ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠠᠯᠠᠱᠠ ᠵᠡᠭᠦᠨ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠮᠠᠰᠢᠨ ᠲᠡᠷᠭᠡᠨ ᠤ ᠳᠠᠭᠠᠳᠬᠠᠯ ᠤᠨ ᠦᠢᠯᠡᠴᠢᠯᠡᠭᠡᠨ ᠤ ᠦᠨᠳᠦᠰᠦᠨ ᠭᠡᠷ᠎ᠡ ᠪᠠᠷ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠲᠠ ᠶᠢ ᠥᠷᠨᠢᠭᠦᠯᠬᠦ ᠲᠤᠬᠠᠶ ᠵᠠᠬᠢᠳᠠᠯ
ᠨᠡᠶᠢᠲᠡᠯᠡᠭᠰᠡᠨ ᠴᠠᠭ᠄
2024/5/9
      ᠠᠯᠠᠱᠠ ᠵᠡᠭᠦᠨ ᠬᠤᠰᠢᠭᠤᠨ ᠤ ᠡᠯ᠎ᠡ ᠲᠥᠰᠦᠪ ᠤᠨ ᠬᠤᠳᠠᠯᠳᠤᠨ ᠠᠪᠬᠤ ᠨᠢᠭᠡᠴᠢ᠄      ᠡᠳ᠋ ᠤᠨ ᠵᠠᠰᠠᠭ ᠤᠨ ᠶᠠᠮᠤᠨ ᠤ ᠵᠠᠷᠯᠢᠭ 110 ᠳ᠋ᠤᠭᠠᠷᠲᠤ ︽ᠵᠠᠰᠠᠭ ᠤᠨ ᠣᠷᠳᠣᠨ ᠤ ᠬᠤᠳᠠᠯᠳᠤᠨ ᠠᠪᠬᠤ ᠦᠨᠳᠦᠰᠦᠨ ᠭᠡᠷ᠎ᠡ ᠲᠣᠭᠲᠠᠵᠤ ᠬᠤᠳᠠᠯᠳᠤᠨ ᠠᠪᠬᠤ ᠠᠷᠭ᠎ᠠ ᠮᠠᠶ᠋ᠢᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠨᠠᠶᠢᠳᠠᠪᠤᠷᠢᠵᠢᠭᠤᠯᠬᠤ ᠵᠣᠷᠢᠯᠭ᠎ᠠ ᠪᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠦᠨᠳᠦᠰᠦᠨ ᠭᠡᠷ᠎ᠡ ᠶᠢ ᠴᠠᠬᠢᠮ ᠬᠤᠳᠠᠯᠳᠤᠨ ᠠᠪᠬᠤ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠬᠠᠮᠢᠶ᠎ᠠ ᠪᠥᠬᠦᠶ ᠠᠵᠢᠯ ᠤᠨ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠡᠳᠦᠭᠡ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠨᠢ ᠪᠥᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠮᠠᠰᠢᠨ ᠲᠡᠷᠭᠡᠨ ᠤ ᠳᠠᠭᠠᠳᠬᠠᠯ ᠤᠨ ᠦᠢᠯᠡᠴᠢᠯᠡᠭᠡᠨ ᠤ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠪᠠ᠃      ᠨᠢᠭᠡ᠂ ᠬᠤᠳᠠᠯᠳᠤᠨ ᠠᠪᠬᠤ ᠠᠷᠭ᠎ᠠ ᠮᠠᠶ᠋ᠢᠭ      ᠦᠨᠳᠦᠰᠦᠨ ᠭᠡᠷ᠎ᠡ ᠢ ᠬᠤᠳᠠᠯᠳᠤᠨ ᠠᠪᠬᠤ ︵ᠨᠡᠭᠡᠭᠡᠯᠲᠡᠲᠦ︶      ᠬᠤᠶᠠᠷ᠂ ᠡᠯᠰᠡᠬᠦ ᠠᠭᠤᠯᠭ᠎ᠠ      ᠠᠯᠪᠠᠨ ᠶᠠᠪᠤᠳᠠᠯ ᠳᠤ ᠬᠡᠷᠡᠭᠯᠡᠬᠦ ᠮᠠᠰᠢᠨ ᠲᠡᠷᠭᠡᠨ ᠤ ᠳᠠᠭᠠᠳᠭᠠᠯ ᠤᠨ ᠦᠢᠯᠡᠴᠢᠯᠡᠭᠡᠨ ᠤ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ᠃ ︵ᠬᠠᠪᠰᠤᠷᠤᠯᠲᠠ ᠶᠢ ᠦᠵᠡ︶      ᠭᠤᠷᠪᠠ᠂ ᠬᠠᠷᠢᠭᠤᠯᠲᠠ ᠳᠠᠭᠤᠰᠬᠤ ᠴᠠᠭ ᠪᠠ ᠠᠷᠭ᠎ᠠ ᠮᠠᠶ᠋ᠢᠭ      ᠡᠯ᠎ᠡ ᠪᠠᠶᠢᠭᠤᠯᠭ᠎ᠠ ᠨᠢᠭᠡᠴᠢ 2024 ᠣᠨ ᠤ 5 ᠰᠠᠷ᠎ᠠ ᠶᠢᠨ 10᠎ ᠤ ᠡᠳᠦᠷ ᠠᠴᠠ ᠡᠮᠦᠨ᠎ᠡ ᠲᠣᠰ ᠨᠢᠭᠡᠴᠢ ᠶᠢᠨ ᠢᠶᠠᠨ 2023 ᠣᠨ ᠤ ᠳᠣᠳᠦᠷ᠎ᠠ ᠠᠯᠪᠠᠨ ᠠᠵᠢᠯ ᠢᠶᠠᠨ ᠶᠠᠪᠤᠭᠳᠠᠭᠤᠯᠬᠤ ᠶᠢ ᠬᠦᠰᠡᠵᠦ ᠪᠠᠶᠢᠨ᠎ᠠ      ᠮᠠᠰᠢᠨ ᠲᠡᠷᠭᠡᠨ ᠤ ᠳᠠᠭᠠᠳᠬᠠᠯ ᠤᠨ ᠦᠢᠯᠡᠴᠢᠯᠡᠭᠡᠨ ᠢ ᠬᠤᠳᠠᠯᠳᠤᠨ ᠠᠪᠤᠭᠰᠠᠨ ᠪᠠᠶᠢᠳᠠᠯ ᠠᠯᠠᠱᠠ ᠵᠡᠭᠦᠨ ᠬᠤᠰᠢᠭᠤᠨ ᠤ ᠪᠢᠴᠢᠭ ᠮᠠᠲ᠋ᠧᠷᠢᠶᠠᠯ ᠳᠠᠮᠵᠢᠭᠤᠯᠬᠤ ᠰᠢᠰᠲ᠋ᠧᠮ ᠢᠶᠠᠷ ᠳᠠᠮᠵᠢᠭᠤᠯᠤᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠬᠠᠷᠢᠭᠤᠯᠵᠤ᠂ ᠪᠢᠴᠢᠭ ᠮᠠᠲ᠋ᠧᠷᠢᠶᠠᠯ ᠢ ᠬᠠᠷᠢᠭᠤᠯᠬᠤ ᠳᠤ ᠠᠯᠪᠠᠨ ᠲᠠᠮᠠᠭ᠎ᠠ ᠳᠠᠷᠤᠭᠤᠯᠬᠤ ᠶᠢᠨ ᠬᠠᠮᠲᠤ ᠬᠠᠷᠢᠯᠴᠠᠬᠤ ᠬᠥᠮᠦᠨ ᠪᠠ ᠬᠠᠷᠢᠯᠴᠠᠬᠤ ᠤᠲᠠᠰᠤ ᠶᠢ ᠲᠣᠳᠣᠷᠬᠠᠶ ᠪᠢᠴᠢᠨ᠎ᠡ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      ᠬᠠᠷᠢᠯᠴᠠᠬᠤ ᠬᠥᠮᠦᠨ᠄ ᠸᠠᠩ ᠶᠠᠨ ᠬᠤᠩ      ᠬᠠᠷᠢᠯᠴᠠᠬᠤ ᠤᠲᠠᠰᠤ᠄ 0483-8224116      ᠡᠯ᠎ᠡ ᠲᠥᠰᠦᠪ ᠤᠨ ᠨᠢᠭᠡᠴᠢ ᠶᠢᠨ ᠢᠳᠡᠪᠬᠢᠲᠡᠢ ᠣᠷᠣᠯᠴᠠᠭᠰᠠᠨ᠂ ᠡᠷᠬᠢᠮ ᠰᠠᠨᠠᠯ ᠬᠦᠰᠡᠯᠲᠡ ᠪᠠᠨ ᠳᠤᠷᠠᠳᠤᠭᠠᠷᠠᠢ᠃      ᠬᠠᠪᠰᠤᠷᠤᠯᠲᠠ᠄ ︽ᠠᠯᠠᠱᠠ ᠵᠡᠭᠦᠨ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠮᠠᠰᠢᠨ ᠲᠡᠷᠭᠡᠨ ᠤ ᠳᠠᠭᠠᠳᠬᠠᠯ ᠤᠨ ᠦᠢᠯᠡᠴᠢᠯᠡᠭᠡᠨ ᠤ ᠦᠨᠳᠦᠰᠦᠨ ᠭᠡᠷ᠎ᠡ ᠲᠣᠭᠲᠠᠵᠤ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ︾      ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ      2024 ᠣᠨ ᠤ 4 ᠰᠠᠷ᠎ᠠ ᠶᠢᠨ 22᠎ ᠤᠨ ᠡᠳᠦᠷ          ᠮᠡᠳᠡᠭᠡ ᠵᠠᠩᠭᠢ ᠶᠢᠨ ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号