ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠭᠤᠴᠢᠨ ᠬᠤᠷᠢᠶᠠᠯᠠᠯ ᠳᠤ ᠨᠡᠪᠲᠡᠷᠡᠪᠡ
ᠨᠡᠶᠢᠲᠡᠯᠡᠭᠰᠡᠨ ᠴᠠᠭ᠄
2024/5/9
      ᠵᠢᠶᠠ ᠶᠤᠸᠠᠨ ᠪᠠᠭ᠎ᠠ ᠲᠣᠭᠤᠷᠢᠭ ᠨᠢ ᠨᠠᠨ ᠬᠤᠸᠠᠨ ᠵᠡᠭᠡᠯᠢ ᠭᠤᠳᠤᠮᠵᠢ ᠶᠢᠨ ᠰᠢᠤᠸᠠᠢ ᠶᠤᠸᠠᠨ ᠳ᠋ᠦᠩ ᠨᠡᠶᠢᠭᠡᠮ ᠲᠣᠭᠤᠷᠢᠭ ᠲᠤ ᠪᠠᠶᠢᠷᠢᠯᠠᠵᠤ᠂ ᠡᠭᠦᠨ ᠳᠤ 4 ᠰᠠᠭᠤᠷᠢ ᠣᠷᠣᠨ ᠰᠠᠭᠤᠴᠠ ᠶᠢᠨ ᠠᠰᠠᠷ ᠪᠠᠭᠲᠠᠨ᠎ᠠ᠂ ᠨᠡᠶᠢᠲᠡ 113 ᠡᠷᠦᠬᠡ ᠰᠠᠭᠤᠭᠠᠯᠢ ᠠᠷᠠᠳ᠂ ᠪᠠᠶᠢᠩᠭᠤ ᠰᠠᠭᠤᠭ᠎ᠠ ᠬᠥᠮᠦᠨ ᠠᠮᠠ 300 ᠭᠠᠷᠤᠶ ᠪᠣᠶ᠃ ᠰᠠᠭᠤᠭᠠᠯᠢ ᠠᠷᠠᠳ ᠤᠨ ᠲᠣᠭᠤᠷᠢᠭ ᠢ ᠪᠠᠶᠢᠭᠤᠯᠤᠭᠰᠠᠨ ᠴᠠᠭ ᠨᠢ ᠤᠳᠠᠭᠠᠨ᠂ ᠬᠡᠪᠴᠢᠶ᠎ᠡ ᠨᠢ ᠪᠠᠭ᠎ᠠ᠂ ᠰᠠᠭᠤᠷᠢ ᠲᠥᠬᠦᠭᠡᠷᠦᠮᠵᠢ ᠨᠢ ᠪᠦᠷᠢᠨ ᠲᠡᠭᠦᠯᠳᠡᠷ ᠪᠤᠰᠤ ᠵᠡᠷᠭᠡ ᠣᠯᠠᠨ ᠵᠦᠢᠯ ᠤᠨ ᠰᠢᠯᠲᠠᠭᠠᠨ ᠠᠴᠠ ᠪᠣᠯᠵᠣ᠂ ᠣᠯᠠᠨ ᠵᠢᠯ ᠤᠨ ᠲᠤᠷᠰᠢ ᠰᠢᠲᠠᠮᠠᠬᠠᠶ ᠬᠡᠶ ᠨᠢ ᠶᠡᠷᠦ ᠨᠢ ᠨᠡᠪᠲᠡᠷᠡᠭᠡᠳᠦᠶ ᠪᠠᠶᠢᠵᠤ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠣᠷᠳᠣ ᠬᠤᠭᠤᠴᠠᠭ᠎ᠠ ᠪᠠᠷ ᠨᠡᠭᠦᠷᠡᠰᠦᠨ ᠬᠡᠶ ᠶᠢᠨ ᠰᠠᠪᠠ ᠪᠠᠷ ᠬᠤᠭᠤᠯᠠ ᠬᠢᠵᠦ ᠪᠠᠶᠢᠪᠠ᠃ ᠬᠤᠷᠢᠶᠠᠯᠠᠯ ᠳᠤ ᠴᠠᠬᠢᠯᠭᠠᠨ ᠱᠠᠲᠤ ᠥᠬᠡᠶ᠂ ᠨᠡᠭᠦᠷᠡᠰᠦᠨ ᠬᠡᠢ ᠶᠢᠨ ᠰᠠᠪᠠ ᠶᠢ ᠰᠣᠯᠢᠬᠤ ᠳᠤ ᠮᠠᠰᠢ ᠣᠯᠠᠨ ᠳᠥᠭᠦᠮ ᠦᠭᠡᠢ ᠪᠠᠶᠢᠳᠠᠯ ᠣᠷᠣᠰᠢᠵᠤ᠂ ᠪᠠᠰᠠ ᠲᠦᠢᠯ ᠤᠨ ᠶᠡᠭᠡ ᠠᠮᠤᠷ ᠲᠦᠪᠰᠢᠨ ᠤ ᠡᠭᠦᠰᠴᠦ ᠪᠣᠯᠵᠣᠰᠢ ᠦᠭᠡᠢ ᠠᠶᠤᠯ ᠣᠷᠣᠰᠢᠵᠤ ᠪᠠᠶᠢᠨ᠎ᠠ᠃ ᠬᠥᠷᠰᠢ ᠵᠡᠷᠭᠡᠯᠡᠳᠡᠭᠡ ᠪᠠᠶᠢᠭ᠎ᠠ ᠰᠢᠤᠸᠠᠢ ᠹᠦ᠋ ᠬᠤᠸᠠ ᠶᠤᠸᠠᠨ ᠲᠣᠭᠤᠷᠢᠭ᠂ ᠰᠢᠤᠢ ᠴᠧᠨ ᠬᠠᠶ ᠠᠨ ᠰᠠᠭᠤᠭᠠᠯᠢ ᠲᠣᠭᠤᠷᠢᠭ ᠤᠨ ᠣᠷᠣᠨ ᠰᠠᠭᠤᠴᠠ ᠶᠢᠨ ᠠᠰᠠᠷ ᠴᠤ ᠠᠳᠠᠯᠢᠬᠠᠨ ᠪᠠᠶᠢᠳᠠᠯ ᠲᠠᠢ ᠪᠠᠶᠢᠵᠤ᠂ ᠪᠠᠶᠢᠭᠠᠯᠢ ᠶᠢᠨ ᠰᠢᠲᠠᠮᠠᠬᠠᠶ ᠬᠡᠶ ᠤᠭᠰᠠᠷᠠᠬᠤ ᠨᠢ ᠰᠠᠭᠤᠭᠠᠯᠢ ᠠᠷᠠᠳ ᠤᠨ ᠣᠯᠠᠨ ᠵᠢᠯ ᠤᠨ ᠲᠤᠷᠰᠢᠬᠢ ᠬᠠᠯᠠᠭᠤᠨ ᠬᠦᠰᠡᠯ ᠪᠣᠯᠤᠭᠰᠠᠨ ᠪᠠᠶᠢᠨ᠎ᠠ᠃
      ᠪᠠᠶᠢᠭᠠᠯᠢ ᠶᠢᠨ ᠰᠢᠲᠠᠮᠠᠬᠠᠶ ᠬᠡᠢ ᠶᠢ ᠡᠷᠦᠬᠡ ᠳᠤ ᠣᠷᠣᠭᠤᠯᠵᠤ ᠥᠭᠡᠷᠡᠴᠢᠯᠡᠬᠦ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠬᠤ ᠶᠢᠨ ᠲᠥᠯᠥᠭᠡ᠂ ᠬᠤᠷᠢᠶᠠᠯᠠᠯ ᠤᠨ ᠠᠵᠢᠯ ᠦᠢᠯᠡᠰ ᠤᠨ ᠵᠥᠪᠯᠡᠯ᠂ ᠠᠳᠠᠯ ᠠᠬᠤᠶ ᠶᠢᠨ ᠲᠠᠯ᠎ᠠ ᠪᠠᠷ ᠲᠦᠢᠯ ᠤᠨ ᠴᠢᠬᠤᠯᠠ ᠦᠢᠯᠡᠳᠦᠯ ᠦᠵᠡᠭᠦᠯᠪᠡ᠃ ᠲᠡᠳᠡ ᠰᠢᠤᠸᠠᠢ ᠶᠤᠸᠠᠨ ᠳ᠋ᠦᠩ ᠨᠡᠶᠢᠭᠡᠮ ᠲᠣᠭᠤᠷᠢᠭ ᠢ ᠢᠳᠡᠪᠬᠢᠲᠡᠶ ᠪᠠᠷ ᠬᠠᠮᠵᠢᠨ ᠡᠷᠦᠬᠡ ᠳᠤ ᠣᠷᠣᠵᠤ ᠰᠤᠷᠪᠤᠯᠵᠢᠯᠠᠬᠤ᠂ ᠶᠠᠷᠢᠯᠴᠠᠨ ᠴᠤᠭᠯᠠᠭᠤᠯᠬᠤ᠂ ᠰᠠᠨᠠᠮᠵᠢ ᠶᠢ ᠣᠶᠢᠯᠭᠠᠨ ᠵᠢᠭᠰᠠᠭᠠᠬᠤ ᠵᠡᠷᠭᠡ ᠬᠡᠯᠪᠡᠷᠢ ᠪᠠᠷ ᠪᠠᠶᠢᠭᠠᠯᠢ ᠶᠢᠨ ᠰᠢᠲᠠᠮᠠᠬᠠᠶ ᠬᠡᠢ ᠶᠢ ᠡᠷᠦᠬᠡ ᠳᠤ ᠣᠷᠣᠭᠤᠯᠬᠤ ᠬᠠᠮᠢᠶ᠎ᠠ ᠪᠦᠬᠦᠢ ᠵᠦᠢᠯᠡᠰ ᠤᠨ ᠲᠣᠭᠤᠷᠢᠨ ᠳᠤ ᠡᠷᠦᠬᠡ ᠳᠠᠷᠠᠭᠠᠯᠠᠨ ᠠᠷᠠᠳ ᠤᠨ ᠰᠠᠨᠠᠭ᠎ᠠ ᠶᠢ ᠰᠣᠨᠣᠰᠴᠤ ᠂ ᠰᠣᠯᠢᠯᠴᠠᠨ ᠵᠥᠪᠳᠡᠯᠴᠡᠬᠦ ᠶᠢᠨ ᠬᠠᠮᠲᠤ ᠰᠢᠲᠠᠮᠠᠬᠠᠶ ᠬᠡᠢ ᠶᠢᠨ ᠺᠣᠮᠫᠠᠨᠢ ᠲᠠᠢ ᠢᠳᠡᠪᠬᠢᠲᠡᠶ ᠪᠠᠷ ᠨᠡᠪᠲᠡᠷᠡᠯᠴᠡᠨ ᠬᠠᠷᠢᠯᠴᠠᠵᠤ᠂ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠪᠠ᠃ ᠣᠯᠠᠨ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠡᠴᠦᠰ ᠲᠡᠭᠡᠨ ᠲᠤᠰ ᠬᠡᠷᠡᠭ ᠢ ᠡᠬᠢᠯᠡᠨ ᠪᠦᠲᠦᠭᠡᠪᠡ᠃ ᠣᠳᠣᠬᠠᠨ ᠳᠤ ᠤᠭᠰᠠᠷᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ᠂ ᠰᠠᠭᠤᠭᠠᠯᠢ ᠠᠷᠠᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃       ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤᠨ ᠤ ᠨᠠᠨ ᠬᠤᠸᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠤᠸᠠᠢ ᠶᠤᠸᠠᠨ ᠳ᠋ᠦᠩ ᠨᠡᠶᠢᠭᠡᠮ ᠲᠣᠭᠤᠷᠢᠭ ︽ᠠᠷᠠᠳ ᠤᠨ ᠪᠠᠶᠢᠳᠠᠯ ᠢ ᠪᠠᠶᠢᠴᠠᠭᠠᠬᠤ︾᠎ ᠪᠠᠷ ᠢᠮᠠᠭᠲᠠ ︽ᠠᠷᠠᠳ ᠤᠨ ᠰᠠᠨᠠᠯ ᠬᠦᠰᠡᠯᠲᠡ ᠶᠢ ᠰᠢᠢᠳᠪᠦᠷᠢᠯᠡᠬᠦ︾᠎ ᠪᠠᠷ ᠵᠠᠩᠭᠢᠯᠠᠭ᠎ᠠ ᠶᠢᠨ ᠴᠡᠭ ᠪᠣᠯᠭᠠᠵᠤ᠂ ︽ᠠᠷᠠᠳ ᠲᠦᠮᠡᠨ ᠢ ᠬᠠᠯᠠᠮᠵᠢᠯᠠᠬᠤ︾᠎ ᠶᠢ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠰᠠᠨᠠᠭᠠᠰᠢᠷᠠᠵᠤ ᠪᠠᠶᠢᠭ᠎ᠠ ᠶᠠᠪᠤᠳᠠᠯ᠂ ᠵᠣᠪᠠᠵᠤ ᠪᠠᠶᠢᠭ᠎ᠠ ᠶᠠᠪᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠥᠬᠡᠶ ᠦᠢᠯᠡᠳᠦᠯᠭᠡᠵᠢᠭᠦᠯᠵᠦ᠂ ᠰᠠᠭᠤᠭᠠᠯᠢ ᠠᠷᠠᠳ ᠲᠤ ᠦᠢᠯᠡᠴᠢᠯᠡᠬᠦ ᠬᠠᠯᠠᠭᠤᠨ ᠳᠤᠯᠠᠭᠠᠨ ᠨᠡᠶᠢᠭᠡᠮ ᠲᠣᠭᠤᠷᠢᠭ ᠢ ᠴᠢᠷᠮᠠᠶᠢᠨ ᠪᠠᠶᠢᠭᠤᠯᠤᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号