ᠠᠷᠪᠠᠨ ᠭᠤᠷᠪᠠᠳᠤᠭᠠᠷ ᠬᠤᠭᠤᠴᠠᠭᠠᠨ ᠤ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠡᠯᠡᠰᠦᠨ ᠴᠦᠯ ᠤᠨ ᠲᠡᠮᠡᠴᠡᠭᠡᠨ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/5/7
      5 ᠳ᠋ᠤᠭᠠᠷ ᠰᠠᠷ᠎ᠠ ᠶᠢᠨ 4᠎ ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠡᠯᠡᠰᠦᠨ ᠴᠦᠯ ᠤᠨ ᠲᠡᠮᠡᠴᠡᠭᠡᠨ ᠲᠩᠷᠢ ᠡᠯᠡᠰᠦᠨ ᠴᠦᠯ ᠳᠤ ᠲᠡᠭᠦᠰ ᠠᠮᠵᠢᠯᠲᠠ ᠲᠠᠢ ᠲᠡᠭᠦᠰᠪᠡ᠃
      112 ᠳᠡᠭᠡᠳᠦ ᠰᠤᠷᠭᠠᠭᠤᠯᠢ ᠶᠢᠨ 4000 ᠭᠠᠷᠤᠶ ᠬᠤᠳᠠᠯᠳᠤᠭᠠᠨ ᠤ ᠰᠤᠳᠤᠴᠤᠤᠯ ᠭᠤᠷᠪᠠᠨ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ A ᠠᠩᠭᠢ 99KM᠂ AB ᠠᠩᠭᠢ 77KM᠂ C ᠠᠩᠭᠢ 33KM᠂ D ᠠᠩᠭᠢ ᠶᠢᠨ ᠡᠴᠢᠭᠡ ᠡᠬᠡ ᠦᠷ᠎ᠡ ᠬᠡᠦᠬᠡᠳ ᠤᠨ ᠳᠤᠭᠤᠶᠢᠯᠠᠩ᠂ E ᠠᠩᠭᠢ ᠶᠢᠨ ᠲᠥᠷᠥᠯ ᠰᠠᠳᠤᠨ ᠨᠠᠶᠢᠵᠠ ᠨᠥᠬᠦᠳ ᠤᠨ ᠪᠦᠯᠬᠦᠮ ᠨᠡᠶᠢᠲᠡ ᠶᠢᠨ ᠲᠠᠪᠤᠨ ᠳᠤᠭᠤᠶᠢᠯᠠᠩ ᠤᠨ ᠡᠯᠡᠰᠦᠨ ᠴᠥᠯ ᠤᠨ ᠶᠠᠪᠠᠭᠠᠨ ᠢᠶᠠᠷ ᠠᠯᠬᠤᠬᠤ ᠤᠷᠤᠯᠳᠤᠭᠠᠨ ᠢ ᠳᠠᠭᠤᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠣᠷᠴᠢᠨ ᠲᠣᠭᠤᠷᠢᠨ ᠢ ᠬᠠᠮᠠᠭᠠᠯᠠᠬᠤ᠂ ᠬᠠᠮᠵᠢᠯᠴᠠᠬᠤ᠂ ᠪᠠᠷᠢᠮᠲᠠᠯᠠᠬᠤ᠂ ᠬᠠᠷᠢᠭᠤᠴᠠᠬᠤ︾ ᠤᠷᠤᠯᠳᠤᠭᠠᠨ ᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠥᠪᠡᠷ ᠢ ᠪᠠᠨ ᠳᠠᠪᠠᠨ ᠲᠤᠭᠤᠯᠬᠤ ᠵᠣᠷᠢᠭ ᠰᠠᠨᠠᠭ᠎ᠠ ᠪᠠᠷ ᠪᠦᠯᠬᠦᠮ ᠨᠡᠶᠢᠲᠡ ᠪᠠ ᠬᠠᠷᠠᠯᠲᠠ ᠪᠠᠨ ᠪᠡᠶᠡᠯᠡᠭᠦᠯᠪᠡ᠃       ᠲᠤᠰ ᠲᠡᠮᠡᠴᠡᠭᠡᠨ ᠨᠢ ᠨᠢᠭᠡᠨᠲᠡ ᠬᠠᠮᠤᠭ ᠤᠨ ᠳᠡᠭᠡᠳᠦ ᠰᠤᠷᠭᠠᠭᠤᠯᠢ ᠶᠢᠨ ᠬᠡᠷ ᠤᠨ ᠭᠠᠳᠠᠨᠠᠬᠢ ᠤᠷᠤᠯᠳᠤᠭᠠᠨ ᠪᠠ ᠳᠡᠯᠡᠬᠡᠶ ᠶᠢᠨ ᠬᠠᠮᠤᠭ ᠤᠨ ᠶᠡᠭᠡ ᠬᠡᠪᠴᠢᠶᠡᠨ ᠤ ᠡᠯᠡᠰᠦᠨ ᠴᠦᠯ ᠤᠨ ᠠᠯᠬᠤᠬᠤ ᠲᠡᠮᠡᠴᠡᠭᠡᠨ ᠪᠠᠶᠢᠵᠤ᠂ ᠬᠡᠪᠴᠢᠶ᠎ᠡ ᠪᠠ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠶᠠᠭ ᠠᠯᠠᠱᠠ ᠵᠡᠭᠦᠨ ᠬᠤᠰᠢᠭᠤᠨ ᠤ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号