︽ᠠᠯᠠᠱᠠ ᠠᠶᠢᠮᠠᠭ ᠤᠨ ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/6/19
      ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠪᠣᠯ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠂ ᠪᠣᠯᠪᠠᠰᠤᠨ ᠡᠷᠡᠭᠦᠯ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠪᠥᠬᠦ ᠲᠠᠯ᠎ᠠ ᠪᠠᠷ ᠰᠠᠨᠠᠭᠠᠴᠢᠯᠠᠵᠤ᠂ ᠨᠡᠶᠢᠭᠡᠮ ᠤᠨ ᠡᠷᠡᠭᠦᠯ ᠮᠡᠨᠳᠦ ᠶᠢ ᠶᠡᠷᠦᠩᠬᠡᠶᠢᠯᠡᠨ ᠵᠠᠰᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠲᠠ ᠶᠢᠨ ᠠᠯᠳᠠᠷᠰᠢᠯ᠂ ᠢᠷᠠᠭᠤ ᠠᠯᠳᠠᠷ ᠤᠨ ᠬᠡᠮᠵᠢᠶ᠎ᠡ ᠪᠠ ᠶᠡᠷᠦᠩᠬᠡᠶᠢᠯᠡᠭᠰᠡᠨ ᠪᠣᠳᠠᠲᠤ ᠬᠦᠴᠦᠨ ᠢ ᠨᠡᠮᠡᠭᠳᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠃ ᠣᠶᠢᠷ᠎ᠠ ᠳᠤ᠂ ᠮᠠᠨ ᠤ ᠠᠶᠢᠮᠠᠭ ︽ᠠᠯᠠᠱᠠ ᠠᠶᠢᠮᠠᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠥᠰᠦᠯ︾᠎ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠤᠲᠠ ᠶᠢᠨ ᠦᠵᠡᠮᠵᠢ ᠴᠡᠪᠡᠷ ᠴᠡᠮᠴᠡᠭᠡᠷ᠂ ᠲᠥᠬᠦᠭᠡᠷᠦᠮᠵᠢ ᠪᠦᠷᠢᠨ᠂ ᠣᠷᠴᠢᠨ ᠲᠣᠭᠤᠷᠢᠨ ᠭᠤᠶᠢᠳᠠ ᠰᠠᠶᠢᠬᠠᠨ᠂ ᠦᠢᠯᠡᠴᠢᠯᠡᠭᠡ ᠰᠢᠯᠢᠳᠡᠭ᠂ ᠡᠮᠬᠢ ᠳᠢᠭᠯᠢᠮ ᠰᠢᠯᠢᠳᠡᠭ᠂ ᠪᠣᠯᠪᠠᠰᠤᠨ ᠡᠶ᠎ᠡ ᠵᠣᠬᠢᠴᠠᠯ ᠲᠠᠢ ᠠᠯᠠᠱᠠ ᠶᠢ ᠡᠭᠦᠳᠦᠨ ᠪᠠᠶᠢᠭᠤᠯᠬᠤ ᠶᠢᠨ ᠲᠥᠯᠥᠭᠡ᠂ ᠴᠠᠭ ᠤᠨ ᠬᠤᠪᠢᠶᠠᠷᠢ᠂ ᠵᠠᠮ ᠱᠤᠭᠤᠮ ᠤᠨ ᠵᠢᠷᠤᠭ ᠪᠠ ᠬᠠᠷᠢᠭᠤᠴᠠᠯᠭᠠᠲᠤ ᠨᠢᠭᠡᠴᠡ ᠶᠢ ᠲᠣᠳᠣᠷᠬᠠᠶᠢᠯᠠᠪᠠ᠃       ︽ᠲᠥᠰᠥᠯ︾᠎ ᠳᠤ ᠳᠤᠷᠠᠳᠤᠭᠰᠠᠨ ᠨᠢ᠂       ᠤᠯᠤᠰ ᠤᠨ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠨ᠎ᠠ᠃       ︽ᠠᠷᠠᠳ ᠤᠨ ᠲᠦᠯᠦᠭᠡ ᠴᠤᠭᠴᠠᠯᠠᠵᠤ᠂ ᠠᠷᠠᠳ ᠤᠨ ᠲᠦᠯᠦᠭᠡ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠬᠤ︾᠎ ᠪᠠᠷ ᠵᠣᠷᠢᠯᠲᠠ  ᠪᠣᠯᠭᠠᠨ᠎ᠠ᠃       ︽ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠬᠤ᠂ ᠰᠠᠯᠠᠭ᠎ᠠ ᠮᠥᠴᠢᠷ ᠤᠳ ᠣᠷᠣᠯᠴᠠᠬᠤ᠂ ᠱᠠᠲᠤ ᠬᠤᠪᠢᠶᠠᠨ ᠬᠠᠷᠢᠭᠤᠴᠠᠬᠤ᠂ ᠪᠦᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠬᠤ᠂ ᠨᠡᠶᠢᠭᠡᠮ ᠤᠨ ᠬᠢᠨ ᠬᠢᠨᠠᠯᠲᠠ ᠲᠠᠯᠪᠢᠬᠤ︾᠎ ᠶᠢ ᠪᠠᠷᠢᠮᠲᠠᠯᠠᠬᠤ ᠪᠠᠷ ᠵᠠᠷᠴᠢᠮ ᠪᠣᠯᠭᠠᠨ᠎ᠠ᠃       ᠣᠯᠠᠨ ᠳᠦᠮᠠᠨ ᠤ ᠣᠬᠲᠣᠵᠤ ᠪᠠᠶᠢᠬᠤ ᠡᠰᠠᠭᠦ᠂ ᠵᠦᠪᠰᠢᠶᠠᠷᠠᠵᠤ ᠪᠠᠶᠢᠬᠤ ᠡᠰᠡᠬᠦ᠂ ᠰᠠᠨᠠᠭᠠᠨ ᠳᠤ ᠲᠠᠭᠠᠷᠠᠵᠤ ᠪᠠᠶᠢᠬᠤ ᠡᠰᠡᠬᠦ ᠪᠠᠷ ᠡᠬᠢᠯᠡᠯᠳᠡ ᠶᠢᠨ ᠴᠡᠭ ᠪᠠ ᠲᠡᠭᠦᠰᠭᠡᠯ ᠤᠨ ᠴᠡᠭ ᠪᠣᠯᠭᠠᠨ᠎ᠠ᠃       ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠢᠭᠤᠯᠬᠤ ᠶᠠᠪᠤᠳᠠᠯ ᠢ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠯᠦᠭᠡ ᠤᠶᠠᠯᠳᠤᠭᠤᠯᠵᠤ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃       ᠮᠠᠨ ᠤ ᠠᠶᠢᠮᠠᠭ 2025 - 2027 ᠣᠨ ᠤ ᠬᠤᠭᠤᠴᠠᠭᠠᠨ ᠳᠤ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃             ︽ᠲᠥᠰᠦᠯ︾᠎ ᠢ ᠬᠡᠷᠡᠭᠵᠢᠭᠦᠯᠬᠦ ᠳᠤ ᠭᠤᠷᠪᠠᠨ ᠱᠠᠲᠤ ᠬᠤᠪᠢᠶᠠᠨ᠎ᠠ᠄       ᠡᠭᠦᠳᠦᠨ ᠪᠠᠶᠢᠭᠤᠯᠬᠤ ᠱᠠᠲᠤ ᠦᠶ᠎ᠡ ︵2024 ᠣᠨ ᠤ 4 ᠰᠠᠷ᠎ᠠ - 2026 ᠣᠨ ᠤ 6 ᠰᠠᠷ᠎ᠠ︶       ᠥᠪᠡᠰᠦᠪᠡᠨ ᠪᠠᠶᠢᠴᠠᠭᠠᠵᠤ ᠦᠨᠡᠯᠡᠬᠦ ᠱᠠᠲᠤ ᠦᠶ᠎ᠡ ︵2026 ᠣᠨ ᠤ 7 ᠰᠠᠷ᠎ᠠ ᠠᠴᠠ 2027 ᠣᠨ ᠤ 3 ᠰᠠᠷ᠎ᠠ︶       ᠲᠥᠪᠯᠡᠷᠡᠭᠦᠯᠦᠨ ᠪᠣᠭᠤᠮᠲᠠ ᠰᠢᠪᠲᠤᠯᠬᠤ ᠱᠠᠲᠤ ᠦᠶ᠎ᠡ ︵2027 ᠣᠨ ᠤ 4 ᠰᠠᠷ᠎ᠠ - 12 ᠰᠠᠷ᠎ᠠ ᠶᠢᠨ ᠡᠴᠦᠰ︶             ᠳᠠᠷᠠᠭᠠᠬᠢ 8 ᠲᠤᠰᠬᠠᠢ ᠠᠵᠢᠯ ᠤᠨ ᠳᠤᠭᠤᠶᠢᠯᠠᠩ ᠭᠠᠷᠭᠠᠵᠠᠢ᠄       ᠶᠡᠷᠦᠩᠬᠡᠢᠯᠡᠨ ᠵᠣᠬᠢᠴᠠᠭᠤᠯᠬᠤ ᠳᠤᠭᠤᠶᠢᠯᠠᠩ       ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ ᠲᠣᠭᠤᠶᠢᠯᠠᠩ       ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠣᠭᠤᠶᠢᠯᠠᠩ       ᠠᠮᠢ ᠠᠬᠤᠢ ᠶᠢᠨ ᠤᠷᠴᠢᠨ ᠲᠤᠭᠤᠷᠢᠨ ᠤ ᠲᠤᠭᠤᠢᠯᠠᠩ       ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠤᠨ ᠳᠤᠭᠤᠶᠢᠯᠠᠩ       ᠢᠳᠡᠭᠡᠨ ᠪᠠ ᠠᠮᠢᠳᠤᠷᠠᠯ ᠤᠨ ᠤᠤᠭᠤᠬᠤ ᠤᠰᠤᠨ ᠤ ᠠᠶᠤᠯᠭᠦᠢ ᠲᠣᠭᠤᠶᠢᠯᠠᠩ       ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠢᠭᠡᠳ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠤᠭᠤᠶᠢᠯᠠᠩ       ᠤᠬᠠᠭᠤᠯᠭ᠎ᠠ ᠮᠡᠳᠡᠭᠡᠯᠡᠯ ᠤᠨ ᠳᠤᠭᠤᠶᠢᠯᠠᠩ              ︽ᠲᠥᠰᠥᠯ︾᠎ ᠳᠤ ᠵᠢᠭᠠᠵᠤ ᠭᠠᠷᠭᠠᠭᠰᠠᠨ ᠨᠢ᠄       ᠡᠷᠡᠭᠦᠯ ᠮᠡᠨᠳᠦ ᠶᠢ ᠠᠬᠢᠭᠤᠯᠬᠤ ᠲᠠᠯ᠎ᠠ ᠪᠠᠷ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠬᠥᠮᠥᠷᠭᠡ᠂ ᠡᠬᠢ ᠪᠠᠶᠠᠯᠢᠭ ᠤᠨ ᠬᠥᠮᠥᠷᠭᠡ ᠶᠢ ᠭᠦᠢᠴᠡᠳ ᠠᠰᠢᠭᠯᠠᠨ᠂ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠷᠡᠭᠦᠯ ᠡᠩᠬᠡ ᠬᠤᠰᠢᠭᠤ ᠲᠣᠭᠤᠷᠢᠭ᠂ ᠡᠷᠡᠭᠦᠯ ᠡᠩᠬᠡ ᠰᠤᠮᠤ ᠪᠠᠯᠭᠠᠰᠤ ᠪᠠ ᠡᠷᠡᠭᠦᠯ ᠡᠩᠬᠡ ᠭᠠᠴᠠᠭ᠎ᠠ ᠲᠣᠰᠬᠤᠨ᠂ ᠡᠷᠡᠭᠦᠯ ᠡᠩᠬᠡ ᠨᠡᠶᠢᠭᠡᠮ ᠲᠣᠭᠤᠷᠢᠭ᠂ ᠡᠷᠡᠭᠦᠯ ᠡᠩᠬᠡ ᠠᠵᠤ ᠠᠬᠤᠶᠢᠯᠠᠯ᠂ ᠡᠷᠡᠭᠦᠯ ᠡᠩᠬᠡ ᠪᠠᠶᠢᠭᠤᠯᠭ᠎ᠠ᠂ ᠡᠷᠡᠭᠦᠯ ᠡᠩᠬᠡ ᠰᠤᠷᠭᠠᠭᠤᠯᠢ᠂ ᠡᠷᠡᠭᠦᠯ ᠡᠩᠬᠡ ᠶᠢ ᠠᠬᠢᠭᠤᠯᠬᠤ ᠡᠮᠨᠡᠯᠭᠡ ᠶᠢᠨ ᠬᠤᠷᠢᠶ᠎ᠠ᠂ ᠡᠷᠡᠭᠦᠯ ᠡᠩᠬᠡ ᠬᠡᠷ ᠪᠦᠯᠢ ᠵᠡᠷᠭᠡ ᠡᠷᠡᠭᠦᠯ ᠡᠩᠬᠡ ᠡᠰ ᠤᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠦ᠂ ᠣᠯᠠᠨ ᠲᠠᠰ ᠳᠠᠪᠬᠤᠷᠭ᠎ᠠ ᠶᠢᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠲᠣᠤᠷ ᠰᠦᠯᠵᠢᠶ᠎ᠡ ᠪᠠ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ 15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ ᠢ ᠪᠠᠶᠢᠭᠤᠯᠤᠨ᠎ᠠ᠃       ᠬᠤᠲᠠ ᠶᠢᠨ ᠣᠷᠴᠢᠨ ᠲᠣᠭᠤᠷᠢᠨ ᠤ ᠲᠠᠯ᠎ᠠ ᠪᠠᠷ᠂ ᠭᠤᠤᠯ ᠪᠠ ᠳᠡᠳ᠋ ᠵᠠᠮ ᠪᠠ ᠵᠡᠭᠡᠯᠢ ᠭᠤᠳᠤᠮᠵᠢ ᠶᠢᠨ ᠵᠠᠮ ᠢ ᠲᠡᠭᠰᠢᠯᠡᠬᠦ᠂ ᠵᠠᠮ ᠤᠨ ᠭᠡᠷᠡᠯᠲᠦᠭᠦᠯᠭᠡ ᠵᠢᠴᠢ ᠦᠵᠡᠮᠵᠢ ᠶᠢᠨ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠴᠡᠪᠡᠷ ᠴᠡᠮᠴᠡᠭᠡᠷ᠂ ᠪᠦᠷᠢᠨ ᠪᠦᠲᠦᠨ ᠪᠠᠶᠢᠯᠭᠠᠵᠤ᠂ ᠬᠡᠪ ᠤᠨ ᠠᠵᠢᠯᠯᠠᠭ᠎ᠠ ᠲᠠᠢ ᠠᠵᠢᠯᠯᠠᠭᠤᠯᠵᠤ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠬᠠᠶᠠᠵᠤ ᠳᠤᠷ᠎ᠠ ᠪᠠᠷ ᠢᠶᠠᠨ ᠭᠡᠭᠡᠬᠦ ᠵᠡᠷᠭᠡ ᠦᠵᠡᠭᠳᠡᠯ ᠢ ᠦᠭᠡᠶᠢᠰᠭᠡᠬᠦ ᠬᠡᠷᠡᠭᠲᠡᠶ᠃ ᠨᠣᠭᠤᠭᠠᠷᠠᠭᠤᠯᠤᠯᠲᠠ ᠶᠢᠨ ᠠᠵᠢᠯ ᠢ ᠴᠢᠩᠭᠠᠳᠬᠠᠵᠤ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠪᠣᠯᠤᠨ ᠴᠡᠴᠡᠷᠯᠢᠭ ᠤᠨ ᠨᠣᠭᠤᠭᠠᠨ ᠬᠥᠷᠥᠰᠥ ᠶᠢᠨ ᠲᠠᠯᠠᠪᠠᠢ ᠶᠢ ᠳᠡᠭᠡᠭᠰᠢᠯᠡᠭᠦᠯᠬᠦ ᠬᠡᠷᠡᠭᠲᠡᠶ᠃ ᠵᠣᠷᠯᠣᠩ ᠤᠨ ᠰᠢᠨᠡᠴᠢᠯᠡᠯᠳᠡ ᠶᠢ ᠢᠳᠡᠪᠬᠢᠲᠡᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠠᠬᠢᠭᠤᠯᠬᠤ ᠬᠡᠷᠡᠭᠲᠡᠢ᠃       ᠠᠮᠢ ᠠᠬᠤᠢ ᠶᠢᠨ ᠣᠷᠴᠢᠨ ᠲᠣᠭᠤᠷᠢᠨ ᠤ ᠲᠠᠯ᠎ᠠ ᠪᠠᠷ᠂ ᠬᠠᠶᠠᠭᠳᠠᠮᠠᠯ ᠬᠡᠢ ᠶᠢᠨ ᠪᠣᠬᠢᠷᠲᠤᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠰᠢ ᠰᠦᠷᠡᠯ᠂ ᠬᠤᠭ ᠨᠣᠪᠰᠢ ᠶᠢ ᠵᠠᠳᠠᠭᠠᠢ ᠰᠢᠲᠠᠭᠠᠬᠤ ᠵᠢᠴᠢ ᠬᠤᠯᠠᠩ ᠠᠴᠠ ᠬᠠᠷ᠎ᠠ ᠤᠲᠤᠭ᠎ᠠ ᠭᠠᠳᠠᠭᠰᠢᠯᠠᠭᠤᠯᠬᠤ ᠦᠵᠡᠭᠳᠡᠯ ᠵᠡᠷᠭᠡ ᠶᠢ ᠦᠭᠡᠶᠢᠰᠭᠡᠬᠦ ᠬᠡᠷᠡᠭᠲᠡᠢ᠃       ᠭᠤᠤᠯᠳᠠᠯᠭ᠎ᠠ ᠲᠠᠢ ᠲᠠᠯᠠᠪᠤᠷ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠯᠲᠠ ᠶᠢᠨ ᠲᠠᠯ᠎ᠠ ᠪᠠᠷ᠂ ᠣᠯᠠᠨ ᠨᠡᠶᠢᠲᠡ ᠶᠢᠨ ᠲᠠᠯᠠᠪᠤᠷ ᠲᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠯᠲᠠ ᠶᠢᠨ ᠬᠡᠮᠵᠢᠶᠡᠵᠢᠭᠦᠯᠦᠨ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠢᠲᠡᠭᠡᠮᠵᠢ ᠶᠢᠨ ᠳᠡᠰ ᠵᠡᠷᠭᠡ ᠶᠢ ᠨᠡᠶᠢᠭᠡᠮ ᠳᠤ ᠢᠯᠡ ᠨᠡᠶᠢᠲᠡᠯᠡᠬᠦ ᠶᠢᠨ ᠬᠠᠮᠲᠤ ᠨᠢᠭᠡᠳᠦᠯᠲᠡᠶ ᠲᠡᠮᠳᠡᠭ ᠢ ᠬᠡᠷᠡᠭᠯᠡᠬᠦ ᠬᠡᠷᠡᠭᠲᠡᠶ᠃ ᠰᠤᠷᠭᠠᠭᠤᠯᠢ᠂ ᠬᠡᠤᠬᠡᠳ ᠤᠨ ᠴᠡᠴᠡᠷᠯᠢᠭ ᠪᠠ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠢᠴᠢᠶᠡᠯ ᠤᠨ ᠬᠡᠷ᠂ ᠬᠤᠭᠤᠯᠠᠨ ᠬᠡᠷ ︵ᠤᠤᠭᠤᠬᠤ ᠤᠰᠤᠨ ᠤ ᠲᠥᠬᠦᠭᠡᠷᠦᠮᠵᠢ ᠪᠠᠭᠲᠠᠨ᠎ᠠ︶᠂ ᠪᠠᠶᠢᠷᠢ᠂ ᠵᠣᠷᠯᠣᠩ ᠵᠡᠷᠭᠡ ᠵᠢᠭᠠᠨ ᠰᠤᠷᠭᠠᠯᠲᠠ ᠪᠠ ᠠᠮᠢᠳᠤᠷᠠᠯ ᠤᠨ ᠣᠷᠴᠢᠨ ᠲᠣᠭᠤᠷᠢᠨ ᠨᠢ ᠬᠠᠮᠢᠶ᠎ᠠ ᠪᠥᠬᠦᠶ ᠤᠯᠤᠰ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠤᠶᠤ ᠲᠣᠭᠲᠠᠭᠠᠯ ᠳᠤ ᠨᠡᠶᠢᠴᠡᠨ᠎ᠡ᠃       ᠢᠳᠡᠭᠡᠨ ᠪᠠ ᠠᠮᠢᠳᠤᠷᠠᠯ ᠤᠨ ᠤᠤᠭᠤᠬᠤ ᠤᠰᠤᠨ ᠤ ᠠᠮᠤᠷ ᠲᠦᠪᠰᠢᠨ ᠤ ᠲᠠᠯ᠎ᠠ ᠪᠠᠷ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ᠂ ᠵᠢᠵᠢᠭ ᠢᠳᠡᠭᠡᠨ ᠤ ᠳᠡᠯᠭᠡᠭᠦᠷ᠂ ᠵᠢᠵᠢᠭ ᠦᠢᠯᠡᠳᠬᠡᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠡᠵᠡᠩᠨᠡᠯᠲᠡ ᠶᠢᠨ ᠲᠠᠯᠠᠪᠤᠷ ᠦᠭᠡᠢ ᠢᠳᠡᠭᠡᠨ ᠤ ᠳᠡᠯᠭᠡᠭᠦᠷᠴᠢᠳ ᠢ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠵᠦ᠂ ᠣᠷᠣᠨ ᠪᠦᠰᠡ᠂ ᠲᠥᠷᠥᠯ ᠵᠦᠢᠯ ᠢ ᠬᠢᠵᠠᠭᠠᠷᠯᠠᠨ ᠡᠵᠡᠩᠨᠡᠬᠦ ᠶᠢ ᠲᠣᠭᠲᠠᠭᠠᠪᠠ᠃ ︽ᠭᠤᠷᠪᠠ ᠦᠭᠡᠶ︾ ᠢᠳᠡᠭᠡᠨ᠂ ᠬᠤᠳᠠᠯ ᠬᠠᠭᠤᠷᠮᠠᠭ ᠢᠳᠡᠭᠡᠨ᠂ ᠴᠢᠨᠠᠷ ᠮᠠᠭᠤ ᠢᠳᠡᠭᠡᠨ᠂ ᠬᠤᠭᠤᠴᠠᠭ᠎ᠠ ᠨᠢ ᠬᠡᠲᠦᠷᠡᠭᠰᠡᠨ ᠢᠳᠡᠭᠡᠨ ᠦᠢᠯᠡᠳᠴᠦ ᠪᠣᠷᠣᠯᠠᠭᠤᠯᠬᠤ ᠵᠡᠷᠭᠡ ᠦᠵᠡᠭᠳᠡᠯ ᠢ ᠡᠷᠡᠰ ᠬᠤᠷᠢᠭᠯᠠᠨ ᠵᠣᠭᠰᠣᠭᠠᠬᠤ ᠬᠡᠷᠡᠭᠲᠡᠶ᠃ ᠲᠣᠭᠤᠭᠠᠨ ᠭᠡᠷ ᠢ ᠢᠯᠡ ᠪᠠᠶᠢᠯᠭᠠᠬᠤ ᠪᠠ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠲᠥᠭᠰᠢᠭᠦᠷᠢ ᠶᠢ ᠳᠡᠰ ᠬᠤᠪᠢᠶᠠᠨ ᠬᠠᠮᠢᠶᠠᠷᠬᠤ ᠶᠢ ᠢᠳᠡᠪᠬᠢᠲᠡᠢ ᠬᠡᠷᠡᠭᠵᠢᠭᠦᠯᠬᠦ ᠬᠡᠷᠡᠭᠲᠡᠢ᠃ ᠲᠤᠰᠠᠭᠠᠷ ᠬᠤᠭᠤᠯᠠᠯᠠᠬᠤ ᠲᠦᠷᠢᠮ ᠪᠠ ᠨᠡᠶᠢᠲᠡ ᠶᠢᠨ ᠰᠠᠪᠬ᠎ᠠ ᠶᠢᠨ ᠲᠦᠷᠢᠮ ᠢ ᠢᠳᠡᠪᠬᠢᠲᠡᠶ ᠪᠠᠷ ᠳᠡᠯᠭᠡᠷᠡᠭᠦᠯᠵᠦ᠂ ︽ᠦᠯᠦ ᠪᠦᠷᠢᠯᠭᠡᠬᠦ ᠠᠵᠢᠯᠯᠠᠭ᠎ᠠ︾᠎ ᠶᠢ ᠶᠡᠬᠡᠪᠡᠷ ᠰᠠᠨᠠᠭᠠᠴᠢᠯᠠᠨ᠎ᠠ᠃       ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠠᠯ᠎ᠠ ᠪᠠᠷ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ ᠂ ᠬᠦᠨᠳᠦ ᠶᠡᠭᠡ ᠰᠢᠨ᠎ᠡ ᠪᠠᠷ ᠡᠭᠦᠰᠦᠭᠰᠡᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠤᠨ᠎ᠠ᠃ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠪᠠ ᠬᠠᠯᠳᠠᠪᠤᠷᠢᠯᠠᠬᠤ ᠴᠢᠨᠠᠷᠲᠠᠶ ᠡᠪᠡᠳᠴᠢᠨ ᠡᠮᠭᠡᠭ ᠤᠨ ᠰᠠᠯᠠᠭ᠎ᠠ ᠲᠣᠬᠢᠷᠠᠭᠤᠯᠬᠤ ᠬᠡᠷᠡᠭᠲᠡᠶ᠃ ᠤᠯᠤᠰ ᠤᠨ ᠬᠢᠵᠢᠭ ᠦᠯᠦ ᠬᠠᠯᠳᠠᠭᠠᠬᠤ ᠲᠥᠯᠥᠪᠵᠢᠭᠦᠯᠭᠡ ᠪᠣᠯᠤᠨ ᠲᠤᠬᠠᠶ ᠶᠢᠨ ᠭᠠᠵᠠᠷ ᠤᠨ ᠰᠡᠷᠭᠡᠶᠢᠯᠡᠬᠦ ᠲᠠᠷᠢᠯᠭ᠎ᠠ ᠲᠠᠷᠢᠬᠤ ᠠᠵᠢᠯ ᠤᠨ ᠲᠥᠯᠥᠪᠯᠡᠭᠡ ᠶᠢᠨ ᠶᠣᠰᠣᠭᠠᠷ᠂ ᠵᠣᠬᠢᠬᠤ ᠨᠠᠰᠤᠨ ᠤ ᠬᠥᠮᠦᠰ ᠲᠤ ᠲᠣᠭᠲᠠᠮᠠᠯ ᠬᠤᠭᠤᠴᠠᠭ᠎ᠠ ᠲᠠᠢ ᠪᠠᠷ ᠰᠡᠷᠭᠡᠶᠢᠯᠡᠬᠦ ᠲᠠᠷᠢᠯᠭ᠎ᠠ ᠲᠠᠷᠢᠬᠤ ᠦᠢᠯᠡᠴᠢᠯᠡᠭᠡᠨ ᠬᠠᠩᠭᠠᠬᠤ ᠬᠡᠷᠡᠭᠲᠡᠶ᠃ ᠡᠮᠴᠢᠯᠡᠭᠡ ᠨᠠᠰᠤᠵᠢᠯ ᠢ ᠤᠶᠠᠯᠳᠤᠭᠤᠯᠬᠤ ᠦᠢᠯᠡᠴᠢᠯᠡᠭᠡ ᠶᠢ ᠠᠬᠢᠭᠤᠯᠤᠨ᠎ᠠ᠃ ᠴᠢᠬᠤᠯᠠ ᠶᠡᠭᠡ ᠬᠡᠷᠡᠭ ᠢ ᠰᠢᠢᠳᠪᠦᠷᠢᠯᠡᠬᠦ ᠶᠠᠪᠤᠴᠠ ᠳᠠᠬᠢ ᠨᠡᠶᠢᠭᠡᠮ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠢᠨᠠᠨ ᠰᠢᠨᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠪᠠᠶᠢᠩᠭᠤ ᠰᠠᠭᠤᠭ᠎ᠠ ᠬᠥᠮᠦᠨ ᠠᠮᠠ ᠪᠣᠯᠤᠨ ᠦᠢᠯᠡᠴᠢᠯᠡᠭᠡᠨ ᠤ  ᠬᠡᠪᠴᠢᠶ᠎ᠠ ᠪᠠᠨ ᠵᠦᠢ ᠵᠣᠬᠢᠰᠲᠠᠶ ᠪᠠᠶᠢᠷᠢᠯᠠᠭᠤᠯᠵᠤ᠂ 15 ᠮᠢᠨᠦ᠋ᠲ ᠤᠨ ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠪᠴᠢᠶ᠎ᠡ ᠶᠢ ᠠᠩᠬ᠎ᠠ ᠠᠯᠬᠤᠮ ᠪᠤᠶ ᠪᠣᠯᠭᠠᠨ᠎ᠠ᠃ ᠣᠯᠠᠨ ᠨᠡᠶᠢᠲᠡ ᠳᠤ ᠬᠠᠨᠳᠤᠭᠤᠯᠤᠨ ᠵᠢᠷᠦᠬᠡ ᠠᠭᠤᠰᠬᠢᠨ ᠤ ᠰᠡᠷᠭᠦᠭᠡᠯᠲᠡ ᠵᠡᠷᠭᠡ ᠲᠦᠷᠭᠡᠨ ᠠᠪᠤᠷᠠᠯᠲᠠ ᠶᠢᠨ ᠮᠡᠳᠡᠯᠭᠡ ᠪᠠ ᠮᠡᠷᠭᠡᠵᠢᠯ ᠤᠨ ᠪᠣᠯᠪᠠᠰᠤᠷᠠᠯ ᠵᠡᠷᠭᠡ ᠶᠢ ᠥᠷᠨᠢᠭᠦᠯᠦᠨ᠎ᠡ᠃      ︽ᠲᠥᠰᠦᠯ︾᠎ ᠤᠨ ᠱᠠᠭᠠᠷᠳᠠᠯᠭ᠎ᠠ᠄      ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠷᠠᠭᠤᠯᠤᠨ᠂ ᠡᠭᠦᠳᠦᠨ ᠪᠠᠶᠢᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠨᠢᠭᠡᠳᠦᠯᠲᠡᠶ ᠲᠥᠯᠥᠪᠵᠢᠭᠦᠯᠦᠨ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠳᠡᠭᠡᠳᠦ ᠳᠤᠤᠷᠠᠳᠤ ᠱᠠᠲᠤ ᠪᠠᠷ ᠢᠶᠠᠨ ᠰᠡᠳᠬᠢᠯ ᠨᠢᠭᠡᠳᠬᠦ ᠬᠡᠷᠡᠭᠳᠡᠢ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠪᠡᠯᠡ ᠮᠦᠩᠭᠦ ᠶᠢᠨ ᠣᠷᠤᠭᠤᠯᠤᠯᠲᠠ ᠶᠢ ᠨᠡᠮᠡᠭᠳᠡᠭᠦᠯᠵᠦ᠂ ᠰᠢᠨ᠎ᠡ ᠶᠢ ᠡᠭᠦᠳᠬᠦ ᠪᠠ ᠪᠠᠬᠢᠵᠢᠭᠦᠯᠬᠦ ᠠᠵᠢᠯ ᠤᠨ ᠵᠠᠷᠤᠳᠠᠯ ᠢ ᠠᠶᠢᠮᠠᠭ ᠤᠨ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠣᠷᠤᠭᠤᠯᠤᠨ᠎ᠠ᠃ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠱᠠᠩᠨᠠᠵᠤ ᠲᠣᠷᠭᠠᠬᠤ ᠶᠢ ᠴᠢᠩᠳᠠᠯᠠᠵᠤ᠂ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠵᠦ᠂ ᠡᠭᠦᠳᠦᠨ ᠪᠠᠶᠢᠭᠤᠯᠤᠭᠰᠠᠨ ᠨᠢ ᠬᠦᠴᠦᠨ ᠦᠭᠡᠢ᠂ ᠠᠷᠭ᠎ᠠ ᠬᠡᠮᠵᠢᠶ᠎ᠡ ᠨᠢ ᠪᠣᠳᠠᠲᠠᠢ ᠪᠢᠰᠢ᠂ ᠪᠠᠷᠢᠮᠵᠢᠶ᠎ᠠ ᠨᠢ ᠴᠢᠩᠭ᠎ᠠ ᠪᠢᠰᠢ᠂ ᠱᠠᠭᠠᠷᠳᠠᠯᠭ᠎ᠠ ᠨᠢ ᠴᠢᠩᠭ᠎ᠠ ᠪᠢᠰᠢ᠂ ᠦᠷ᠎ᠡ ᠪᠦᠲᠦᠮᠵᠢ ᠨᠢ ᠰᠠᠶᠢᠨ ᠪᠢᠰᠢ᠂ ᠲᠣᠭᠲᠠᠭᠰᠠᠨ ᠬᠤᠭᠤᠴᠠᠭᠠᠨ ᠳᠤ ᠲᠤᠭ᠎ᠠ ᠶᠣᠰᠣᠭᠠᠷ ᠪᠡᠶᠡᠯᠡᠭᠦᠯᠦᠭᠰᠡᠨ ᠦᠭᠡᠢ ᠪᠤᠶᠤ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠵᠢᠯ ᠤᠨ ᠠᠬᠢᠴᠠ ᠶᠢ ᠨᠥᠯᠥᠭᠡᠯᠡᠬᠦ ᠨᠢᠭᠡᠴᠡ ᠪᠣᠯᠤᠨ ᠬᠤᠪᠢ ᠬᠥᠮᠦᠨ ᠢ ᠵᠠᠷᠯᠠᠨ ᠰᠢᠭᠦᠮᠵᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠥᠷᠭᠡᠨ ᠢᠶᠠᠷ ᠤᠬᠠᠭᠤᠯᠵᠤ᠂ ᠡᠯ᠎ᠡ ᠱᠠᠲᠤᠨ ᠤ ᠬᠠᠮ ᠵᠠᠭᠤᠴᠢᠯᠠᠭᠤᠷ ᠤᠨ ᠲᠠᠪᠴᠠᠩ ᠵᠢᠴᠢ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠲᠠᠯᠠᠪᠠᠶ᠂ ᠴᠡᠴᠡᠷᠯᠢᠭ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠪᠠᠶᠢᠭᠤᠯᠤᠭᠰᠠᠨ ᠡᠯᠧᠺᠲᠷᠣᠨ ᠳᠡᠯᠭᠡᠴᠡ ᠵᠡᠷᠭᠡ ᠶᠢ ᠭᠦᠢᠴᠡᠳ ᠠᠰᠢᠭᠯᠠᠨ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠪᠣᠯᠪᠠᠰᠤᠨ ᠡᠷᠡᠭᠦᠯ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠬᠤᠲᠠ ᠴᠣᠭᠴᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃                                              
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号