︽ᠠᠯᠠᠱᠠ ᠵᠡᠭᠦᠨ ᠬᠤᠰᠢᠭᠤᠨ ᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠷᠠᠭᠤᠨ ᠬᠤᠲᠠ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠲᠡᠷᠢᠭᠦᠨ ᠰᠡᠭᠦᠯᠴᠢ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠬᠦᠰᠦᠨᠦᠭᠲᠦ︾᠎ ᠳᠤ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ ᠵᠥᠪᠰᠢᠶᠡᠷᠡᠭᠰᠡᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/5/9
ᠠᠯᠠᠱᠠ ᠵᠡᠭᠦᠨ ᠬᠤᠰᠢᠭᠤᠨ ᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄      ᠲᠠᠨ ᠤ ᠺᠣᠮᠫᠠᠨᠢ ᠴᠢᠨᠢ ᠠᠯᠠᠱᠠ ᠵᠡᠭᠦᠨ ᠬᠤᠰᠢᠭᠤᠨ ᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠷᠠᠭᠤᠨ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠠᠩᠬᠠᠨ ᠤ ᠰᠡᠭᠦᠯᠴᠢ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ ᠭᠤᠶᠤᠴᠢᠯᠠᠯ ᠤᠨ ᠮᠠᠲ᠋ᠧᠷᠢᠶᠠᠯ ᠢ ᠨᠢᠭᠡᠨᠲᠡ ᠣᠯᠵᠤ ᠠᠪᠴᠠᠢ᠃ ᠲᠣᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠪᠡᠯ᠂ ︽ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︵ᠤᠰᠤᠨ ᠠᠰᠢᠭᠯᠠᠯᠲᠠ ᠶᠢᠨ ᠶᠠᠮᠤᠨ ᠤ ᠵᠠᠷᠯᠢᠭ 53 ᠳ᠋ᠤᠭᠠᠷᠲᠤ︶ ᠪᠠ ︽︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠰᠠᠨᠠᠯ︾ ︵ᠤᠰᠤ ᠬᠠᠮᠠᠭᠠᠯᠠᠬᠤ ﹇2019﹈ 160 ᠳ᠋ᠤᠭᠠᠷᠲᠤ︶ ᠵᠢᠭᠠᠯᠲᠠ ᠶᠢᠨ ᠳᠠᠭᠠᠤ᠂ ᠡᠳᠦᠭᠡ ᠵᠠᠰᠠᠭ ᠵᠠᠬᠢᠷᠭᠠᠨ ᠤ ᠵᠥᠪᠰᠢᠶᠡᠷᠡᠯ ᠢ ᠵᠥᠪᠰᠢᠶᠡᠷᠡᠬᠦ ᠪᠠᠷ ᠲᠣᠭᠲᠠᠪᠠ᠃      ᠲᠠᠨ ᠤ ᠺᠣᠮᠫᠠᠨᠢ ᠬᠥᠷᠥᠰᠥ ᠰᠢᠷᠣᠶ ᠶᠢ ᠬᠠᠮᠠᠭᠠᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠠᠯᠠᠯᠲᠠ ᠪᠠᠨ ᠴᠢᠩᠭ᠎ᠠ ᠭᠦᠢᠴᠡᠳᠬᠡᠵᠦ᠂ ᠵᠥᠪᠰᠢᠶᠡᠷᠡᠭᠰᠡᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠣᠰᠣᠭᠠᠷ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠥᠷᠨᠢᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号