| | ᠰᠢᠤᠢ ᠨᠠᠢ ᠴᠤᠤ 1991 ᠣᠨ ᠳᠤ ᠲᠥᠷᠥᠵᠡᠢ᠂ ᠣᠳᠣ ᠶᠢᠨ ᠥᠪᠥᠷ ᠮᠣᠩᠭᠤᠯ ᠤᠨ ᠬᠢᠯᠢ ᠪᠠᠷ ᠣᠷᠣᠵᠤ | ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠶ ᠥᠷᠲᠡᠭᠡᠨ ᠤ ᠠᠯᠠᠱᠠ ᠶᠢᠨ ᠬᠢᠯᠢ ᠶᠢᠨ | ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠢᠩᠭᠡᠨ ᠬᠢᠯᠢ ᠶᠢᠨ ᠲᠣᠮᠢᠯᠠᠭᠰᠠᠨ ᠰᠠᠯᠪᠤᠷᠢ ᠳᠤ ᠠᠵᠢᠯᠯᠠᠵᠤ ᠪᠣᠢ᠃ | | | | | | | | | | 2022 ᠣᠨ ᠤ 2 ᠰᠠᠷ᠎ᠠ ᠳᠤ᠂ ᠰᠢᠤᠢ ᠨᠠᠢ ᠴᠤᠤ᠂ ᠡᠬᠡᠨᠡᠷ ᠯᠢ ᠸᠧᠨ ᠨᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ︽ᠬᠢᠯᠢ ᠬᠢᠵᠠᠭᠠᠷ ᠢ ᠰᠠᠬᠢᠨ ᠬᠠᠮᠠᠭᠠᠯᠠᠵᠤ ᠡᠷ᠎ᠡ ᠡᠮ᠎ᠡ | ᠴᠠᠭᠳᠠᠭᠠᠨ ᠶᠠᠪᠤᠳᠠᠯ ᠤᠨ ᠲᠠᠰᠤᠭ︾ ᠢ ᠪᠠᠶᠢᠭᠤᠯᠵᠤ᠂ ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ 3000 | ᠭᠠᠷᠤᠢ ᠲᠡᠭᠰᠢ ᠳᠥᠷᠪᠡᠯᠵᠢᠨ ᠺᠢᠯᠣᠮᠧᠲᠷ ᠤᠨ ᠬᠢᠯᠢ ᠶᠢᠨ ᠬᠠᠮᠢᠶᠠᠷᠤᠯᠲᠠ ᠶᠢᠨ ᠣᠷᠣᠨ ᠪᠣᠯᠤᠨ 100 ᠭᠠᠷᠤᠢ | ᠺᠢᠯᠣᠮᠧᠲᠷ ᠤᠨ ᠬᠢᠯᠢ ᠶᠢᠨ ᠱᠤᠭᠤᠮ ᠤᠨ ᠬᠢᠯᠢ ᠶᠢᠨ ᠬᠠᠮᠢᠶᠠᠷᠤᠯᠲᠠ ᠪᠣᠯᠤᠨ ᠠᠮᠤᠷ ᠢ ᠬᠠᠮᠠᠭᠠᠯᠠᠵᠤ ᠬᠠᠮᠢᠶᠠᠷᠤᠨ | ᠡᠵᠡᠮᠳᠡᠬᠦ ᠡᠭᠦᠷᠭᠡ ᠶᠢ ᠡᠭᠦᠷᠭᠡᠯᠡᠵᠦ ᠪᠤᠢ᠃ | ᠴᠠᠭᠳᠠᠭᠠᠨ ᠤ ᠶᠠᠪᠤᠳᠠᠯ ᠤᠨ ᠲᠠᠰᠤᠭ ᠪᠠᠶᠢᠭᠤᠯᠤᠭᠳᠠᠭᠰᠠᠨ ᠠᠴᠠ ᠨᠠᠰᠢ᠂ ᠨᠡᠶᠢᠲᠡ 500 ᠤᠳᠠᠭ᠎ᠠ | ᠬᠢᠯᠢ ᠶᠢᠨ ᠪᠠᠶᠢᠴᠠᠭᠠᠯᠲᠠ ᠶᠢᠨ ᠠᠵᠢᠯ ᠥᠷᠨᠢᠭᠦᠯᠵᠦ᠂ 16 ᠤᠳᠠᠭ᠎ᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ | ᠰᠣᠷᠢᠯᠲᠠ ᠬᠢᠵᠦ᠂ 17 ᠵᠥᠷᠢᠴᠡᠯ ᠵᠢᠭᠤᠷᠠᠯᠳᠤᠭᠠᠨ ᠢ ᠡᠶᠡᠳᠡᠭᠦᠯᠵᠦ᠂ ᠠᠶᠤᠯ ᠳᠤ ᠲᠤᠯᠭᠠᠷᠠᠭᠰᠠᠨ 23 ᠬᠥᠮᠦᠨ ᠢ | ᠠᠪᠤᠷᠠᠨ ᠲᠤᠰᠠᠯᠠᠵᠤ᠂ 1000 ᠭᠠᠷᠤᠶ ᠬᠥᠮᠦᠨ ᠢ ᠢᠳᠬᠠᠪᠠ᠃ ᠴᠠᠭᠳᠠᠭᠠᠨ ᠤ ᠶᠠᠪᠤᠳᠠᠯ ᠤᠨ ᠲᠠᠰᠤᠭ ᠲᠤ ᠪᠠᠰᠠ | ᠨᠠᠮ ᠤᠨ ᠭᠡᠰᠢᠭᠦᠨ E ᠥᠷᠲᠡᠭᠡ᠂ ᠠᠷᠠᠳ ᠲᠤ ᠲᠥᠬᠦᠮ ᠦᠵᠡᠭᠦᠯᠬᠦ ᠡᠷᠡᠭᠦᠯ ᠬᠠᠮᠠᠭᠠᠯᠠᠯ ᠤᠨ ᠲᠠᠰᠤᠭ᠂ ᠤᠯᠠᠭᠠᠨ | ᠵᠠᠭᠠᠯᠮᠠᠶᠢᠲᠠᠨ ᠤ ᠠᠪᠤᠷᠠᠨ ᠲᠤᠰᠠᠯᠠᠬᠤ ᠥᠷᠲᠡᠭᠡ᠂ ᠠᠷᠠᠳ ᠲᠤ ᠲᠥᠬᠦᠮ ᠦᠵᠡᠭᠦᠯᠬᠦ ᠨᠣᠮ ᠤᠨ ᠥᠷᠥᠭᠡ᠂ | ᠠᠷᠠᠳ ᠲᠤ ᠲᠥᠬᠦᠮ ᠦᠵᠡᠭᠦᠯᠬᠦ ᠲᠦᠷᠭᠡᠨ ᠬᠦᠷᠭᠡᠯᠲᠡ ᠶᠢᠨ ᠣᠷᠣᠭᠤᠯᠤᠯᠲᠠ ᠶᠢᠨ ᠥᠷᠲᠡᠭᠡ ᠵᠡᠷᠭᠡ ᠶᠢ ᠪᠠᠶᠢᠭᠤᠯᠵᠤ | ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠤ ᠠᠮᠢᠳᠤᠷᠠᠯ ᠳᠤ ᠲᠥᠬᠦᠮ ᠦᠵᠡᠭᠦᠯᠪᠡ᠃ | ᠣᠶᠢᠷ᠎ᠠ ᠶᠢᠨ ᠵᠢᠯ ᠠᠴᠠ᠂ ᠰᠢᠤᠢ ᠨᠠᠢ ᠴᠤᠤ ᠤᠷᠢᠳ ᠬᠤᠵᠢᠳ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠩᠬᠡ ᠲᠠᠶᠢᠪᠤᠩ ᠤᠨ ᠭᠠᠪᠢᠶᠠᠨ ᠲᠡᠮᠳᠡᠭ᠂ ᠳᠤᠮᠳᠠᠳᠤ ᠤᠯᠤᠰ ᠤᠨ ᠡᠩᠬᠡ ᠲᠠᠶᠢᠪᠤᠩ ᠢ | ᠬᠠᠮᠠᠭᠠᠯᠠᠬᠤ ᠴᠠᠭᠳᠠᠭ᠎ᠠ ᠶᠢᠨ ᠢᠷᠠᠭᠤ ᠠᠯᠳᠠᠷ ᠤᠨ ᠲᠡᠮᠳᠡᠭ ᠢ ᠭᠥᠷᠳᠡᠵᠦ᠂ ᠬᠤᠪᠢ ᠬᠥᠮᠦᠨ ᠤ ᠭᠤᠷᠪᠠᠳᠤᠭᠠᠷ | ᠳᠡᠰ ᠤᠨ ᠭᠠᠪᠢᠶ᠎ᠠ ᠶᠢ 1 ᠤᠳᠠᠭ᠎ᠠ ᠪᠠᠶᠢᠭᠤᠯᠵᠤ᠂ 27 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠱᠠᠩᠨᠠᠯ ᠤᠨ ᠮᠧᠳᠠᠯ᠂ ᠪᠦᠬᠦ ᠤᠯᠤᠰ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠠᠮᠵᠢᠯᠲᠠ ᠪᠦᠲᠦᠮᠵᠢ ᠪᠠᠷ ᠵᠠᠯᠠᠭᠤ ᠠᠷᠠᠳ ᠤᠨ ᠴᠠᠭᠳᠠᠭ᠎ᠠ ᠵᠡᠷᠭᠡ ᠢᠷᠠᠭᠤ ᠠᠯᠳᠠᠷ ᠢ | ᠬᠦᠷᠲᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠪᠦᠬᠦ ᠣᠷᠣᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠢᠯᠠᠩᠭᠤᠶ᠎ᠠ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢᠤᠢ | ᠨᠠᠢ ᠴᠤᠤ ᠨᠥᠬᠦᠳ ᠠᠴᠠ ᠪᠠᠨ ᠰᠤᠷᠤᠯᠴᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠴᠣᠭᠴᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃ |