ᠠᠯᠠᠱᠠ ᠵᠡᠭᠦᠨ ᠬᠤᠰᠢᠭᠤᠨ ᠤ ᠣᠶᠢᠵᠢᠭᠤᠯᠤᠯᠲᠠ ᠶᠢᠨ ᠠᠵᠢᠯ
ᠨᠡᠶᠢᠲᠡᠯᠡᠭᠰᠡᠨ ᠴᠠᠭ᠄
2024/5/9
              ᠬᠠᠪᠤᠷ ᠤᠨ ᠤᠯᠠᠷᠢᠯ ᠠᠴᠠ ᠨᠠᠰᠢ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠵᠣᠷᠢᠯᠭ᠎ᠠ ᠪᠠᠷ᠂ ᠠᠯᠠᠱᠠ ᠵᠡᠭᠦᠨ ᠬᠤᠰᠢᠭᠤ ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠎ ᠳᠤ ᠲᠦᠰᠢᠭᠯᠡᠨ᠂ ᠲᠥᠷᠥᠯ ᠵᠦᠢᠯ ᠢ ᠶᠡᠬᠡᠪᠡᠷ ᠠᠳᠬᠤᠵᠤ᠂ ᠱᠠᠯᠠᠪᠳᠠᠨ ᠠᠵᠢᠯᠯᠠᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ ᠪᠣᠢ᠃
      ᠠᠯᠠᠱᠠ ᠵᠡᠭᠦᠨ ᠬᠤᠰᠢᠭᠤ ᠵᠦᠶ ᠵᠣᠬᠢᠰᠲᠠᠶ ᠲᠥᠯᠥᠪᠵᠢᠭᠦᠯᠦᠨ᠂ ᠰᠢᠨᠵᠢᠯᠡᠬᠦ ᠤᠬᠠᠭᠠᠨᠴᠢ ᠪᠠᠷ ᠵᠠᠰᠠᠬᠤ ᠪᠠᠷ ᠳᠠᠮᠵᠢᠨ᠂ S315 ᠱᠤᠭᠤᠮ᠂ ᠡᠯᠡᠰᠦ ᠮᠠᠩᠬ᠎ᠠ ᠶᠢ ᠲᠣᠰᠬᠤᠨ ᠳᠤ ᠨᠡᠪᠲᠡᠷᠡᠬᠦ ᠵᠠᠰᠠᠮᠠᠯ ᠵᠠᠮ ᠵᠡᠷᠭᠡ ᠵᠠᠮ ᠬᠠᠷᠢᠯᠴᠠᠭᠠᠨ ᠤ ᠴᠢᠬᠤᠯᠠ ᠵᠠᠮ ᠳᠠᠭᠠᠤ ᠵᠠᠰᠠᠮᠠᠯ ᠵᠠᠮ ᠤᠨ ᠬᠤᠶᠠᠷ ᠬᠠᠵᠠᠭᠤ ᠶᠢᠨ ᠡᠯᠡᠰᠦ ᠰᠢᠷᠣᠢ ᠶᠢᠨ ᠨᠡᠭᠦᠳᠡᠯ ᠤᠨ ᠪᠠᠶᠢᠳᠠᠯ ᠢ ᠦᠨᠳᠦᠰᠦᠯᠡᠨ᠂ ᠵᠠᠰᠠᠮᠠᠯ ᠵᠠᠮ ᠤᠨ ᠬᠤᠶᠠᠷ ᠬᠠᠵᠠᠭᠤ ᠪᠠᠷ ᠥᠷᠭᠡᠨ ᠨᠢ 300-500 ᠮᠧᠲᠷ ᠤᠨ ᠳᠥᠷᠪᠡᠯᠵᠢᠨ ᠮᠧᠲᠷ ᠤᠨ ᠬᠠᠯᠬᠠᠪᠴᠢ ᠭᠠᠷᠭᠠᠵᠤ᠂ ᠬᠥᠮᠦᠨ ᠤ ᠬᠦᠴᠦ ᠪᠠᠷ ᠡᠪᠡᠰᠦ ᠲᠠᠷᠢᠵᠤ ᠤᠷᠭᠤᠭᠤᠯᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠰᠠᠯᠬᠢ ᠡᠯᠡᠰᠦᠨ ᠤ ᠵᠠᠰᠠᠮᠠᠯ ᠵᠠᠮ ᠤᠨ ᠵᠠᠮ ᠬᠠᠷᠢᠯᠴᠠᠭ᠎ᠠ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠪᠠᠭᠠᠰᠬᠠᠵᠤ᠂ ᠠᠮᠢ ᠠᠬᠤᠶ ᠶᠢᠨ ᠦᠷ᠎ᠡ ᠠᠰᠢᠭ ᠢ ᠪᠡᠶᠡᠯᠡᠭᠦᠯᠬᠦ ᠶᠢᠨ ᠬᠠᠮᠲᠤ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ ᠪᠣᠢ᠃       ᠣᠳᠣᠬᠠᠨ ᠳᠤ᠂ ᠠᠯᠠᠱᠠ ᠵᠡᠭᠦᠨ ᠬᠤᠰᠢᠭᠤᠨ ᠤ ᠵᠢᠷᠤᠭ ᠲᠥᠯᠥᠪᠯᠡᠭᠡ ᠶᠢᠨ ᠠᠵᠢᠯ ᠤᠨ ᠲᠣᠭᠤᠷᠢᠭ 63 ᠪᠠᠶᠢᠵᠤ᠂ ᠨᠡᠶᠢᠲᠡ 59 ᠠᠵᠢᠯ ᠢ ᠡᠬᠢᠯᠡᠭᠦᠯᠵᠦ᠂ ᠨᠡᠶᠢᠲᠡ 50.7999 ᠲᠦᠮᠡᠨ ᠮᠥ ᠳᠠᠷᠢᠵᠤ᠂ ᠡᠭᠦᠨ ᠳᠤ ᠬᠥᠮᠦᠨ ᠤ ᠬᠦᠴᠦ ᠪᠠᠷ ᠡᠪᠡᠰᠦ ᠳᠠᠷᠢᠬᠤ 34.5627 ᠲᠦᠮᠡᠨ ᠮᠥ᠂ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ 15.0772 ᠲᠦᠮᠡᠨ ᠮᠥ᠂ ᠲᠠᠴᠢᠷᠳᠠᠭᠰᠠᠨ ᠣᠶ ᠶᠢ 1.1600 ᠲᠦᠮᠡᠨ ᠮᠥ ᠵᠠᠰᠠᠨ ᠰᠡᠷᠭᠦᠭᠡᠬᠦ ᠪᠠᠷ ᠪᠣᠶ᠃       ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠶ ᠪᠠᠷ ᠠᠷᠠᠳ ᠲᠤ ᠠᠰᠢᠭ ᠬᠦᠷᠲᠡᠭᠡᠬᠦ᠂ ᠠᠮᠢ ᠠᠬᠤᠶ ᠪᠠᠷ ᠠᠷᠠᠳ ᠲᠤ ᠠᠰᠢᠭ ᠬᠦᠷᠲᠡᠭᠡᠬᠦ᠂ ᠠᠮᠢ ᠠᠬᠤᠶ ᠪᠠᠷ ᠠᠷᠠᠳ ᠤᠨ ᠲᠥᠯᠥᠭᠡ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠣᠶᠢᠵᠢᠭᠤᠯᠵᠤ ᠪᠣᠢ            
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号