ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠶᠦᠨ ᠳ᠋ᠡ ︵ᠠᠯᠠᠱᠠ ᠠᠶᠢᠮᠠᠭ︶ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/5/9
ᠠᠯᠠᠱᠠ ᠠᠶᠢᠮᠠᠭ ᠤᠨ ᠶᠦᠨ ᠳ᠋ᠠ ᠱᠧᠩ ᠨᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠄      ᠲᠠᠨ ᠤ ᠺᠣᠮᠫᠠᠨᠢ ︽ᠶᠦᠨ ᠳ᠋ᠡ ︵ᠠᠯᠠᠱᠠ ᠠᠶᠢᠮᠠᠭ︶᠎ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠦᠢᠯᠡᠳᠬᠦ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠬᠦ ᠲᠤᠬᠠᠶ ᠵᠠᠬᠢᠳᠠᠯ︾᠎ ᠢ ᠴᠢᠨᠢ ᠣᠯᠵᠤ ᠣᠶᠢᠯᠠᠭᠠᠪᠠ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾᠎ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠵᠢᠭᠠᠯᠲᠠ ᠶᠢᠨ ᠳᠠᠭᠠᠤ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ ᠵᠥᠪᠰᠢᠶᠡᠷᠡᠬᠦ ᠪᠠᠷ ᠲᠣᠭᠲᠠᠪᠠ᠃      ᠨᠢᠭᠡ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ      ︵ᠨᠢᠭᠡ︶ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ 7.09 ᠾᠧᠺᠲ᠋ᠠᠷ ᠲᠤ ᠬᠦᠷᠬᠦ ᠶᠢ ᠦᠨᠳᠦᠰᠦᠨ ᠳᠡᠭᠡᠨ ᠵᠥᠪᠰᠢᠶᠡᠷᠡᠪᠡ᠃      ︵ᠬᠤᠶᠠᠷ︶ ᠬᠥᠷᠥᠰᠥ ᠰᠢᠷᠣᠢ ᠶᠢᠨ ᠢᠳᠡᠭᠳᠡᠯ ᠢ ᠰᠡᠷᠭᠡᠢᠯᠡᠨ ᠵᠠᠰᠠᠬᠤ ᠠᠵᠢᠯ ᠳᠤ ᠤᠮᠠᠷᠠᠲᠤ ᠣᠷᠣᠨ ᠤ ᠰᠠᠯᠬᠢ ᠡᠯᠡᠰᠦᠨ ᠤ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃      ︵ᠭᠤᠷᠪᠠ︶ ᠦᠨᠳᠦᠰᠦᠨ ᠳᠦᠰᠦᠯ ᠳᠤ ᠲᠣᠭᠲᠠᠭᠠᠭᠰᠠᠨ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠨᠢ ᠤᠮᠠᠷᠠᠲᠤ ᠣᠷᠣᠨ ᠤ ᠰᠠᠯᠬᠢ ᠰᠢᠭᠤᠷᠭᠠᠨ ᠤ ᠣᠷᠣᠨ ᠤ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠨᠢᠭᠡᠳᠦᠭᠡᠷ ᠲᠠᠰ ᠤᠨ ᠪᠠᠷᠢᠮᠵᠢᠶ᠎ᠠ ᠵᠢᠴᠢ ᠡᠭᠦᠨ ᠵᠢᠭᠠᠯᠲᠠ ᠶᠢᠨ ᠳᠠᠭᠠᠤ ᠲᠣᠭᠲᠠᠭᠠᠭᠰᠠᠨ ᠰᠡᠷᠭᠡᠶᠢᠯᠡᠨ ᠵᠠᠰᠠᠬᠤ ᠢᠯᠡᠳᠬᠡᠮᠵᠢ ᠶᠢᠨ ᠬᠡᠮᠵᠢᠭᠳᠡᠯ ᠢ ᠬᠡᠷᠡᠭᠵᠢᠭᠦᠯᠦᠨ᠎ᠡ᠃ ᠵᠢᠷᠤᠭ ᠲᠥᠯᠥᠪᠯᠡᠭᠡ ᠶᠢᠨ ᠬᠢᠷᠢ ᠲᠦᠪᠰᠢᠨ ᠤ ᠵᠢᠯ ᠤᠨ ᠬᠠᠷᠠᠯᠲᠠᠲᠤ ᠬᠡᠮᠵᠢᠭᠳᠡᠯ ᠨᠢ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠬᠡᠮᠵᠢᠶ᠎ᠡ 85%᠂ ᠬᠥᠷᠥᠰᠥ ᠰᠢᠷᠣᠶ ᠶᠢᠨ ᠢᠳᠡᠭᠳᠡᠯ ᠢ ᠬᠢᠵᠠᠭᠠᠷᠯᠠᠬᠤ ᠨᠤᠷᠮ᠎ᠠ 0.8%᠂ ᠬᠤᠭ ᠰᠢᠷᠣᠶ ᠶᠢᠨ ᠰᠡᠷᠭᠡᠶᠢᠯᠡᠨ ᠬᠠᠮᠠᠭᠠᠯᠠᠬᠤ ᠨᠣᠷᠮ᠎ᠠ 87%᠂ ᠣᠶ ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ 93%᠂ ᠣᠶ ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠣᠷᠮ᠎ᠠ 17%᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ ᠱᠠᠭᠠᠷᠳᠠᠯᠭ᠎ᠠ ᠥᠬᠡᠶ᠃      ︵ᠲᠦᠷᠪᠡ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠃      ︵ᠲᠠᠪᠤ︶ ᠤᠰᠤ ᠬᠥᠷᠥᠰᠥ ᠶᠢ ᠬᠠᠮᠠᠭᠠᠯᠠᠬᠤ ᠨᠥᠬᠦᠪᠥᠷᠢ ᠮᠥᠩᠭᠦ 12.053 ᠲᠦᠮᠡᠨ ᠲᠥᠭᠦᠷᠢᠭ᠃      ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃      ︵ᠨᠢᠭᠡ︶ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠤᠳᠤᠷᠢᠳᠤᠯᠭ᠎ᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠵᠣᠬᠢᠶᠠᠨ ᠪᠠᠶᠢᠭᠤᠯᠤᠨ ᠤᠳᠤᠷᠢᠳᠬᠤ ᠶᠢ ᠬᠠᠷᠢᠭᠤᠴᠠᠬᠤ ᠬᠡᠷᠡᠭᠲᠡᠶ᠃      ︵ᠬᠤᠶᠠᠷ︶ ᠵᠥᠪᠰᠢᠶᠡᠷᠡᠭᠰᠡᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠬᠥᠷᠥᠰᠥ ᠰᠢᠷᠣᠶ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠣᠯᠤᠨ ᠪᠠᠷᠢᠯᠭ᠎ᠠ ᠪᠠᠷᠢᠬᠤ ᠵᠢᠷᠤᠭ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠵᠡᠷᠭᠡ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃      ︵ᠭᠤᠷᠪᠠ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠥᠷᠥᠰᠥ ᠰᠢᠷᠣᠶ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠪᠠᠨ ᠴᠢᠩᠭ᠎ᠠ ᠬᠢᠵᠠᠭᠠᠷᠯᠠᠵᠤ᠂ ᠳᠤᠷ᠎ᠠ ᠪᠠᠷ ᠢᠶᠠᠨ ᠳᠠᠷᠤᠬᠤ᠂ ᠰᠠᠮᠠᠭᠤᠷᠠᠭᠤᠯᠬᠤ ᠪᠠ ᠭᠠᠵᠠᠷ ᠨᠤᠲᠤᠭ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠥᠲᠥᠭᠡᠨ ᠪᠠᠶᠢᠭᠤᠯᠬᠤ ᠬᠤᠭᠤᠴᠠᠭᠠᠨ ᠳᠤ ᠬᠥᠷᠥᠰᠥ ᠰᠢᠷᠣᠶ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃      ︵ᠲᠦᠷᠪᠡ︶ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠬᠥᠷᠥᠰᠥ ᠰᠢᠷᠣᠶ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠣᠪᠴᠢᠶ᠎ᠠ ᠳᠤ ᠬᠢᠨᠠᠨ ᠬᠡᠮᠵᠢᠭᠰᠡᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠃      ︵ᠲᠠᠪᠤ︶ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠬᠥᠷᠥᠰᠥ ᠰᠢᠷᠣᠶ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃      ᠭᠤᠷᠪᠠ᠂ ᠲᠤᠰ ᠵᠦᠢᠯ ᠤᠨ ᠭᠠᠵᠠᠷ᠂ ᠬᠡᠪᠴᠢᠶ᠎ᠡ ᠨᠢ ᠬᠡᠷᠪᠡ ᠴᠢᠬᠤᠯᠠ ᠶᠡᠭᠡ ᠬᠤᠪᠢᠷᠠᠯᠲᠠ ᠭᠠᠷᠪᠠᠯ᠂ ᠡᠰᠡᠬᠦᠯ᠎ᠡ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠣᠪᠴᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃      ᠳᠥᠷᠪᠡ᠂ ᠲᠠᠨ ᠤ ᠺᠣᠮᠫᠠᠨᠢ ᠪᠣᠯ ᠲᠣᠰ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠲᠣᠰ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠠᠴᠠ ᠡᠮᠦᠨ᠎ᠡ᠂ ᠠᠯᠠᠱᠠ ᠵᠡᠭᠦᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠶᠣᠰᠣᠭᠠᠷ ᠭᠦᠢᠴᠡᠳ ᠲᠤᠰᠢᠶᠠᠬᠤ ᠬᠡᠷᠡᠭᠲᠡᠶ︔ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ ᠬᠡᠷᠡᠭᠯᠡᠭᠰᠡᠨ ᠪᠤᠶᠤ ᠠᠵᠢᠯ ᠳᠠᠭᠤᠰᠴᠤ ᠰᠢᠯᠭᠠᠨ ᠠᠪᠬᠤ ᠠᠴᠠ ᠡᠮᠦᠨ᠎ᠡ᠂ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠥᠪᠡᠰᠦᠪᠡᠨ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠵᠦ᠂ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠵᠢᠷᠤᠮᠵᠢᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠵᠢᠴᠢ ᠲᠣᠰ ᠬᠢᠨᠠᠨ ᠵᠥᠪᠰᠢᠶᠡᠷᠡᠬᠦ ᠲᠣᠭᠲᠠᠭᠠᠯ᠂ ᠬᠥᠷᠥᠰᠥ ᠰᠢᠷᠣᠶ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠬᠤ ᠪᠠᠷᠢᠮᠵᠢᠶ᠎ᠠ ᠪᠠ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠠᠯᠪᠠᠨ ᠤ ᠰᠦᠯᠵᠢᠶ᠎ᠡ ᠪᠤᠶᠤ ᠪᠤᠰᠤᠳ ᠤᠯᠠᠨ ᠨᠡᠶᠢᠲᠡ ᠶᠢᠨ ᠣᠯᠵᠤ ᠮᠡᠳᠡᠭᠰᠡᠨ ᠰᠦᠯᠵᠢᠶᠡᠨ ᠳᠡᠭᠡᠷ᠎ᠡ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠢ ᠳᠤᠨᠢ ᠵᠠᠷᠯᠠᠨ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号