ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠶᠢᠭᠤᠯᠤᠭᠳᠠᠭᠰᠠᠨ 120 ᠵᠢᠯ ᠤᠨ ᠣᠢ ᠶᠢ ᠪᠡᠯᠭᠡᠯᠡᠬᠦ ᠵᠢᠴᠢ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠠᠷᠠᠭ︾᠎ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/5/9
              77 ᠳ᠋ᠤᠭᠠᠷ ︽ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ︾᠎ ᠢ ᠳᠤᠷᠠᠰᠬᠠᠬᠤ ᠵᠣᠷᠢᠯᠭ᠎ᠠ ᠪᠠᠷ᠂ 5 ᠳ᠋ᠤᠭᠠᠷ ᠰᠠᠷ᠎ᠠ ᠶᠢᠨ 8᠎ ᠤ ᠡᠳᠦᠷ᠂ ᠠᠶᠢᠮᠠᠭ᠂ ᠬᠤᠰᠢᠭᠤ ᠬᠤᠶᠠᠷ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠪᠠᠶᠠᠨᠬᠤᠲᠠ ᠪᠠᠯᠭᠠᠰᠤᠨ ᠤ ᠰᠢᠨ᠎ᠡ ᠡᠷᠡᠨ ᠠᠭᠤᠳᠠᠮ ᠲᠠᠯᠠᠪᠠᠶ ᠳᠤ ᠬᠠᠮᠲᠤᠷᠠᠨ ︽ᠬᠥᠮᠦᠯᠢᠭ ᠦᠵᠡᠯ ᠤᠨ ᠵᠣᠷᠢᠭ ᠰᠠᠨᠠᠭ᠎ᠠ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ︾᠎ ᠪᠠᠷ ᠭᠤᠤᠯ ᠰᠡᠳᠦᠪ ᠪᠣᠯᠭᠠᠭᠰᠠᠨ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠶᠢᠭᠤᠯᠤᠭᠳᠠᠭᠰᠠᠨ 120 ᠵᠢᠯ ᠤᠨ ᠣᠶ ᠶᠢ ᠪᠡᠯᠭᠡᠯᠡᠬᠦ ᠵᠢᠴᠢ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠠᠷᠠᠭ︾᠎ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃
      ᠡᠬᠢᠯᠡᠯᠲᠡ ᠶᠢᠨ ᠶᠣᠰᠣᠯᠠᠯ ᠳᠡᠭᠡᠷ᠎ᠡ᠂ ᠤᠷᠢᠳ ᠬᠤᠵᠢᠳ ᠬᠦᠴᠢᠷᠳᠡᠯᠲᠡᠶ ᠬᠡᠷ ᠪᠦᠯᠢ ᠵᠡᠷᠭᠡ ᠬᠥᠮᠦᠰ ᠲᠤ ᠠᠪᠤᠷᠠᠨ ᠲᠤᠰᠠᠯᠠᠬᠤ ᠮᠥᠩᠭᠦ ᠲᠠᠷᠬᠠᠭᠠᠵᠤ᠂ ᠰᠠᠶᠢᠨ ᠳᠤᠷ᠎ᠠ ᠶᠢᠨ ᠠᠵᠢᠯᠯᠠᠭᠴᠢ ᠳᠤ ᠦᠨᠡᠮᠯᠡᠯ ᠣᠯᠭᠤᠬᠤ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠦᠵᠡᠭᠦᠯᠦᠯᠭᠡ ᠬᠢᠯᠭᠡᠪᠡ᠃       ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠮᠴᠢᠯᠡᠭᠡᠨ ᠤ ᠠᠪᠤᠷᠠᠨ ᠲᠤᠰᠠᠯᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠱᠢᠶ᠎ᠡ ᠦᠵᠡᠭᠦᠯᠬᠦ ᠵᠢᠴᠢ ᠤᠬᠠᠭᠤᠯᠭ᠎ᠠ ᠶᠢᠨ ᠰᠠᠮᠪᠠᠷ᠎ᠠ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠶᠢ ᠲᠦᠭᠡᠮᠡᠯᠵᠢᠭᠦᠯᠦᠭᠰᠡᠨ ᠪᠥᠭᠡᠳ ᠪᠠᠰᠠ ᠠᠯᠪᠠᠨ ᠵᠢᠷᠤᠮ ᠤᠨ ᠡᠮᠴᠢᠯᠡᠭᠡ᠂ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠣᠨᠣᠯ ᠤᠨ ᠮᠡᠳᠡᠯᠭᠡ ᠪᠠ ᠪᠣᠳᠠᠲᠤ ᠠᠵᠢᠯᠯᠠᠭᠠᠨ ᠤ ᠰᠤᠷᠭᠠᠯᠲᠠ ᠵᠡᠷᠭᠡ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠦᠢᠯᠡᠴᠢᠯᠡᠪᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号