| ᠵᠢᠷᠠᠲᠠᠢ ᠪᠠᠯᠭᠠᠰᠤᠨ ᠤ ᠬᠠᠷᠢᠶᠠᠨ ᠳᠠᠬᠢ 8 ᠲᠡᠭᠰᠢ ᠳᠥᠷᠪᠡᠯᠵᠢᠨ ᠺᠢᠯᠣᠮᠧᠲᠷ ᠤᠨ ᠬᠡᠪᠴᠢᠶᠡᠨ ᠳᠣᠲᠣᠷᠠᠬᠢ | ᠬᠥᠮᠦᠰ ᠤᠨ ᠣᠷᠣᠨ ᠰᠠᠭᠤᠴᠠ ᠶᠢᠨ ᠲᠣᠭᠤᠷᠢᠭ ᠲᠤ᠂ ᠲᠤᠰᠬᠠᠢ ᠠᠷᠢᠭᠤᠳᠬᠠᠭᠴᠢ ᠠᠮᠠᠪᠴᠢ ᠵᠡᠭᠦᠵᠦ᠂ ᠡᠮ ᠤᠨ | ᠪᠠᠭᠠᠵᠢ ᠬᠡᠷᠡᠭᠰᠡᠯ ᠢᠶᠠᠨ ᠪᠠᠷᠢᠵᠤ᠂ ᠡᠪᠡᠰᠦᠨ ᠪᠤᠲᠠ᠂ ᠨᠠᠭᠤᠷ ᠴᠥᠭᠦᠷᠥᠮ ᠪᠣᠯᠤᠨ ᠤᠰᠤᠨ ᠴᠥᠭᠦᠷᠥᠮ ᠵᠡᠷᠭᠡ | ᠰᠢᠮᠠᠭᠤᠯ ᠰᠢᠪᠠᠵᠢ ᠶᠢᠨ ᠦᠷᠡᠵᠢᠵᠦ ᠪᠠᠶᠢᠭ᠎ᠠ ᠭᠠᠵᠠᠷ ᠲᠤ ᠪᠦᠬᠦ ᠲᠠᠯ᠎ᠠ ᠶᠢᠨ ᠠᠷᠢᠭᠤᠳᠬᠠᠯ ᠬᠢᠪᠡ ᠃ | ᠣᠶᠢᠷ᠎ᠠ ᠶᠢᠨ ᠵᠢᠯ ᠤᠳ ᠲᠤ᠂ ᠠᠯᠠᠱᠠ ᠵᠡᠭᠦᠨ ᠬᠤᠰᠢᠭᠤᠨ ᠤ ᠵᠢᠷᠠᠲᠠᠶ ᠪᠠᠯᠭᠠᠰᠤ ᠵᠢᠯ ᠪᠦᠷᠢ ᠶᠢᠨ 3 ᠳ᠋ᠤᠭᠠᠷ | ᠰᠠᠷ᠎ᠠ ᠠᠴᠠ 11 ᠳ᠋ᠦ᠋ᠭᠡᠷ ᠰᠠᠷ᠎ᠠ ᠶᠢᠨ ᠬᠤᠭᠤᠴᠠᠭᠠᠨ ᠳᠤ᠂ ᠪᠠᠲᠠᠭᠠᠨ᠎ᠠ ᠰᠢᠮᠠᠭᠤᠯ ᠤᠰᠠᠳᠬᠠᠬᠤ ᠳ᠋ᠧᠩ ᠤᠨ | ᠬᠠᠶᠢᠷᠴᠠᠭ᠂ ᠡᠮ ᠤᠨ ᠲᠤᠰᠠᠭᠠᠷᠯᠠᠬᠤ ᠪᠦᠰᠡ ᠭᠠᠷᠭᠠᠬᠤ᠂ ᠢᠳᠡᠭᠳᠡᠭᠦᠯᠬᠦ ᠪᠠ ᠠᠮᠢᠳᠤ ᠪᠣᠳᠠᠰ ᠤᠨ ᠨᠠᠶᠢᠷᠠᠯᠲᠠ ᠶᠢᠨ | ᠡᠮ ᠲᠠᠯᠪᠢᠬᠤ ᠵᠡᠷᠭᠡ ᠠᠷᠭ᠎ᠠ ᠪᠠᠷ ᠳᠠᠮᠵᠢᠭᠤᠯᠤᠨ ᠡᠪᠡᠳᠴᠢᠨ ᠲᠠᠮᠵᠢᠭᠤᠯᠣᠭᠴᠢ ᠴᠢᠨᠠᠷᠲᠠᠶ ᠪᠠᠲᠠᠭᠠᠨ᠎ᠠ ᠰᠢᠮᠠᠭᠤᠯ | ᠵᠡᠷᠭᠡ ᠰᠢᠪᠠᠵᠢ ᠬᠤᠷᠣᠬᠠᠶ ᠶᠢ ᠪᠠᠶᠢᠩᠭᠤ ᠶᠢᠨ ᠴᠢᠨᠠᠷᠲᠠᠢ ᠪᠠᠷ ᠶᠡᠷᠦᠩᠬᠡᠶᠢᠯᠡᠨ ᠡᠵᠡᠮᠳᠡᠵᠤ ᠲᠥᠪᠯᠡᠷᠡᠭᠦᠯᠦᠨ | ᠤᠰᠠᠳᠬᠠᠵᠤ᠂ ᠬᠠᠷᠢᠶᠠᠲᠤ ᠣᠷᠣᠨ ᠤ ᠲᠣᠭᠲᠠᠭᠤᠨ ᠪᠠᠶᠢᠬᠤ ᠶᠢ ᠪᠡᠶᠡᠯᠡᠭᠦᠯᠦᠨ᠂ ᠵᠠᠭᠤᠴᠢ ᠠᠮᠢᠳᠤ ᠪᠣᠳᠠᠰ ᠤᠨ | ᠳᠦᠷᠰᠦ ᠶᠢᠨ ᠰᠦᠷᠦᠭᠵᠢᠯ ᠤᠨ ᠲᠤᠭ᠎ᠠ ᠬᠡᠮᠵᠢᠶ᠎ᠡ ᠪᠠ ᠨᠢᠭᠲᠠᠴᠠ ᠶᠢ ᠪᠦᠲᠦᠮᠵᠢᠲᠡᠶ ᠪᠠᠭᠠᠰᠬᠠᠵᠤ᠂ ᠣᠷᠴᠢᠨ | ᠲᠣᠭᠤᠷᠢᠨ ᠤ ᠶᠠᠰᠤ ᠴᠢᠨᠠᠷ ᠪᠠ ᠲᠤᠬᠠᠶ ᠶᠢᠨ ᠭᠠᠵᠠᠷ ᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠵᠣᠯ | ᠵᠢᠷᠭᠠᠯᠲᠤ ᠲᠥᠷᠥᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠪᠡ᠃ |