ᠠᠯᠠᠱᠠ ᠵᠡᠭᠦᠨ ᠬᠤᠰᠢᠭᠤ᠄ ︽ᠶᠠᠳᠠᠭᠤᠷᠠᠯ ᠢ ᠰᠡᠷᠭᠡᠶᠢᠯᠡᠬᠦ ᠳᠠᠭᠠᠳᠬᠠᠯ︾
ᠨᠡᠶᠢᠲᠡᠯᠡᠭᠰᠡᠨ ᠴᠠᠭ᠄
2024/5/9
              ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠶᠠᠳᠠᠭᠤᠷᠠᠯ ᠢ ᠰᠡᠷᠭᠡᠶᠢᠯᠡᠬᠦ ᠳᠠᠭᠠᠳᠬᠠᠯ︾᠎ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠶᠠᠳᠠᠭᠤᠷᠠᠯ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠪᠠ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠪᠠ ᠵᠡᠮᠳᠡᠭ ᠬᠥᠮᠦᠰ ᠵᠡᠷᠭᠡ ᠬᠥᠮᠦᠰ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠵᠤ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠡᠷᠡᠰᠳᠡᠯ ᠢ ᠡᠬᠢ ᠡᠭᠦᠰᠦᠯ ᠠᠴᠠ ᠨᠢ ᠠᠷᠢᠯᠭᠠᠵᠤ᠂ ᠶᠠᠳᠠᠭᠤᠷᠠᠯ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃
      ︽ᠶᠠᠳᠠᠭᠤᠷᠠᠯ ᠢ ᠰᠡᠷᠭᠡᠶᠢᠯᠡᠬᠦ ᠳᠠᠭᠠᠳᠬᠠᠯ︾ ᠪᠣᠯ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠮᠠ᠂ ᠢᠯᠠᠩᠭᠤᠶ᠎ᠠ ᠪᠦᠷᠢᠳᠬᠡᠯ ᠤᠨ ᠺᠠᠷᠲ ᠲᠠᠢ ᠶᠠᠳᠠᠭᠤᠷᠠᠯ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ ᠬᠡᠮᠵᠢᠭᠰᠡᠨ ᠡᠲᠡᠭᠡᠳ᠂ ᠭᠡᠷ ᠪᠦᠯᠢ ᠶᠢᠨ ᠣᠷᠣᠯᠭ᠎ᠠ ᠨᠢ ᠪᠠᠭᠠᠰᠤᠭᠰᠠᠨ ᠪᠤᠶᠤ ᠡᠪᠡᠳᠴᠢᠨ᠂ ᠭᠠᠮᠰᠢᠭ᠂ ᠰᠤᠷᠤᠯᠭ᠎ᠠ ᠵᠡᠷᠭᠡ ᠠᠴᠠ ᠪᠣᠯᠵᠣ ᠳᠠᠬᠢᠨ ᠶᠠᠳᠠᠭᠤᠷᠠᠭᠰᠠᠨ ᠬᠥᠮᠥᠰ ᠲᠤ ᠪᠠᠲᠤᠯᠠᠭ᠎ᠠ ᠬᠠᠩᠭᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃       ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤ ᠶᠠᠳᠠᠭᠤᠷᠠᠯ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠵᠣᠷᠢᠯᠭ᠎ᠠ ᠪᠠᠷ ᠳᠠᠭᠠᠳᠬᠠᠯ ᠤᠨ ᠭᠤᠤᠯ ᠦᠢᠯᠡᠰ ᠲᠤ ᠰᠠᠭᠤᠷᠢᠯᠠᠨ᠂ ᠶᠠᠳᠠᠭᠤᠷᠠᠯ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠤᠶᠠᠯᠳᠤᠭᠤᠯᠤᠨ ᠬᠥᠭᠵᠢᠭᠦᠯᠵᠦ ᠪᠣᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号