ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠵᠢᠴᠢ 2024 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠣᠨ ᠤ ᠡᠭᠦᠷᠭᠡ ᠶᠢᠨ ᠨᠠᠷᠢᠨ ᠲᠠᠩᠰᠠ
ᠨᠡᠶᠢᠲᠡᠯᠡᠭᠰᠡᠨ ᠴᠠᠭ᠄
2024/5/9
       ᠨᠢᠭᠡ᠂ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ      1. ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠶᠢᠮᠠᠭ ᠤᠨ ᠵᠠᠬᠢᠷᠭ᠎ᠠ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠂ ᠠᠶᠤᠯᠭᠦᠶ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ᠃      2. ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠠᠶᠤᠯᠭᠦᠶ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠥᠬᠦᠶ ᠠᠶᠤᠯᠭᠦᠶ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃      3. ᠠᠶᠤᠯ ᠶᠡᠬᠡᠲᠡᠶ ᠠᠵᠢᠯ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠲᠥᠯᠥᠪᠵᠢᠭᠦᠯᠭᠡ᠂ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ ᠢ ᠬᠠᠷᠢᠭᠤᠴᠠᠵᠤ ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠬᠢᠭᠡᠳ ᠬᠥᠷᠰᠢ ᠵᠡᠷᠭᠡᠯᠡᠳᠡᠭᠡ ᠶᠢᠨ ᠠᠮᠤᠷ ᠲᠦᠪᠰᠢᠨ ᠤ ᠵᠠᠶ ᠶᠢ ᠴᠢᠩᠭ᠎ᠠ ᠠᠳᠬᠤᠨ᠎ᠠ᠃      4. ᠦᠨᠡᠮᠯᠡᠯ ᠦᠭᠡᠢ ᠪᠠᠷ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ᠂ ᠬᠠᠶᠢᠨ ᠪᠠᠶᠢᠴᠠᠭᠠᠬᠤ ᠦᠨᠡᠮᠯᠡᠯ ᠲᠠᠢ ᠪᠠᠷ ᠠᠭᠤᠷᠬᠠᠶ ᠮᠠᠯᠲᠠᠬᠤ᠂ ᠬᠢᠯᠢ ᠳᠠᠪᠠᠵᠤ ᠬᠠᠶᠢᠨ ᠪᠠᠶᠢᠴᠠᠭᠠᠬᠤ᠂ ᠵᠠᠭᠠᠭ ᠳᠠᠪᠠᠵᠤ ᠠᠭᠤᠷᠬᠠᠶ ᠮᠠᠯᠲᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠬᠠᠤᠯᠢ ᠪᠤᠰᠤ ᠠᠭᠤᠷᠬᠠᠶ ᠪᠠ ᠵᠠᠰᠠᠭ ᠤᠨ ᠣᠷᠳᠣᠨ ᠤ ᠰᠢᠢᠳᠪᠦᠷᠢᠯᠡᠬᠦ ᠪᠠᠷ ᠲᠣᠭᠲᠠᠭᠠᠭᠰᠠᠨ ᠠᠭᠤᠷᠬᠠᠶ ᠶᠢ ᠴᠠᠭᠠᠵᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠬᠠᠶᠠᠭᠳᠠᠮᠠᠯ ᠠᠭᠤᠷᠬᠠᠢ ᠶᠢᠨ ᠬᠤᠳᠳᠤᠭ ᠢ ᠵᠠᠰᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠬᠢᠨᠠᠨ ᠪᠠᠶᠢᠴᠠᠭᠠᠨ᠎ᠠ᠃      5. ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ︵ᠲᠡᠮᠦᠷᠯᠢᠭ ᠪᠠ ᠲᠡᠮᠦᠷᠯᠢᠭ ᠪᠤᠰᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠬᠦ ᠠᠴᠠ ᠪᠤᠰᠤᠳ︶ ᠪᠠ ᠬᠡᠮᠵᠢᠨ ᠵᠢᠷᠤᠬᠤ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      6. ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠵᠦ ᠳᠠᠬᠢᠨ ᠬᠠᠭᠠᠯᠪᠤᠷᠢᠯᠠᠬᠤ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠪᠠ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ      ᠬᠤᠶᠠᠷ᠂ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ 2024 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠦᠷᠭᠡ ᠶᠢᠨ ᠨᠠᠷᠢᠨ ᠲᠠᠩᠰᠠ      ︵ᠨᠢᠭᠡ︶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠶᠦᠩ ᠷᠧᠨ      1. ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃      2. ᠠᠶᠤᠯᠭᠦᠢ ᠦᠢᠯᠡᠳᠪᠦᠷᠢᠯᠡᠯ ᠢ ᠴᠢᠬᠤᠯᠠ ᠠᠵᠢᠯ ᠤᠨ ᠵᠥᠪᠯᠡᠬᠦ ᠠᠭᠤᠯᠭ᠎ᠠ ᠪᠠᠨ ᠪᠣᠯᠭᠠᠵᠤ᠂ ᠰᠢᠰᠲ᠋ᠧᠮ ᠤᠨ ᠳᠣᠲᠣᠷᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠳᠤᠮᠳᠠᠬᠢ ᠳᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠤᠳᠤᠯᠤᠨ ᠰᠢᠢᠳᠪᠦᠷᠢᠯᠡᠬᠦ ᠬᠡᠷᠡᠭᠲᠡᠶ᠃      3. ᠠᠶᠤᠯᠭᠦᠢ ᠦᠢᠯᠡᠳᠪᠦᠷᠢᠯᠡᠯ ᠤᠨ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠬᠠᠭᠠᠰ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠮᠤᠷ ᠲᠦᠪᠰᠢᠨ ᠤ ᠲᠤᠰᠬᠠᠢ ᠰᠡᠳᠦᠪᠲᠦ ᠤᠨᠤᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠤᠯᠠᠷᠢᠯ ᠪᠦᠷᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠤᠨ᠎ᠠ᠃      4. ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ︾᠎ ᠲᠠᠢ ᠪᠠᠶᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠬᠠᠷᠠᠯᠲᠠ ᠶᠢᠨ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃      5. ᠰᠠᠷ᠎ᠠ ᠪᠦᠷᠢ ᠦᠨᠳᠦᠰᠦᠨ ᠱᠠᠲᠤᠨ ᠳᠤ ᠭᠦᠨᠵᠡᠭᠡᠶᠢᠷᠡᠨ ᠨᠢᠭᠡ ᠤᠳᠠᠭ᠎ᠠ ᠠᠴᠠ ᠳᠡᠭᠡᠭᠰᠢ ᠪᠠᠶᠢᠴᠠᠭᠠᠯᠲᠠ ᠬᠢᠵᠦ᠃      ︵ᠬᠤᠶᠠᠷ︶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠶᠠᠩ ᠪᠥᠸᠧ      ᠲᠣᠪᠴᠢᠶ᠎ᠠ ᠶᠢᠨ ᠨᠠᠮ ᠪᠠ ᠣᠯᠠᠨ ᠲᠦᠮᠡᠨ ᠤ ᠲᠠᠰᠤᠭ ᠢ ᠵᠢᠯᠣᠭᠤᠳᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠤᠯ ᠳᠤᠭᠤᠶᠢᠯᠠᠩ ᠤᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠥᠷᠨᠢᠭᠦᠯᠦᠨ᠎ᠡ᠃      ︵ᠭᠤᠷᠪᠠ︶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠢᠤᠢ ᠬᠤᠩ ᠹᠧᠩ      1. ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠬᠦᠷᠢᠶ᠎ᠡ ᠵᠢᠴᠢ ᠲᠣᠪᠴᠢᠶ᠎ᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠠᠰᠤᠭ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠭᠡᠳ ᠥᠮᠴᠢᠯᠡᠭᠴᠢ ᠶᠢᠨ ᠡᠷᠬᠡ ᠠᠰᠢᠭ ᠤᠨ ᠭᠡᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃      2. ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃      ︵ᠲᠦᠷᠪᠡ︶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠢᠶᠠᠨ ᠬᠠᠶ ᠶᠤᠸᠠᠨ      1. ᠠᠵᠢᠯ ᠲᠥᠷᠥᠯ ᠤᠨ ᠬᠦᠷᠢᠶ᠎ᠡ ᠬᠡᠪᠴᠢᠶ᠎ᠡ ᠵᠢᠴᠢ ᠲᠣᠪᠴᠢᠶ᠎ᠠ ᠶᠢᠨ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠬᠢᠭᠡᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠲᠠᠰᠤᠭ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢ ᠵᠣᠬᠢᠶᠠᠨ ᠪᠠᠶᠢᠭᠤᠯᠤᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠠᠶᠤᠯᠭᠦᠶ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠬᠥᠭᠵᠢᠯᠲᠡ ᠶᠢᠨ ᠲᠥᠯᠥᠪᠵᠢᠭᠦᠯᠭᠡ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠲᠣᠭᠲᠠᠭᠠᠬᠤ ᠶᠢ ᠵᠢᠯᠣᠭᠤᠳᠤᠨ᠎ᠠ᠃      2. ᠬᠤᠪᠢᠳᠠᠨ ᠬᠠᠮᠢᠶᠠᠷᠴᠤ ᠪᠦᠬᠦᠢ ᠠᠵᠢᠯ ᠲᠥᠷᠥᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠦᠨ᠎ᠡ᠃ ᠰᠠᠷ᠎ᠠ ᠪᠦᠷᠢ ᠠᠶᠤᠯᠭᠦᠢ ᠦᠢᠯᠡᠳᠪᠦᠷᠢᠯᠡᠯ ᠤᠨ ᠲᠤᠬᠠᠢ ᠪᠠᠶᠢᠴᠠᠭᠠᠯᠲᠠ ᠶᠢᠨ ᠠᠵᠢᠯ ᠢ ᠨᠢᠭᠡ ᠤᠳᠠᠭ᠎ᠠ ᠠᠴᠠ ᠴᠥᠬᠡᠨ ᠪᠣᠰᠣ ᠬᠢᠬᠦ ᠬᠡᠷᠡᠭᠲᠡᠢ᠃      ︵ᠲᠠᠪᠤ︶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠸᠧᠶ ᠬᠠᠶ ᠪᠢᠩ      ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠵᠢᠴᠢ ᠲᠣᠪᠴᠢᠶ᠎ᠠ ᠶᠢᠨ ᠠᠯᠪᠠᠨ ᠭᠡᠷ᠂ ᠬᠠᠤᠯᠢ ᠲᠣᠭᠲᠠᠭᠠᠯ ᠤᠨ ᠬᠢᠨᠠᠨ ᠪᠠᠶᠢᠴᠠᠭᠠᠬᠤ ᠬᠢᠭᠡᠳ ᠬᠡᠮᠵᠢᠨ ᠵᠢᠷᠤᠬᠤ ᠲᠠᠰᠤᠭ᠂ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠳᠤ ᠵᠠᠳᠠᠯᠤᠯᠲᠠ ᠬᠢᠵᠦ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠵᠦ᠂ ᠬᠡᠮᠵᠢᠨ ᠵᠢᠷᠤᠬᠤ ᠠᠵᠤ ᠠᠬᠤᠶᠢᠯᠠᠯ ᠢ ᠵᠢᠯᠣᠭᠤᠳᠤᠨ ᠠᠶᠤᠯ ᠦᠭᠡᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠯᠭᠡᠵᠦ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠦᠷᠨᠢᠭᠦᠯᠦᠨ᠎ᠡ᠃ ᠰᠠᠷ᠎ᠠ ᠪᠦᠷᠢ ᠠᠶᠤᠯᠭᠦᠢ ᠦᠢᠯᠡᠳᠪᠦᠷᠢᠯᠡᠯ ᠤᠨ ᠲᠤᠬᠠᠢ ᠪᠠᠶᠢᠴᠠᠭᠠᠯᠲᠠ ᠶᠢᠨ ᠠᠵᠢᠯ ᠢ ᠨᠢᠭᠡ ᠤᠳᠠᠭ᠎ᠠ ᠠᠴᠠ ᠴᠥᠬᠡᠨ ᠪᠣᠰᠣ ᠬᠢᠬᠦ ᠬᠡᠷᠡᠭᠲᠡᠢ᠃      ︵ᠵᠢᠷᠭᠤᠭ᠎ᠠ︶ ᠲᠣᠪᠴᠢᠶᠠᠨ ᠳᠠᠷᠤᠭ᠎ᠠ ᠶᠢᠨ ᠲᠤᠰᠠᠯᠠᠭᠴᠢ ᠰᠢ ᠯᠢᠶᠠᠩ      1. ᠬᠤᠪᠢᠶᠠᠷᠢᠯᠠᠨ ᠬᠠᠮᠢᠶᠠᠷᠬᠤ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠵᠢᠴᠢ ᠲᠣᠪᠴᠢᠶᠠᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠬᠢᠭᠡᠳ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠥᠷᠥᠭᠡ ᠶᠢ ᠵᠣᠬᠢᠶᠠᠨ ᠪᠠᠶᠢᠭᠤᠯᠤᠨ ᠠᠶᠤᠯᠭᠦᠢ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃      2. ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠢᠶᠠᠨ ᠰᠢᠮᠳᠠᠭᠤᠯᠤᠨ ᠵᠢᠯᠣᠭᠤᠳᠴᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠥᠷᠨᠢᠭᠦᠯᠬᠦ ᠬᠡᠷᠡᠭᠲᠡᠶ᠃ ᠰᠠᠷ᠎ᠠ ᠪᠦᠷᠢ ᠠᠶᠤᠯᠭᠦᠢ ᠦᠢᠯᠡᠳᠪᠦᠷᠢᠯᠡᠯ ᠤᠨ ᠲᠤᠬᠠᠢ ᠪᠠᠶᠢᠴᠠᠭᠠᠯᠲᠠ ᠶᠢᠨ ᠠᠵᠢᠯ ᠢ ᠨᠢᠭᠡ ᠤᠳᠠᠭ᠎ᠠ ᠠᠴᠠ ᠴᠥᠬᠡᠨ ᠪᠣᠰᠣ ᠬᠢᠬᠦ ᠬᠡᠷᠡᠭᠲᠡᠢ᠃      ︵ᠳᠤᠯᠤᠭ᠎ᠠ︶ ᠠᠯᠠᠱᠠ ᠵᠡᠭᠦᠨ ᠬᠤᠰᠢᠭᠤᠨ ᠤ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠠᠷᠠᠯᠵᠢᠶᠠᠨ ᠤ ᠲᠥᠪ ᠤᠨ ᠡᠷᠬᠢᠯᠡᠭᠴᠢ ᠪᠦᠦ ᠬᠠᠶ ᠷᠦᠩ      ᠠᠯᠠᠱᠠ ᠵᠡᠭᠦᠨ ᠬᠤᠰᠢᠭᠤᠨ ᠤ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠠᠷᠠᠯᠵᠢᠶᠠᠨ ᠤ ᠲᠥᠪ ᠤᠨ ᠡᠳᠦᠷ ᠲᠤᠲᠤᠮ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠷᠢᠭᠤᠴᠠᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠠᠶᠤᠯᠭᠦᠶ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃      ︵ᠨᠠᠢᠮᠠ︶ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠨᠠᠴᠢᠨ      ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠡᠳᠦᠷ ᠲᠤᠲᠤᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠵᠤ᠂ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠲᠠᠰᠤᠭ ᠤᠨ ᠰᠢᠯᠵᠢᠭᠦᠯᠦᠨ ᠡᠷᠭᠢᠯᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃      ︵ᠶᠢᠰᠦ︶ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠬᠢᠭᠡᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠠᠭᠠᠯᠠᠬᠤ ᠭᠡᠷ      1. ᠲᠣᠪᠴᠢᠶᠠᠨ ᠤ ᠠᠶᠣᠯᠭᠦᠢ ᠦᠢᠯᠡᠳᠪᠦᠷᠢᠯᠡᠯ ᠤᠨ ᠠᠯᠪᠠᠨ ᠭᠡᠷ ᠢ ᠠᠭᠤᠷᠬᠠᠢ ᠶᠢᠨ ᠡᠬᠢ ᠪᠠᠶᠠᠯᠢᠭ ᠤᠨ ᠬᠠᠮᠢᠶᠠᠷᠤᠯᠲᠠ ᠬᠢᠭᠡᠳ ᠠᠭᠤᠷᠬᠠᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠭᠡᠷ ᠲᠤ ᠲᠣᠬᠢᠷᠠᠭᠤᠯᠵᠤ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠶᠣᠯᠭᠦᠢ ᠦᠢᠯᠡᠳᠪᠦᠷᠢᠯᠡᠯ ᠤᠨ ᠠᠯᠪᠠᠨ ᠭᠡᠷ᠂ ᠠᠯᠠᠱᠠ ᠵᠡᠭᠦᠨ ᠬᠤᠰᠢᠭᠤᠨ ᠤ ᠠᠶᠣᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠠᠢ ᠬᠠᠷᠢᠯᠴᠠᠵᠤ᠂ ᠬᠠᠮᠢᠶ᠎ᠠ ᠪᠦᠬᠦᠢ ᠠᠵᠢᠯ ᠤᠨ ᠮᠡᠳᠡᠭᠳᠡᠯ ᠢ ᠤᠯᠠᠮᠵᠢᠯᠠᠵᠤ᠂ ᠠᠶᠣᠯᠭᠦᠢ ᠦᠢᠯᠡᠳᠪᠦᠷᠢᠯᠡᠯ ᠤᠨ ᠲᠤᠰᠬᠠᠢ ᠠᠵᠢᠯ ᠤᠨ ᠮᠡᠳᠡᠭᠦᠯᠦᠯᠲᠡ᠂ ᠮᠡᠳᠡᠭᠦᠯᠬᠦ ᠬᠦᠰᠦᠨᠦᠭᠲᠦ ᠶᠢ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠲᠣᠪᠴᠢᠶ᠎ᠠ ᠶᠢᠨ ᠠᠶᠣᠯᠭᠦᠢ ᠦᠢᠯᠡᠳᠪᠦᠷᠢᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      2. ᠠᠶᠤᠯᠭᠦᠢ ᠦᠢᠯᠡᠳᠪᠦᠷᠢᠯᠡᠯ ᠤᠨ ᠰᠠᠷ᠎ᠠ᠂ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ᠂ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠤᠬᠠᠭᠤᠯᠭ᠎ᠠ ᠶᠢᠨ ᠭᠠᠷᠠᠭ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠠᠶᠤᠯᠭᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠢ ᠳᠡᠶᠢᠴᠢᠯᠡᠨ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠰᠠᠨᠠᠭᠠᠴᠢᠯᠠᠭᠠᠲᠤ ᠴᠢᠨᠠᠷ ᠪᠣᠯᠤᠨ ᠤᠬᠠᠮᠰᠠᠷᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      3᠂ ᠪᠦᠬᠦ ᠬᠤᠰᠢᠭᠤᠨ ᠤ ᠬᠤᠭᠤᠴᠠᠭᠠᠨ ᠳᠠᠬᠢ ᠠᠭᠤᠷᠬᠠᠢ ᠨᠡᠭᠡᠭᠡᠨ ᠠᠰᠢᠭᠯᠠᠬᠤ ᠲᠥᠰᠦᠯ ᠢ ᠦᠯᠦ ᠵᠢᠷᠤᠮᠯᠠᠨ ᠨᠡᠭᠡᠭᠡᠨ ᠠᠰᠢᠭᠯᠠᠵᠤ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠳᠤᠷ᠎ᠠ ᠪᠠᠷ ᠢᠶᠠᠨ ᠬᠤᠪᠢᠷᠠᠭᠤᠯᠬᠤ ᠪᠠ ᠠᠭᠤᠷᠬᠠᠢ ᠶᠢᠨ ᠲᠥᠷᠥᠯ ᠢ ᠥᠭᠡᠷᠡᠴᠢᠯᠡᠬᠦ ᠵᠡᠷᠭᠡ ᠬᠠᠮᠢᠶ᠎ᠠ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠢᠨᠠᠨ ᠬᠠᠮᠢᠶᠠᠷᠬᠤ᠂ ᠬᠢᠨᠠᠨ ᠪᠠᠢᠴᠠᠭᠠᠬᠤ ᠠᠵᠢᠯ ᠢ ᠬᠠᠷᠢᠭᠤᠴᠠᠨ᠎ᠠ      ︵ᠠᠷᠪᠠ︶ ᠨᠠᠮ ᠤᠨ ᠣᠯᠠᠨ ᠤ ᠲᠠᠰᠤᠭ      ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠶᠤᠯᠭᠦᠢ ᠦᠢᠯᠡᠳᠪᠦᠷᠢᠯᠡᠯ ᠤᠨ ᠤᠨᠤᠯ ᠤᠨ ᠰᠤᠷᠤᠯᠴᠠᠯᠭ᠎ᠠ ᠶᠢᠨ ᠠᠵᠢᠯ ᠢ ᠪᠣᠳᠠᠲᠠᠶ ᠬᠠᠷᠢᠭᠤᠴᠠᠵᠤ᠂ ᠬᠠᠭᠠᠰ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠥᠷᠨᠢᠭᠦᠯᠦᠨ᠎ᠡ᠃      ︵ᠠᠷᠪᠠᠨ ᠨᠢᠭᠡ︶ ᠠᠯᠪᠠᠨ ᠭᠡᠷ      1. ᠪᠦᠬᠦ ᠲᠠᠯ᠎ᠠ ᠶᠢᠨ ᠭᠠᠯ ᠤᠨ ᠠᠶᠤᠯ ᠢ ᠰᠡᠷᠭᠡᠶᠢᠯᠡᠨ ᠬᠢᠵᠠᠭᠠᠷᠯᠠᠬᠤ᠂ ᠭᠠᠯ ᠤᠨᠲᠠᠷᠠᠭᠠᠬᠤ ᠲᠠᠯ᠎ᠠ ᠶᠢᠨ ᠠᠮᠤᠷ ᠲᠦᠪᠰᠢᠨ ᠤ ᠠᠵᠢᠯ ᠢ ᠬᠠᠷᠢᠭᠤᠴᠠᠵᠤ᠂ ᠭᠠᠯ ᠤᠨᠲᠠᠷᠠᠭᠠᠬᠤ ᠠᠵᠢᠯ ᠤᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠭᠠᠯ ᠤᠨᠲᠠᠷᠠᠭᠠᠬᠤ ᠠᠵᠢᠯ ᠤᠨ ᠪᠠᠲᠤᠯᠠᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠥᠮᠦᠵᠢᠯ ᠵᠢᠴᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠥᠷᠨᠢᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ᠂ ᠲᠤᠰᠠᠯᠠᠨ ᠰᠡᠷᠭᠡᠶᠢᠯᠡᠬᠦ ᠨᠢᠭᠡᠴᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠪᠦᠬᠦ ᠲᠠᠯ᠎ᠠ ᠶᠢᠨ ᠠᠵᠢᠯᠯᠠᠭᠰᠠᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃      2. ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠰᠣᠨᠢᠨ ᠰᠡᠳᠬᠦᠯ᠂ ᠠᠵᠢᠯ ᠤᠨ ᠨᠣᠮ ᠪᠢᠴᠢᠭ᠂ ᠳᠡᠯᠭᠡᠨ ᠦᠵᠡᠭᠦᠯᠬᠦ ᠬᠠᠪᠲᠠᠰᠤ ᠵᠡᠷᠭᠡ ᠮᠠᠲ᠋ᠧᠷᠢᠶᠠᠯ ᠢ ᠵᠠᠬᠢᠶᠠᠯᠠᠨ ᠬᠤᠳᠠᠯᠳᠤᠵᠤ ᠠᠪᠬᠤ ᠬᠡᠷᠡᠭᠲᠡᠶ᠃      ︵ᠠᠷᠪᠠᠨ ᠬᠤᠶᠠᠷ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠬᠢᠭᠡᠳ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠠᠰᠤᠭ      1. ᠵᠠᠭᠠᠭ ᠠᠯᠤᠰᠯᠠᠨ ᠬᠠᠶᠢᠨ ᠪᠠᠶᠢᠴᠠᠭᠠᠬᠤ᠂ ᠭᠠᠵᠠᠷ ᠰᠢᠨᠵᠢᠯᠡᠭᠡᠨ ᠤ ᠬᠠᠶᠢᠨ ᠰᠢᠨᠵᠢᠬᠦ᠂ ᠬᠠᠶᠠᠭᠳᠠᠮᠠᠯ ᠠᠭᠤᠷᠬᠠᠶ ᠶᠢᠨ ᠬᠤᠳᠳᠤᠭ ᠢ ᠵᠠᠰᠠᠬᠤ ᠠᠵᠢᠯ ᠢ ᠬᠠᠷᠢᠭᠤᠴᠠᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠪᠠ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾᠎ ᠤᠨ ᠶᠣᠰᠣᠭᠠᠷ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠣᠷᠣᠰᠢᠵᠤ ᠪᠠᠶᠢᠪᠠᠯ᠂ ᠭᠠᠵᠠᠷ ᠤᠨ ᠭᠠᠶ ᠭᠠᠮᠰᠢᠭ ᠤᠨ ᠠᠶᠤᠯᠲᠤ ᠣᠷᠣᠨ ᠢ ᠢᠯᠭᠠᠨ ᠲᠣᠭᠲᠠᠭᠠᠵᠤ᠂ ᠬᠦᠷᠢᠶ᠎ᠡ ᠬᠠᠰᠢᠶ᠎ᠠ ᠶᠢᠨ ᠲᠣᠤᠷ ᠳᠣᠭᠢᠷᠠᠭᠤᠯᠤᠨ᠂ ᠰᠡᠷᠡᠮᠵᠢᠯᠡᠭᠦᠯᠬᠦ ᠲᠡᠮᠳᠡᠭ ᠭᠠᠷᠭᠠᠵᠤ᠂ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ᠃ ᠠᠭᠤᠷᠬᠠᠶ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠬᠠᠷᠢᠭᠤᠴᠠᠯᠭ᠎ᠠ᠂ ᠠᠷᠭ᠎ᠠ ᠬᠡᠮᠵᠢᠶ᠎ᠡ ᠵᠢᠴᠢ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠪᠡᠯᠡᠳᠬᠡᠯ ᠲᠥᠰᠦᠯ ᠢ ᠲᠣᠭᠲᠠᠭᠠᠵᠤ ᠪᠣᠳᠠᠲᠠᠶᠢᠵᠢᠭᠤᠯᠬᠤ ᠬᠡᠷᠡᠭᠲᠡᠶ᠃      2. ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠨᠢᠭᠡᠴᠢ ᠶᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃      3. ᠪᠥᠬᠦ ᠬᠤᠰᠢᠭᠤᠨ ᠤ ᠠᠭᠤᠷᠬᠠᠶ ᠬᠠᠶᠢᠬᠤ ᠡᠷᠬᠡ ᠶᠢ ᠬᠠᠶᠢᠬᠤ ᠪᠠᠷ ᠮᠠᠯᠲᠠᠬᠤ ᠶᠢ ᠣᠷᠣᠯᠠᠭᠤᠯᠬᠤ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠶᠣᠰᠣᠭᠠᠷ ᠪᠠᠷᠢᠬᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠴᠠᠭ ᠲᠤᠬᠠᠶ ᠳᠤᠨᠢ ᠪᠢᠴᠢᠭ ᠢᠶᠠᠷ ᠮᠡᠳᠡᠭᠳᠡᠨ᠎ᠡ᠃      ︵ᠠᠷᠪᠠᠨ ᠭᠤᠷᠪᠠ︶ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠭᠦᠯᠭᠡ ᠶᠢᠨ ᠭᠡᠷ      1. ︽ᠠᠯᠠᠱᠠ ᠵᠡᠭᠦᠨ ᠬᠤᠰᠢᠭᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ ᠬᠡᠷᠡᠭ ᠵᠥᠪᠯᠡᠬᠦ ᠲᠦᠷᠢᠮ︾᠎ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠷᠠᠯ ᠳᠤ ᠣᠷᠣᠯᠴᠠᠭᠰᠠᠳ ᠠᠶᠤᠯᠭᠦᠢ ᠦᠢᠯᠡᠳᠪᠦᠷᠢᠯᠡᠯ ᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠠᠶᠤᠯ ᠶᠡᠬᠡᠲᠡᠶ ᠲᠥᠷᠥᠯ ᠵᠦᠢᠯ ᠢ ᠵᠢᠷᠤᠭᠯᠠᠨ ᠲᠥᠯᠥᠪᠯᠡᠵᠦ ᠬᠢᠨᠠᠨ ᠵᠥᠪᠰᠢᠶᠡᠷᠡᠬᠦ ᠤᠷᠢᠲᠠᠯ ᠪᠣᠯᠭᠠᠬᠤ ᠶᠢᠨ ᠬᠠᠮᠲᠤ ︽ᠨᠢᠭᠡ ᠪᠢᠯᠧᠲ ᠢᠶᠠᠷ ᠦᠭᠡᠶᠢᠰᠬᠡᠬᠦ ᠲᠦᠷᠢᠮ︾᠎ ᠢ ᠬᠡᠷᠡᠭᠵᠢᠭᠦᠯᠦᠨ᠎ᠡ᠃      ︵ᠨᠠᠢᠮᠠ︶ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠨᠠᠴᠢᠨ      ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠡᠳᠦᠷ ᠲᠤᠲᠤᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠵᠤ᠂ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠲᠠᠰᠤᠭ ᠤᠨ ᠰᠢᠯᠵᠢᠭᠦᠯᠦᠨ ᠡᠷᠭᠢᠯᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃      ︵ᠶᠢᠰᠦ︶ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠬᠢᠭᠡᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠠᠭᠠᠯᠠᠬᠤ ᠭᠡᠷ      1. ᠲᠣᠪᠴᠢᠶᠠᠨ ᠤ ᠠᠶᠣᠯᠭᠦᠢ ᠦᠢᠯᠡᠳᠪᠦᠷᠢᠯᠡᠯ ᠤᠨ ᠠᠯᠪᠠᠨ ᠭᠡᠷ ᠢ ᠠᠭᠤᠷᠬᠠᠢ ᠶᠢᠨ ᠡᠬᠢ ᠪᠠᠶᠠᠯᠢᠭ ᠤᠨ ᠬᠠᠮᠢᠶᠠᠷᠤᠯᠲᠠ ᠬᠢᠭᠡᠳ ᠠᠭᠤᠷᠬᠠᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠭᠡᠷ ᠲᠤ ᠲᠣᠬᠢᠷᠠᠭᠤᠯᠵᠤ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠶᠣᠯᠭᠦᠢ ᠦᠢᠯᠡᠳᠪᠦᠷᠢᠯᠡᠯ ᠤᠨ ᠠᠯᠪᠠᠨ ᠭᠡᠷ᠂ ᠠᠯᠠᠱᠠ ᠵᠡᠭᠦᠨ ᠬᠤᠰᠢᠭᠤᠨ ᠤ ᠠᠶᠣᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠠᠢ ᠬᠠᠷᠢᠯᠴᠠᠵᠤ᠂ ᠬᠠᠮᠢᠶ᠎ᠠ ᠪᠦᠬᠦᠢ ᠠᠵᠢᠯ ᠤᠨ ᠮᠡᠳᠡᠭᠳᠡᠯ ᠢ ᠤᠯᠠᠮᠵᠢᠯᠠᠵᠤ᠂ ᠠᠶᠣᠯᠭᠦᠢ ᠦᠢᠯᠡᠳᠪᠦᠷᠢᠯᠡᠯ ᠤᠨ ᠲᠤᠰᠬᠠᠢ ᠠᠵᠢᠯ ᠤᠨ ᠮᠡᠳᠡᠭᠦᠯᠦᠯᠲᠡ᠂ ᠮᠡᠳᠡᠭᠦᠯᠬᠦ ᠬᠦᠰᠦᠨᠦᠭᠲᠦ ᠶᠢ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠲᠣᠪᠴᠢᠶ᠎ᠠ ᠶᠢᠨ ᠠᠶᠣᠯᠭᠦᠢ ᠦᠢᠯᠡᠳᠪᠦᠷᠢᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      2. ᠠᠶᠤᠯᠭᠦᠢ ᠦᠢᠯᠡᠳᠪᠦᠷᠢᠯᠡᠯ ᠤᠨ ᠰᠠᠷ᠎ᠠ᠂ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ᠂ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠤᠬᠠᠭᠤᠯᠭ᠎ᠠ ᠶᠢᠨ ᠭᠠᠷᠠᠭ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠠᠶᠤᠯᠭᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠢ ᠳᠡᠶᠢᠴᠢᠯᠡᠨ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠰᠠᠨᠠᠭᠠᠴᠢᠯᠠᠭᠠᠲᠤ ᠴᠢᠨᠠᠷ ᠪᠣᠯᠤᠨ ᠤᠬᠠᠮᠰᠠᠷᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      3᠂ ᠪᠦᠬᠦ ᠬᠤᠰᠢᠭᠤᠨ ᠤ ᠬᠤᠭᠤᠴᠠᠭᠠᠨ ᠳᠠᠬᠢ ᠠᠭᠤᠷᠬᠠᠢ ᠨᠡᠭᠡᠭᠡᠨ ᠠᠰᠢᠭᠯᠠᠬᠤ ᠲᠥᠰᠦᠯ ᠢ ᠦᠯᠦ ᠵᠢᠷᠤᠮᠯᠠᠨ ᠨᠡᠭᠡᠭᠡᠨ ᠠᠰᠢᠭᠯᠠᠵᠤ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠳᠤᠷ᠎ᠠ ᠪᠠᠷ ᠢᠶᠠᠨ ᠬᠤᠪᠢᠷᠠᠭᠤᠯᠬᠤ ᠪᠠ ᠠᠭᠤᠷᠬᠠᠢ ᠶᠢᠨ ᠲᠥᠷᠥᠯ ᠢ ᠥᠭᠡᠷᠡᠴᠢᠯᠡᠬᠦ ᠵᠡᠷᠭᠡ ᠬᠠᠮᠢᠶ᠎ᠠ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠢᠨᠠᠨ ᠬᠠᠮᠢᠶᠠᠷᠬᠤ᠂ ᠬᠢᠨᠠᠨ ᠪᠠᠢᠴᠠᠭᠠᠬᠤ ᠠᠵᠢᠯ ᠢ ᠬᠠᠷᠢᠭᠤᠴᠠᠨ᠎ᠠ      ︵ᠠᠷᠪᠠ︶ ᠨᠠᠮ ᠤᠨ ᠣᠯᠠᠨ ᠤ ᠲᠠᠰᠤᠭ      ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠶᠤᠯᠭᠦᠢ ᠦᠢᠯᠡᠳᠪᠦᠷᠢᠯᠡᠯ ᠤᠨ ᠤᠨᠤᠯ ᠤᠨ ᠰᠤᠷᠤᠯᠴᠠᠯᠭ᠎ᠠ ᠶᠢᠨ ᠠᠵᠢᠯ ᠢ ᠪᠣᠳᠠᠲᠠᠶ ᠬᠠᠷᠢᠭᠤᠴᠠᠵᠤ᠂ ᠬᠠᠭᠠᠰ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠥᠷᠨᠢᠭᠦᠯᠦᠨ᠎ᠡ᠃      ︵ᠠᠷᠪᠠᠨ ᠨᠢᠭᠡ︶ ᠠᠯᠪᠠᠨ ᠭᠡᠷ      1. ᠪᠦᠬᠦ ᠲᠠᠯ᠎ᠠ ᠶᠢᠨ ᠭᠠᠯ ᠤᠨ ᠠᠶᠤᠯ ᠢ ᠰᠡᠷᠭᠡᠶᠢᠯᠡᠨ ᠬᠢᠵᠠᠭᠠᠷᠯᠠᠬᠤ᠂ ᠭᠠᠯ ᠤᠨᠲᠠᠷᠠᠭᠠᠬᠤ ᠲᠠᠯ᠎ᠠ ᠶᠢᠨ ᠠᠮᠤᠷ ᠲᠦᠪᠰᠢᠨ ᠤ ᠠᠵᠢᠯ ᠢ ᠬᠠᠷᠢᠭᠤᠴᠠᠵᠤ᠂ ᠭᠠᠯ ᠤᠨᠲᠠᠷᠠᠭᠠᠬᠤ ᠠᠵᠢᠯ ᠤᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠭᠠᠯ ᠤᠨᠲᠠᠷᠠᠭᠠᠬᠤ ᠠᠵᠢᠯ ᠤᠨ ᠪᠠᠲᠤᠯᠠᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠥᠮᠦᠵᠢᠯ ᠵᠢᠴᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠥᠷᠨᠢᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ᠂ ᠲᠤᠰᠠᠯᠠᠨ ᠰᠡᠷᠭᠡᠶᠢᠯᠡᠬᠦ ᠨᠢᠭᠡᠴᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠪᠦᠬᠦ ᠲᠠᠯ᠎ᠠ ᠶᠢᠨ ᠠᠵᠢᠯᠯᠠᠭᠰᠠᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃      2. ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠰᠣᠨᠢᠨ ᠰᠡᠳᠬᠦᠯ᠂ ᠠᠵᠢᠯ ᠤᠨ ᠨᠣᠮ ᠪᠢᠴᠢᠭ᠂ ᠳᠡᠯᠭᠡᠨ ᠦᠵᠡᠭᠦᠯᠬᠦ ᠬᠠᠪᠲᠠᠰᠤ ᠵᠡᠷᠭᠡ ᠮᠠᠲ᠋ᠧᠷᠢᠶᠠᠯ ᠢ ᠵᠠᠬᠢᠶᠠᠯᠠᠨ ᠬᠤᠳᠠᠯᠳᠤᠵᠤ ᠠᠪᠬᠤ ᠬᠡᠷᠡᠭᠲᠡᠶ᠃      ︵ᠠᠷᠪᠠᠨ ᠬᠤᠶᠠᠷ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠬᠢᠭᠡᠳ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠠᠰᠤᠭ      1. ᠵᠠᠭᠠᠭ ᠠᠯᠤᠰᠯᠠᠨ ᠬᠠᠶᠢᠨ ᠪᠠᠶᠢᠴᠠᠭᠠᠬᠤ᠂ ᠭᠠᠵᠠᠷ ᠰᠢᠨᠵᠢᠯᠡᠭᠡᠨ ᠤ ᠬᠠᠶᠢᠨ ᠰᠢᠨᠵᠢᠬᠦ᠂ ᠬᠠᠶᠠᠭᠳᠠᠮᠠᠯ ᠠᠭᠤᠷᠬᠠᠶ ᠶᠢᠨ ᠬᠤᠳᠳᠤᠭ ᠢ ᠵᠠᠰᠠᠬᠤ ᠠᠵᠢᠯ ᠢ ᠬᠠᠷᠢᠭᠤᠴᠠᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠪᠠ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠃ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾᠎ ᠤᠨ ᠶᠣᠰᠣᠭᠠᠷ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠣᠷᠣᠰᠢᠵᠤ ᠪᠠᠶᠢᠪᠠᠯ᠂ ᠭᠠᠵᠠᠷ ᠤᠨ ᠭᠠᠶ ᠭᠠᠮᠰᠢᠭ ᠤᠨ ᠠᠶᠤᠯᠲᠤ ᠣᠷᠣᠨ ᠢ ᠢᠯᠭᠠᠨ ᠲᠣᠭᠲᠠᠭᠠᠵᠤ᠂ ᠬᠦᠷᠢᠶ᠎ᠡ ᠬᠠᠰᠢᠶ᠎ᠠ ᠶᠢᠨ ᠲᠣᠤᠷ ᠳᠣᠭᠢᠷᠠᠭᠤᠯᠤᠨ᠂ ᠰᠡᠷᠡᠮᠵᠢᠯᠡᠭᠦᠯᠬᠦ ᠲᠡᠮᠳᠡᠭ ᠭᠠᠷᠭᠠᠵᠤ᠂ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ᠃ ᠠᠭᠤᠷᠬᠠᠶ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠬᠠᠷᠢᠭᠤᠴᠠᠯᠭ᠎ᠠ᠂ ᠠᠷᠭ᠎ᠠ ᠬᠡᠮᠵᠢᠶ᠎ᠡ ᠵᠢᠴᠢ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠪᠡᠯᠡᠳᠬᠡᠯ ᠲᠥᠰᠦᠯ ᠢ ᠲᠣᠭᠲᠠᠭᠠᠵᠤ ᠪᠣᠳᠠᠲᠠᠶᠢᠵᠢᠭᠤᠯᠬᠤ ᠬᠡᠷᠡᠭᠲᠡᠶ᠃      2. ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠨᠢᠭᠡᠴᠢ ᠶᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃      3. ᠪᠥᠬᠦ ᠬᠤᠰᠢᠭᠤᠨ ᠤ ᠠᠭᠤᠷᠬᠠᠶ ᠬᠠᠶᠢᠬᠤ ᠡᠷᠬᠡ ᠶᠢ ᠬᠠᠶᠢᠬᠤ ᠪᠠᠷ ᠮᠠᠯᠲᠠᠬᠤ ᠶᠢ ᠣᠷᠣᠯᠠᠭᠤᠯᠬᠤ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠶᠣᠰᠣᠭᠠᠷ ᠪᠠᠷᠢᠬᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠴᠠᠭ ᠲᠤᠬᠠᠶ ᠳᠤᠨᠢ ᠪᠢᠴᠢᠭ ᠢᠶᠠᠷ ᠮᠡᠳᠡᠭᠳᠡᠨ᠎ᠡ᠃      ︵ᠠᠷᠪᠠᠨ ᠭᠤᠷᠪᠠ︶ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠭᠦᠯᠭᠡ ᠶᠢᠨ ᠭᠡᠷ      1. ︽ᠠᠯᠠᠱᠠ ᠵᠡᠭᠦᠨ ᠬᠤᠰᠢᠭᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ ᠬᠡᠷᠡᠭ ᠵᠥᠪᠯᠡᠬᠦ ᠲᠦᠷᠢᠮ︾᠎ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠷᠠᠯ ᠳᠤ ᠣᠷᠣᠯᠴᠠᠭᠰᠠᠳ ᠠᠶᠤᠯᠭᠦᠢ ᠦᠢᠯᠡᠳᠪᠦᠷᠢᠯᠡᠯ ᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠠᠶᠤᠯ ᠶᠡᠬᠡᠲᠡᠶ ᠲᠥᠷᠥᠯ ᠵᠦᠢᠯ ᠢ ᠵᠢᠷᠤᠭᠯᠠᠨ ᠲᠥᠯᠥᠪᠯᠡᠵᠦ ᠬᠢᠨᠠᠨ ᠵᠥᠪᠰᠢᠶᠡᠷᠡᠬᠦ ᠤᠷᠢᠲᠠᠯ ᠪᠣᠯᠭᠠᠬᠤ ᠶᠢᠨ ᠬᠠᠮᠲᠤ ︽ᠨᠢᠭᠡ ᠪᠢᠯᠧᠲ ᠢᠶᠠᠷ ᠦᠭᠡᠶᠢᠰᠬᠡᠬᠦ ᠲᠦᠷᠢᠮ︾᠎ ᠢ ᠬᠡᠷᠡᠭᠵᠢᠭᠦᠯᠦᠨ᠎ᠡ᠃      2. ︽ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠣᠯᠠᠨᠪᠤᠯᠠᠭ ᠤᠨ ᠬᠢᠯᠢ ᠳᠠᠭᠠᠤ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶ ᠲᠥᠯᠥᠪᠵᠢᠭᠦᠯᠭᠡ︾᠎ ᠶᠢ ᠴᠢᠩᠭ᠎ᠠ ᠨᠠᠶᠢᠳᠠᠪᠤᠷᠢᠵᠢᠭᠤᠯᠤᠨ᠎ᠠ᠃      3. ᠭᠠᠯ ᠤᠨᠲᠠᠷᠠᠭᠠᠬᠤ ᠠᠭᠤᠯᠭ᠎ᠠ ᠶᠢ ᠬᠤᠰᠢᠭᠤᠨ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠤᠨ᠎ᠠ︔ ᠭᠠᠯ ᠤᠨᠲᠠᠷᠠᠭᠠᠬᠤ ᠥᠷᠲᠡᠭᠡ ᠵᠡᠷᠭᠡ ᠭᠠᠯ ᠤᠨᠲᠠᠷᠠᠭᠠᠬᠤ ᠣᠯᠠᠨ ᠨᠡᠶᠢᠲᠡ ᠶᠢᠨ ᠪᠡᠯᠡᠳᠬᠡᠮᠵᠢ ᠪᠠ ᠦᠢᠯᠡᠴᠢᠯᠡᠭᠡᠨ ᠤ ᠪᠡᠯᠡᠳᠬᠡᠮᠵᠢ ᠶᠢ ᠵᠦᠶ ᠵᠣᠬᠢᠰᠲᠠᠶ ᠪᠠᠶᠢᠷᠢᠯᠠᠭᠤᠯᠤᠨ᠎ᠠ︔ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠯ ᠤᠨᠲᠠᠷᠠᠭᠠᠬᠤ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠪᠢᠴᠢᠨ᠎ᠡ᠃      ︵ᠠᠷᠪᠠᠨ ᠳᠥᠷᠪᠡᠳᠦᠭᠡᠷ︶ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠥᠮᠴᠢᠯᠡᠭᠴᠢ ᠶᠢᠨ ᠡᠷᠬᠡ ᠠᠰᠢᠭ ᠤᠨ ᠲᠠᠰᠤᠭ      ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠵᠢᠯᠴᠠᠨ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠰᠢᠷᠣᠶ ᠶᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ᠃      ︵ᠠᠷᠪᠠᠨ ᠲᠠᠪᠤ︶ ᠬᠠᠤᠯᠢ ᠲᠣᠭᠲᠠᠭᠠᠯ ᠤᠨ ᠬᠢᠨᠠᠨ ᠪᠠᠢᠴᠠᠭᠠᠯᠲᠠ ᠪᠠ ᠬᠡᠮᠵᠢᠨ ᠵᠢᠷᠤᠬᠤ ᠲᠠᠰᠤᠭ      ᠬᠡᠮᠵᠢᠨ ᠵᠢᠷᠤᠬᠤ ᠨᠢᠭᠡᠴᠢ ᠶᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃      ︵ᠠᠷᠪᠠᠨ ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ      1. ᠬᠠᠷᠢᠶ᠎ᠠ ᠣᠷᠣᠨ ᠤ ᠳᠣᠲᠣᠷᠠᠬᠢ ᠠᠭᠤᠷᠬᠠᠶ ᠬᠠᠶᠢᠬᠤ ᠡᠷᠬᠡ ᠶᠢ ᠬᠠᠶᠢᠨ ᠪᠠᠶᠢᠴᠠᠭᠠᠬᠤ᠂ ᠠᠭᠤᠷᠬᠠᠶ ᠮᠠᠯᠲᠠᠬᠤ ᠡᠷᠬᠡ ᠶᠢ ᠨᠡᠭᠡᠭᠡᠨ ᠮᠠᠯᠲᠠᠬᠤ ᠳᠤ ᠡᠳᠦᠷ ᠲᠤᠲᠤᠮ ᠤᠨ ᠠᠶᠤᠯᠭᠦᠢ ᠦᠢᠯᠡᠳᠪᠦᠷᠢᠯᠡᠯ ᠢ ᠲᠣᠭᠤᠷᠢᠨ ᠪᠠᠶᠢᠴᠠᠭᠠᠬᠤ ᠪᠠ ᠬᠢᠨᠠᠯᠲᠠ ᠲᠠᠯᠪᠢᠵᠤ ᠬᠠᠮᠢᠶᠠᠷᠤᠨ᠎ᠠ᠃      2. ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠵᠤ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠤᠨ ᠠᠶᠤᠯᠭᠦᠢ ᠦᠢᠯᠡᠳᠪᠦᠷᠢᠯᠡᠯ ᠳᠤ ᠡᠳᠦᠷ ᠲᠤᠲᠤᠮ ᠤᠨ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ ᠪᠠ ᠬᠢᠨᠠᠯᠲᠠ ᠬᠠᠮᠢᠶᠠᠷᠤᠯᠲᠠ ᠬᠢᠨ᠎ᠡ᠃      3. ᠬᠠᠷᠢᠶ᠎ᠠ ᠣᠷᠣᠨ ᠤ ᠳᠣᠲᠣᠷᠠᠬᠢ ᠭᠠᠵᠠᠷ ᠤᠨ ᠭᠠᠶ ᠭᠠᠮᠰᠢᠭ ᠤᠨ ᠳᠠᠯᠳᠠ ᠭᠡᠮ ᠤᠨ ᠴᠢᠭ ᠲᠤ ᠪᠠᠶᠢᠩᠭᠤ ᠶᠢᠨ ᠴᠢᠨᠠᠷᠲᠠᠶ ᠲᠣᠭᠤᠷᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠳᠤ ᠵᠢᠯ ᠪᠦᠷᠢ ᠦᠶᠡᠷ ᠠᠴᠠ ᠡᠮᠦᠨ᠎ᠡ ᠵᠢᠭᠰᠠᠭᠠᠨ ᠪᠠᠶᠢᠴᠠᠭᠠᠬᠤ᠂ ᠦᠶᠡᠷ ᠠᠴᠠ ᠡᠮᠦᠨ᠎ᠡ ᠪᠠᠶᠢᠴᠠᠭᠠᠬᠤ ᠪᠠ ᠦᠶᠡᠷ ᠢ ᠬᠢᠨᠠᠨ ᠪᠠᠶᠢᠴᠠᠭᠠᠬᠤ ᠶᠢ ᠥᠷᠨᠢᠭᠦᠯᠵᠦ᠂ ᠭᠠᠵᠠᠷ ᠤᠨ ᠭᠠᠶ ᠭᠠᠮᠰᠢᠭ ᠤᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃      4. ᠲᠣᠰ ᠰᠤᠮᠤ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠳᠡᠯ ᠢ ᠪᠦᠷᠢᠳᠬᠡᠨ ᠵᠠᠳᠠᠯᠬᠤ ᠪᠠ ᠮᠡᠳᠡᠭᠦᠯᠬᠦ ᠠᠵᠢᠯ ᠢ ᠬᠠᠷᠢᠭᠤᠴᠠᠨ᠎ᠠ᠃ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠢᠨᠠᠵᠤ ᠪᠠᠶᠢᠴᠠᠭᠠᠨ᠎ᠠ᠃      5. ᠲᠤᠰ ᠭᠠᠵᠠᠷ ᠤᠨ ᠢᠶᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠬᠠᠷᠢᠭᠤᠴᠠᠨ᠎ᠠ᠃      ︵ᠠᠷᠪᠠᠨ ᠳᠣᠯᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ      ᠬᠢᠯᠢ ᠳᠠᠪᠠᠵᠤ ᠬᠠᠶᠢᠨ ᠪᠠᠶᠢᠴᠠᠭᠠᠬᠤ᠂ ᠦᠨᠡᠮᠯᠡᠯ ᠦᠭᠡᠢ ᠪᠠᠷ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ᠂ ᠵᠠᠭᠠᠭ ᠳᠠᠪᠠᠵᠤ ᠠᠭᠤᠷᠬᠠᠶ ᠮᠠᠯᠲᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠨ᠎ᠠ᠃      ︵ᠠᠷᠪᠠᠨ ᠨᠠᠢᠮᠠ︶ ᠠᠯᠠᠱᠠ ᠵᠡᠭᠦᠨ ᠬᠤᠰᠢᠭᠤᠨ ᠤ ᠭᠠᠵᠠᠷ ᠰᠢᠷᠣᠢ ᠬᠤᠳᠠᠯᠳᠤᠨ ᠠᠪᠴᠤ ᠬᠠᠳᠠᠭᠠᠯᠠᠬᠤ ᠠᠷᠠᠯᠵᠢᠶᠠᠨ ᠤ ᠲᠥᠪ      ᠠᠯᠠᠱᠠ ᠵᠡᠭᠦᠨ ᠬᠤᠰᠢᠭᠤᠨ ᠤ ᠡᠵᠡᠨ ᠥᠬᠡᠶ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ᠂ ᠬᠤᠳᠠᠯᠳᠤᠨ ᠠᠪᠴᠤ ᠨᠥᠭᠡᠴᠡᠯᠡᠬᠦ ᠭᠠᠵᠠᠷ ᠤᠨ ᠡᠮᠦᠨᠡᠬᠢ ᠬᠤᠭᠤᠴᠠᠭᠠᠨ ᠤ ᠨᠡᠭᠡᠭᠡᠨ ᠬᠥᠭᠵᠢᠭᠦᠯᠵᠦ ᠡᠮᠬᠢᠯᠡᠬᠦ ᠲᠥᠷᠥᠯ ᠵᠦᠢᠯ ᠤᠨ ᠪᠠᠷᠢᠯᠭ᠎ᠠ ᠪᠠᠷᠢᠬᠤ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠲᠥᠷᠥᠯ ᠵᠦᠢᠯ ᠤᠨ ᠪᠠᠷᠢᠯᠭ᠎ᠠ ᠪᠠᠷᠢᠬᠤ ᠨᠢᠭᠡᠴᠢ ᠶᠢ ᠰᠢᠮᠳᠠᠭᠤᠯᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃      2024 ᠣᠨ ᠤ 4 ᠰᠠᠷ᠎ᠠ ᠶᠢᠨ 29᠎ ᠤ ᠡᠳᠦᠷ    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号