ᠵᠡᠭᠦᠨ ᠪᠠᠯ ᠪᠠᠯᠭᠠᠰᠤᠨ ᠤ ᠦᠷ ᠤᠨ ᠲᠤᠶᠠᠭ᠎ᠠ ᠭᠠᠴᠠᠭ᠎ᠠ ᠶᠢᠨ 20 ᠲᠦᠮᠡᠨ ᠲᠠᠬᠢᠶ᠎ᠠ ᠲᠡᠵᠢᠭᠡᠨ ᠦᠷᠡᠵᠢᠭᠦᠯᠬᠦ ᠲᠥᠷᠥᠯ ᠵᠦᠢᠯ
ᠨᠡᠶᠢᠲᠡᠯᠡᠭᠰᠡᠨ ᠴᠠᠭ᠄
2024/5/9
            ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠬᠤ ᠵᠣᠷᠢᠯᠭ᠎ᠠ ᠪᠠᠷ᠂ ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠤ ᠦᠷ ᠤᠨ ᠲᠤᠶᠠᠭ᠎ᠠ ᠭᠠᠴᠠᠭ᠎ᠠ ︽ᠨᠠᠮ ᠤᠨ ᠡᠭᠦᠷ ᠬᠤᠷᠰᠢᠶᠠᠵᠢᠯ ᠤᠨ ᠬᠥᠲᠥᠴᠢ ᠠᠵᠤ ᠠᠬᠤᠶᠢᠯᠠᠯ︾᠎ ᠤᠨ ᠵᠠᠭᠪᠤᠷ ᠶᠣᠰᠣᠭᠠᠷ᠂ ᠠᠯᠠᠱᠠ ᠵᠡᠭᠦᠨ ᠬᠤᠰᠢᠭᠤᠨ ᠤ ᠱᠦᠨ ᠰᠢᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ 20 ᠲᠦᠮᠡᠨ ᠲᠠᠬᠢᠶ᠎ᠠ ᠲᠡᠵᠢᠭᠡᠨ ᠦᠷᠡᠵᠢᠭᠦᠯᠬᠦ ᠲᠥᠷᠥᠯ ᠵᠦᠢᠯ ᠢ ᠪᠠᠶᠢᠭᠤᠯᠤᠨ ᠬᠡᠷᠡᠭᠵᠢᠭᠦᠯᠵᠦ᠂ ᠣᠳᠣᠬᠠᠨ ᠳᠤ 20 ᠲᠦᠮᠡᠨ ᠲᠠᠬᠢᠶ᠎ᠠ ᠶᠢ ᠴᠥᠮ ᠲᠡᠵᠢᠭᠡᠯ ᠳᠤ ᠣᠷᠣᠭᠤᠯᠵᠤ᠂ ᠵᠢᠱᠢᠯᠲᠡ ᠪᠠᠷ 5 ᠳ᠋ᠤᠭᠠᠷ ᠰᠠᠷ᠎ᠠ ᠶᠢᠨ ᠳᠤᠮᠳᠠᠴᠢ ᠪᠠᠷ ᠥᠨᠳᠡᠭᠡᠨ ᠲᠠᠬᠢᠶ᠎ᠠ ᠶᠢᠨ ᠲᠠᠯᠠᠪᠠᠶ ᠶᠢᠨ ᠭᠠᠷᠤᠯᠲᠠ ᠪᠠᠨ ᠪᠡᠶᠡᠯᠡᠭᠦᠯᠬᠦ ᠪᠣᠯᠤᠨ᠎ᠠ᠃
      ᠠᠯᠠᠱᠠ ᠵᠡᠭᠦᠨ ᠬᠤᠰᠢᠭᠤᠨ ᠤ ᠱᠦᠨ ᠰᠢᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠤᠶᠤᠨᠴᠢᠯᠠᠭᠰᠠᠨ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠲᠠᠬᠢᠶᠠᠨ ᠡᠭᠦᠷ ᠲᠤ᠂ ︽ᠠᠭᠠᠷ ᠲᠣᠬᠢᠷᠠᠭᠤᠯᠤᠭᠴᠢ︾᠂ ᠰᠢᠮ᠎ᠡ ᠲᠡᠵᠢᠭᠡᠯ ᠲᠡᠵᠢᠭᠡᠨ ᠠᠷᠠᠴᠢᠯᠠᠬᠤ ᠬᠠᠮᠢᠶᠠᠷᠤᠯᠲᠠ᠂ ᠳᠤᠯᠠᠭᠠᠨ ᠤ ᠡᠵᠡᠮᠳᠡᠯ᠂ ᠲᠠᠰ ᠬᠤᠪᠢᠶᠠᠨ ᠪᠣᠭᠤᠳᠠᠯᠯᠠᠬᠤ ᠵᠡᠷᠭᠡ ᠪᠠᠷ ᠳᠠᠮᠵᠢᠨ᠂ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠨᠠᠷᠢᠯᠢᠭᠵᠢᠭᠤᠯᠤᠯᠲᠠ᠂ ᠤᠶᠤᠨᠴᠢᠯᠠᠯᠲᠠ ᠶᠢ ᠪᠡᠶᠡᠯᠡᠭᠦᠯᠪᠡ᠃ ᠠᠷᠢᠭᠤᠳᠬᠠᠬᠤ᠂ ᠰᠢᠭᠰᠢᠨ ᠰᠣᠩᠭᠤᠬᠤ᠂ ᠢᠯᠭᠠᠬᠤ᠂ ᠬᠠᠶᠢᠷᠴᠠᠭ ᠲᠤ ᠰᠠᠪᠠᠯᠠᠵᠤ᠂ ︽ᠳ᠋ᠠ ᠮᠦᠸᠧ ᠱᠦᠨ ᠰᠢᠩ︾ ᠲᠡᠮᠳᠡᠭᠲᠦ ᠪᠠᠨ ᠨᠠᠭᠠᠭᠠᠳ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠳᠠᠭ᠃       5 ᠰᠠᠷ᠎ᠠ ᠶᠢᠨ ᠰᠡᠭᠦᠯᠴᠢ ᠪᠣᠯᠬᠤ ᠳᠤ᠂ ᠱᠦᠨ ᠰᠢᠨ ᠦᠢᠯᠡᠳᠪᠦᠷᠢ ᠶᠢᠨ ᠦᠢᠯᠡᠳᠪᠦᠷᠢᠯᠡᠬᠦ ᠴᠢᠳᠠᠪᠤᠷᠢ ᠨᠢ ᠡᠳᠦᠷ ᠲᠤ 10 ᠲᠣᠨ ᠥᠨᠳᠡᠭᠡ ᠪᠠᠶᠢᠵᠤ᠂ ᠲᠠᠬᠢᠶᠠᠨ ᠥᠨᠳᠡᠭᠡ ᠶᠢ ᠭᠤᠣᠯᠳᠠᠭᠤ ᠢᠷᠭᠠᠶ᠂ ᠱᠠᠨᠰᠢ᠂ ᠾᠧᠨᠠᠨ ᠳᠤ ᠪᠣᠷᠣᠯᠠᠭᠤᠯᠵᠤ ᠪᠣᠢ᠃       20 ᠲᠦᠮᠡᠨ ᠳᠠᠬᠢᠶ᠎ᠠ ᠲᠡᠵᠢᠭᠡᠨ ᠦᠷᠡᠵᠢᠭᠦᠯᠬᠦ ᠲᠥᠷᠥᠯ ᠵᠦᠢᠯ ᠢ ᠦᠷ ᠤᠨ ᠲᠤᠶᠠᠭ᠎ᠠ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠠᠴᠠ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠬᠠᠷᠢᠭᠤᠴᠠᠵᠤ᠂ ᠤᠯᠤᠰ ᠤᠨ ᠥᠨᠳᠡᠭᠡᠨ ᠲᠠᠬᠢᠶᠠᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠠᠯᠠᠪᠠᠶ ᠶᠢᠨ ᠨᠢᠩᠰᠢᠶᠠ ᠶᠢᠨ ᠱᠦᠨ ᠪᠦᠦ ᠣᠲᠣ ᠦᠶ᠎ᠡ ᠶᠢᠨ ᠲᠠᠷᠢᠶᠠᠯᠠᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠣᠷᠣᠭᠤᠯᠤᠨ ᠲᠥᠷᠥᠯ ᠵᠦᠢᠯ ᠤᠨ ᠡᠵᠡᠩᠨᠡᠯᠲᠡ ᠶᠢᠨ ᠲᠠᠯ᠎ᠠ ᠪᠣᠯᠭᠠᠵᠤ᠂ ᠡᠷᠭᠢᠯᠲᠡ ᠶᠢᠨ ᠪᠠᠯᠠ ᠮᠥᠩᠭᠦ ᠴᠤᠭᠯᠠᠭᠤᠯᠬᠤ᠂ ᠲᠣᠰᠬᠤᠨ ᠠᠵᠤ ᠠᠬᠤᠶᠢᠯᠠᠯ ᠤᠨ ᠬᠠᠮᠲᠤᠷᠠᠯᠴᠠᠭᠠᠨ ᠤ ᠮᠡᠷᠭᠡᠵᠢᠯ ᠪᠠ ᠵᠠᠬ᠎ᠠ ᠳᠡᠯᠭᠡᠭᠦᠷ ᠤᠨ ᠲᠤᠯᠭᠠᠭᠤᠷᠢᠯᠠᠯ ᠢ ᠬᠠᠷᠢᠭᠤᠴᠠᠵᠠᠢ᠃ ᠭᠠᠴᠠᠭᠠᠨ ᠤ ᠬᠠᠮᠲᠤ ᠨᠡᠶᠢᠲᠡ ᠠᠴᠠ ᠵᠢᠯ ᠪᠦᠷᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠᠷ 140 ᠭᠠᠷᠤᠶ ᠲᠦᠮᠡᠨ ᠲᠥᠭᠦᠷᠢᠭ ᠤᠨ ᠲᠣᠭᠲᠠᠮᠠᠯ ᠠᠰᠢᠭ ᠣᠯᠵᠤ ᠪᠣᠯᠤᠨ᠎ᠠ᠃ ᠡᠭᠦᠨ ᠤ ᠬᠠᠮᠲᠤ᠂ ᠲᠠᠬᠢᠶᠠᠨ ᠤ ᠲᠠᠯᠠᠪᠠᠢ ᠨᠢ ᠵᠢᠯ ᠪᠦᠷᠢ ᠵᠠᠬ᠎ᠠ ᠳᠡᠯᠭᠡᠭᠦᠷ ᠲᠤ 3000 ᠭᠠᠷᠤᠶ ᠲᠣᠨ ᠴᠢᠨᠠᠷ ᠰᠠᠶᠢᠲᠠᠶ ᠰᠢᠨ᠎ᠡ ᠲᠠᠬᠢᠶᠠᠨ ᠥᠨᠳᠡᠭᠡ ᠬᠠᠩᠭᠠᠵᠤ᠂ ᠠᠯᠠᠱᠠ ᠠᠶᠢᠮᠠᠭ ᠤᠨ ᠭᠠᠵᠠᠷ ᠣᠷᠣᠨ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠥᠨᠳᠡᠭᠡᠨ ᠢᠳᠡᠭᠡᠨ ᠤ ᠬᠠᠩᠭᠠᠯᠭ᠎ᠠ ᠶᠢ ᠪᠠᠲᠤᠯᠠᠵᠠᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号