᠤ ᠭᠡᠷ᠎ᠡ ᠶᠢᠨ ᠬᠡᠯᠡᠯᠴᠡᠭᠡᠷ ᠢ 6 ᠬᠤᠪᠢ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ 1 ᠬᠤᠪᠢ ᠬᠢᠨᠠᠨ ᠪᠠᠶᠢᠴᠠᠭᠠᠪᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ ᠲᠢᠭᠯᠡᠬᠦ ᠪᠠ ᠲᠤᠰᠬᠠᠶᠢᠯᠠᠨ ᠢᠯᠭᠠᠷᠠᠭᠤᠯᠤᠨ ᠲᠢᠭᠯᠡᠬᠦ ᠠᠵᠢᠯ ᠢ ᠪᠡᠶᠡᠯᠡᠭᠦᠯᠪᠡ᠃ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ᠃ ᠪᠥᠬᠦ ᠬᠤᠰᠢᠭᠤᠨ ᠤ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠨᠡᠶᠢᠳᠡᠮ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠪᠠᠶᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠶᠠᠪᠤᠴᠠ ᠳᠤ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠰᠠᠨᠠᠯ ᠢ ᠰᠣᠨᠣᠰᠴᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠰᠢᠢᠳᠪᠦᠷᠢᠲᠦ ᠪᠣᠳᠣᠯᠭ᠎ᠠ᠂ ᠬᠡᠷᠡᠭᠵᠢᠭᠦᠯᠬᠦ᠂ ᠬᠢᠨᠠᠯᠲᠠ ᠲᠠᠯᠪᠢᠬᠤ᠂ ᠦᠢᠯᠡᠴᠢᠯᠡᠬᠦ ᠪᠥᠬᠦ ᠶᠠᠪᠤᠴᠠ ᠳᠤ ᠲᠤᠤᠱᠯᠠᠭᠤᠯᠪᠠ᠃        ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠢᠭᠤᠯᠤᠯᠲᠠ ᠶᠢ ᠲᠦᠯᠬᠢᠨ ᠠᠬᠢᠭᠤᠯᠪᠠ       ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠬᠤ ᠶᠢ ᠪᠠᠷᠢᠮᠲᠠᠯᠠᠵᠤ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ︾᠎ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠭᠤᠤᠯᠳᠠᠯᠭ᠎ᠠ ᠲᠠᠢ ᠬᠠᠤᠯᠢ ᠬᠡᠷᠡᠭᠵᠢᠭᠦᠯᠬᠦ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠣᠯᠠᠨ ᠤ ᠲᠤᠰᠬᠠᠯ ᠶᠡᠬᠡᠲᠡᠶ ᠬᠥᠳᠡᠯᠭᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠬᠦ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾ ᠬᠠᠤᠯᠢ ᠬᠡᠷᠡᠭᠵᠢᠭᠦᠯᠬᠦ᠂ ᠲᠥᠬᠦᠮ ᠪᠦᠳᠦᠭᠦᠯᠢᠭ ᠢᠶᠠᠷ ᠬᠠᠤᠯᠢ ᠬᠡᠷᠡᠭᠵᠢᠭᠦᠯᠬᠦ᠂ ᠬᠡᠲᠦᠷᠡᠲᠡᠯ᠎ᠡ ᠬᠠᠤᠯᠢ ᠬᠡᠷᠡᠭᠵᠢᠭᠦᠯᠬᠦ᠂ ᠠᠰᠢᠭ ᠬᠥᠭᠡᠭᠡᠴᠡᠯᠳᠦᠨ ᠬᠠᠤᠯᠢ ᠬᠡᠷᠡᠭᠵᠢᠭᠦᠯᠬᠦ ᠵᠡᠷᠭᠡ ᠠᠵᠢᠯ ᠬᠢᠬᠦ ᠥᠬᠡᠶ ᠳᠤᠷ᠎ᠠ ᠪᠠᠷ ᠢᠶᠠᠨ ᠬᠢᠬᠦ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠨ᠎ᠠ᠃ ᠳᠥᠷᠪᠡᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠢᠰᠲ᠋ᠧᠮ ᠤᠨ ᠪᠠᠶᠢᠭᠤᠯᠤᠯᠲᠠ ᠶᠢ ᠰᠦᠪᠡᠭᠴᠢᠯᠡᠨ ᠠᠬᠢᠭᠤᠯᠵᠤ᠂ 11 ᠰᠤᠮᠤ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠢ ᠴᠥᠮ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠷᠰᠢᠯᠲᠠ ᠶᠢᠨ ᠬᠠᠤᠯᠢ ᠴᠠᠭᠠᠵᠠ ᠶᠢᠨ ᠭᠠᠵᠠᠷ ᠲᠤ ᠣᠷᠣᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠪᠠ᠃ ᠨᠡᠶᠢᠭᠡᠮ ᠤᠨ ᠬᠦᠴᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠤ ᠣᠷᠣᠯᠴᠠᠬᠤ ᠶᠢ ᠴᠢᠩᠭᠠᠳᠬᠠᠵᠤ᠂ 70 ᠨᠡᠷ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠨᠡᠶᠢᠭᠡᠮ ᠤᠨ ᠬᠢᠨᠠᠯᠲᠠ ᠲᠠᠯᠪᠢᠭᠴᠢ ᠶᠢ ᠰᠣᠩᠭᠤᠨ ᠤᠷᠢᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠳᠤ ᠣᠷᠣᠯᠴᠠᠭᠤᠯᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠠᠭᠠᠭ ᠬᠢᠵᠠᠭᠠᠷ ᠢ ᠲᠣᠳᠣᠷᠬᠠᠶ ᠪᠣᠯᠭᠠᠵᠤ᠂ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠨᠡᠶᠢᠲᠡᠯᠡᠪᠡ᠃ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠭᠠᠷᠴᠠᠭ ᠪᠠ ᠭᠤᠤᠯᠳᠠᠯᠭ᠎ᠠ ᠲᠠᠢ ᠬᠢᠨᠠᠨ ᠬᠠᠮᠢᠶᠠᠷᠬᠤ ᠵᠦᠢᠯᠡᠰ ᠢ ᠡᠮᠬᠢᠯᠡᠨ ᠨᠠᠶᠢᠷᠠᠭᠤᠯᠪᠠ᠃       ᠤᠷᠮᠠᠰᠢᠭᠤᠯᠤᠨ ᠵᠣᠷᠢᠭᠵᠢᠭᠤᠯᠵᠤ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠢᠲᠡᠭᠡᠮᠵᠢᠲᠡᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ       ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠬᠠᠮᠲᠤᠷᠠᠨ ᠵᠠᠯᠬᠠᠭᠠᠨ ᠴᠡᠭᠡᠷᠯᠡᠬᠦᠯᠬᠦ ᠪᠠ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ᠂ ᠢᠲᠡᠭᠡᠮᠵᠢ ᠶᠢᠨ ᠭᠤᠤᠯ ᠴᠣᠭᠴᠠ ᠶᠢᠨ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠠᠷᠭ᠎ᠠ ᠬᠡᠮᠵᠢᠶ᠎ᠡ ᠪᠠ ᠢᠲᠡᠭᠡᠮᠵᠢ ᠠᠯᠳᠠᠭᠰᠠᠨ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠨᠠᠶᠢᠳᠠᠪᠤᠷᠢᠵᠢᠭᠤᠯᠪᠠ᠃ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠱᠠᠩᠨᠠᠵᠤ ᠲᠣᠷᠭᠠᠬᠤ ᠶᠢ ᠴᠢᠩᠭᠠᠷᠠᠭᠤᠯᠪᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠳᠤ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠠᠵᠤ ᠠᠬᠤᠶᠢᠯᠠᠯ 957 ᠪᠠᠶᠢᠵᠤ᠂ ᠬᠠᠤᠯᠢ ᠶᠢ ᠬᠦᠨᠳᠦ ᠨᠣᠴᠢᠲᠠᠶ ᠵᠥᠷᠢᠴᠡᠨ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ 331 ᠪᠠᠶᠢᠨ᠎ᠠ᠃ ᠬᠤᠪᠢ ᠬᠥᠮᠦᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ 2024 ᠣᠨ ᠤ ᠨᠢᠭᠡᠳᠦᠭᠡᠷ ᠤᠯᠠᠷᠢᠯ ᠳᠤ ᠢᠲᠡᠭᠡᠯ ᠠᠯᠳᠠᠭᠰᠠᠳ ᠢ ᠨᠡᠶᠢᠲᠡ 68 ᠬᠥᠮᠦᠨ ᠤᠳᠠᠭ᠎ᠠ ᠨᠡᠶᠢᠲᠡᠯᠡᠵᠦ᠂ 75 ᠬᠥᠮᠦᠨ ᠤᠳᠠᠭ᠎ᠠ ᠬᠠᠯᠬᠠᠯᠠᠭᠳᠠᠵᠤ᠂ ᠭᠦᠢᠴᠡᠳᠬᠡᠭᠳᠡᠭᠴᠢ ᠶᠢ 266 ᠬᠥᠮᠦᠨ ᠤᠳᠠᠭ᠎ᠠ ᠨᠡᠶᠢᠲᠡᠯᠡᠪᠡ᠃       ᠵᠠᠰᠠᠭ ᠤᠨ ᠶᠠᠪᠤᠳᠠᠯ ᠤᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠠ       ᠠᠯᠠᠱᠠ ᠵᠡᠭᠦᠨ ᠬᠤᠰᠢᠭᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾᠎ ᠶᠢᠨ ᠴᠣᠩᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠬᠤ ᠤᠲᠠᠰᠤ ᠲᠣᠬᠢᠷᠠᠭᠤᠯᠪᠠ᠃ ︽ᠲᠡᠮᠡᠭᠡᠲᠦ ᠨᠤᠲᠤᠭ ᠤᠨ ᠵᠠᠰᠠᠭ ᠤᠨ ᠶᠠᠪᠤᠳᠠᠯ︾᠎ ᠤᠨ ᠰᠢᠭᠤᠳ ᠨᠡᠪᠲᠡᠷᠡᠭᠦᠯᠭᠡ ᠶᠢᠨ ᠲᠠᠰᠤᠭ ᠢᠶᠠᠷ ᠳᠠᠮᠵᠢᠭᠤᠯᠤᠨ ︽ᠦᠨᠡᠨᠴᠢ ᠢᠲᠡᠭᠡᠮᠵᠢᠲᠡᠶ ᠪᠠᠶᠢᠬᠤ ᠵᠢᠵᠢᠭ ᠬᠢᠴᠢᠶᠡᠯ ᠤᠨ ᠲᠠᠩᠬᠢᠮ︾ ᠭᠤᠤᠯ ᠰᠡᠳᠦᠪᠲᠦ ᠰᠢᠭᠤᠳ ᠨᠡᠪᠲᠡᠷᠡᠭᠦᠯᠭᠡ ᠶᠢ ᠥᠷᠨᠢᠭᠦᠯᠵᠦ᠂ ᠠᠰᠠᠭᠤᠳᠠᠯ ᠤᠨ ᠵᠥᠪᠯᠡᠯᠭᠡ ᠥᠭᠬᠦ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠰᠦᠯᠵᠢᠶᠡᠨ ᠠᠨᠳᠠ ᠨᠠᠷ ᠲᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠬᠠᠮᠢᠶ᠎ᠠ ᠪᠥᠬᠦᠶ ᠠᠰᠠᠭᠤᠳᠠᠯ ᠳᠤ ᠨᠠᠷᠢᠨ ᠲᠣᠳᠣᠷᠬᠠᠶ ᠬᠠᠷᠢᠭᠤᠯᠲᠠ ᠥᠭᠴᠡᠶ᠃ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾᠎ ᠶᠢᠨ ᠠᠵᠢᠯ ᠢ ᠭᠦᠢᠴᠡᠳᠭᠡᠬᠦ ᠲᠤᠰᠬᠠᠶ ᠤᠲᠠᠰᠤ ᠭᠠᠷᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠭᠦᠢᠴᠡᠳᠭᠡᠬᠦ ᠴᠤᠪᠤᠷᠠᠯ ᠤᠨ ᠪᠢᠲᠡᠭᠦᠦ ᠬᠠᠮᠢᠶᠠᠷᠤᠯᠲᠠ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠯ᠎ᠡ ᠵᠦᠢᠯ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号