| ᠠᠯᠠᠱᠠ ᠵᠡᠭᠦᠨ ᠬᠤᠰᠢᠭᠤᠨ ᠳᠤ᠂ ᠲᠠᠷᠢᠶᠠᠴᠢᠳ ᠳᠣᠬᠢᠭᠤᠷ ᠳᠣᠯᠣᠭᠠᠨ ᠣᠲᠣ ᠠᠶᠠᠯᠠᠯ ᠵᠠᠯᠠᠬᠤ | ᠰᠢᠰᠲ᠋ᠧᠮ ᠢ ᠲᠠᠷᠢᠶᠠᠯᠠᠭ᠎ᠠ ᠳᠤ ᠬᠡᠷᠡᠭᠯᠡᠵᠦ᠂ ᠮᠧᠬᠠᠨᠢᠭᠵᠢᠭᠰᠠᠨ᠂ ᠬᠡᠪᠴᠢᠶᠡᠵᠢᠭᠰᠡᠨ ᠲᠠᠷᠢᠶᠠᠯᠠᠬᠤ ᠠᠷᠭ᠎ᠠ ᠮᠠᠶ᠋ᠢᠭ ᠨᠢ | ᠬᠠᠪᠤᠷ ᠤᠨ ᠲᠠᠷᠢᠶᠠᠯᠠᠭ᠎ᠠ ᠶᠢ ᠨᠠᠩ ᠳᠥᠭᠦᠮ ᠳᠥᠲᠡ ᠥᠨᠳᠥᠷ ᠪᠦᠲᠦᠮᠵᠢᠲᠡᠶ ᠪᠣᠯᠭᠠᠪᠠ᠃ | | | | | | | | ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤᠬᠠᠶ ᠶᠢᠨ | ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠵᠠᠩᠭᠢᠯᠠᠭ᠎ᠠ ᠶᠢᠨ ᠴᠠᠭ ᠦᠶ᠎ᠡ ᠶᠢ ᠴᠢᠩᠭ᠎ᠠ ᠠᠳᠬᠤᠵᠤ᠂ | ᠤᠷᠢᠳᠠᠪᠠᠷ ᠬᠥᠳᠡᠯᠦᠯᠴᠡᠵᠦ᠂ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠯᠭ᠎ᠠ ᠦᠢᠯᠡᠴᠢᠯᠡᠭᠡ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ ᠠᠵᠢᠯᠯᠠᠭ᠎ᠠ᠂ ᠲᠠᠷᠢᠶᠠᠯᠠᠩ ᠤᠨ ᠮᠠᠰᠢᠨ ᠢ | ᠪᠠᠶᠢᠴᠠᠭᠠᠨ ᠵᠠᠰᠠᠵᠤ ᠠᠷᠠᠴᠢᠯᠠᠨ ᠬᠠᠮᠠᠭᠠᠯᠠᠵᠤ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠢᠳᠡᠪᠬᠢᠲᠡᠶ | ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ | ᠪᠠᠲᠤᠯᠠᠪᠠ᠃ ᠡᠨᠡ ᠵᠢᠯ ᠪᠥᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠲᠠᠯᠠᠪᠠᠶ 31.24 ᠲᠦᠮᠡᠨ ᠮᠥ | ᠪᠠᠶᠢᠵᠤ᠂ ᠡᠭᠦᠨ ᠳᠤ ᠠᠮᠤ ᠪᠤᠳᠠᠭ᠎ᠠ ᠳᠠᠷᠢᠬᠤ ᠲᠠᠯᠠᠪᠠᠶ ᠪᠠᠷᠤᠭ 20.7 ᠲᠦᠮᠡᠨ ᠮᠥ︔ ᠢᠳᠡᠰᠢᠨ ᠨᠣᠭᠤᠭ᠎ᠠ | ᠳᠠᠷᠢᠬᠤ ᠲᠠᠯᠠᠪᠠᠶ ᠪᠠᠷᠤᠭ 2.12 ᠲᠦᠮᠡᠨ ᠮᠥ︔ ᠲᠣᠰᠣᠯᠢᠭ ᠲᠠᠷᠢᠮᠠᠯ ᠳᠠᠷᠢᠬᠤ ᠲᠠᠯᠠᠪᠠᠶ ᠪᠠᠷᠤᠭ 4.74 ᠲᠦᠮᠡᠨ | ᠮᠥ︔ ᠲᠠᠷᠪᠤᠰ ᠵᠢᠮᠢᠰ ᠳᠠᠷᠢᠬᠤ ᠲᠠᠯᠠᠪᠠᠶ ᠪᠠᠷᠤᠭ 1.43 ᠲᠦᠮᠡᠨ ᠮᠥ︔ ᠬᠢᠲᠠᠳ ᠡᠮ ᠤᠨ ᠮᠠᠲ᠋ᠧᠷᠢᠶᠠᠯ ᠤᠨ | ᠳᠠᠷᠢᠬᠤ ᠲᠠᠯᠠᠪᠠᠶ 0.92 ᠲᠦᠮᠡᠨ ᠮᠥ︔ ᠪᠤᠰᠤᠳ ᠲᠠᠷᠢᠮᠠᠯ 1.33 ᠲᠦᠮᠡᠨ ᠮᠥ ᠪᠠᠶᠢᠨ᠎ᠠ᠃ |