ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠭᠡᠳ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤ ᠪᠠᠷ ᠪᠠᠶᠢᠭᠤᠯᠵᠤ ᠬᠠᠮᠲᠤᠷᠠᠨ ᠠᠵᠢᠯᠯᠠᠬᠤ ᠭᠡᠷ᠎ᠡ ᠲᠣᠭᠲᠠᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/6/20
     ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠣᠷᠣᠨ ᠪᠦᠰᠡ ᠠᠯᠤᠰᠯᠠᠭᠰᠠᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠨ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 13᠎ ᠤ ᠡᠳᠦᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠲᠣ ᠶᠢᠨ ᠳᠡᠮᠵᠢᠯᠭᠡ  ᠴᠢᠷᠮᠠᠶᠢᠯᠭ᠎ᠠ ᠳᠣᠤᠷ᠎ᠠ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠭᠡᠳ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠲᠤ ᠪᠠᠷ ᠪᠠᠶᠢᠭᠤᠯᠵᠤ ᠬᠠᠮᠲᠤᠷᠠᠨ ᠠᠵᠢᠯᠯᠠᠬᠤ ᠭᠡᠷ᠎ᠡ ᠲᠣᠭᠲᠠᠬᠤ ᠶᠣᠰᠣᠯᠠᠯ ᠠᠯᠠᠱᠠ ᠵᠡᠭᠦᠨ ᠬᠤᠰᠢᠭᠤᠨ ᠳᠤ ᠶᠠᠪᠤᠭᠳᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃      ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠮᠠᠨ ᠤ ᠬᠤᠰᠢᠭᠤᠨ ᠤ 5 ᠪᠠᠭ᠎ᠠ ᠰᠤᠷᠭᠠᠭᠤᠯᠢ᠂ 6 ᠳᠤᠮᠳᠠᠳᠤ ᠰᠤᠷᠭᠠᠭᠤᠯᠢ ᠬᠢᠭᠡᠳ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠤᠷᠭᠠᠭᠤᠯᠢ ᠭᠠᠵᠠᠷ ᠣᠷᠣᠨ ᠠᠯᠤᠰᠯᠠᠭᠰᠠᠨ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠪᠣᠯᠵᠣ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠪᠠᠷ ᠤᠳᠤᠷᠢᠳᠤᠮᠵᠢ ᠪᠣᠯᠭᠠᠵᠤ᠂ ︽ᠨᠥᠬᠦᠷᠰᠡᠭ ᠬᠥᠭᠵᠢᠯᠲᠡ ᠶᠢ ᠠᠬᠢᠭᠤᠯᠬᠤ ᠬᠤᠯᠪᠣᠭ᠎ᠠ︾ ᠪᠠᠶᠢᠭᠤᠯᠵᠤ᠂ ᠴᠢᠳᠠᠪᠤᠷᠢᠲᠠᠨ ᠢ ᠬᠥᠮᠦᠵᠢᠭᠦᠯᠬᠦ ᠪᠠ ᠰᠤᠷᠭᠠᠨ ᠬᠥᠮᠦᠵᠢᠯ ᠤᠨ ᠬᠠᠶᠢᠨ ᠰᠦᠪᠡᠭᠴᠢᠯᠡᠬᠦ ᠬᠥᠭᠵᠢᠯᠲᠡ ᠶᠢᠨ ᠰᠢᠨ᠎ᠡ ᠵᠠᠭᠪᠤᠷ ᠢ ᠡᠬᠢᠯᠡᠭᠦᠯᠪᠡ᠃ ᠬᠤᠶᠠᠷ ᠲᠠᠯ᠎ᠠ ᠪᠠᠷ ᠢᠶᠠᠨ ︽ᠬᠠᠷᠢᠯᠴᠠᠨ ᠰᠤᠷᠤᠯᠴᠠᠵᠤ ᠬᠠᠷᠢᠯᠴᠠᠨ ᠳᠠᠪᠰᠢᠬᠤ︾ ᠣᠨᠣᠯᠵᠢᠬᠤᠨ ᠢ ᠪᠠᠷᠢᠮᠲᠠᠯᠠᠵᠤ᠂ ︽ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠦᠵᠢᠭᠦᠯᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ︾᠎ ᠪᠠᠷ ᠵᠣᠷᠢᠯᠲᠠ ᠪᠣᠯᠭᠠᠵᠤ᠂ ᠲᠡᠷᠢᠭᠦᠨ ᠤ ᠣᠶᠢᠯᠠᠭᠠᠭᠳᠠᠬᠤᠨ ᠢ ᠬᠠᠮᠲᠤ ᠪᠠᠷ ᠰᠤᠳᠤᠯᠬᠤ᠂ ᠰᠣᠳᠣᠨ ᠬᠢᠴᠢᠶᠡᠯ ᠢ ᠬᠠᠮᠲᠤ ᠪᠠᠷ ᠡᠭᠦᠳᠬᠦ᠂ ᠴᠢᠨᠠᠷ ᠰᠠᠶᠢᠲᠠᠶ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠮᠡᠳᠡᠭᠡ ᠵᠠᠩᠭᠢ ᠶᠢᠨ ᠮᠡᠷᠭᠡᠵᠢᠯ ᠢ ᠬᠠᠷᠢᠯᠴᠠᠨ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠪᠦᠷᠢᠯᠳᠦᠭᠦᠯᠤᠨ᠎ᠡ︔ ᠰᠤᠷᠭᠠᠭᠤᠯᠢ ᠬᠤᠭᠤᠷᠣᠨᠳᠤ ᠪᠠᠨ ᠬᠤᠯᠪᠣᠭᠠᠯᠠᠨ ᠬᠠᠮᠲᠤ ᠪᠠᠷ ᠪᠠᠶᠢᠭᠤᠯᠬᠤ᠂ ᠰᠤᠷᠭᠠᠭᠤᠯᠢ ᠶᠢᠨ ᠬᠤᠭᠤᠷᠣᠨᠳᠣᠬᠢ ᠪᠠᠭᠰᠢ ᠠᠵᠢᠯᠲᠠᠨ ᠬᠤᠯᠪᠣᠭᠠᠯᠠᠨ᠂ ᠣᠨᠳᠣᠤ ᠭᠠᠵᠠᠷ ᠤᠨ ᠠᠵᠢᠯ ᠤᠨ ᠪᠠᠶᠢᠷᠢᠨ ᠳᠤ ᠲᠠᠪᠳᠠᠨ ᠪᠣᠯᠪᠠᠰᠤᠷᠠᠭᠤᠯᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠮᠲᠤ ᠶᠢᠨ ᠵᠢᠭᠠᠨ ᠰᠣᠷᠭᠠᠯᠳᠠ ᠶᠢ ᠰᠤᠳᠤᠯᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠪᠠᠭᠰᠢ ᠶᠢᠨ ᠡᠩᠨᠡᠭᠡᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ︽ᠶᠡᠭᠡ ᠬᠠᠮᠵᠢᠯᠴᠠᠭ᠎ᠠ︾᠎ ᠶᠢᠨ ᠪᠠᠶᠢᠷᠢᠰᠢᠯ ᠢ ᠪᠦᠷᠢᠯᠳᠦᠭᠦᠯᠵᠦ᠂ ᠣᠷᠣᠨ ᠪᠦᠰᠡ ᠶᠢᠨ ᠳᠣᠲᠣᠷᠠᠬᠢ ᠰᠤᠷᠭᠠᠭᠤᠯᠢ ᠶᠢᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠳᠤ ᠬᠦᠴᠦᠨ ᠨᠡᠮᠡᠷᠢᠯᠡᠨ᠎ᠡ᠃      ᠲᠣᠰ ᠤᠳᠠᠭᠠᠨ ᠤ ᠬᠠᠮᠳᠣᠷᠠᠨ ᠠᠵᠢᠯᠯᠠᠬᠤ ᠨᠢ ᠠᠯᠠᠱᠠ ᠵᠡᠭᠦᠨ ᠬᠤᠰᠢᠭᠤᠨ ᠤ ᠠᠷᠠᠳ ᠣᠯᠠᠨ ᠤ ᠰᠤᠷᠭᠠᠨ ᠬᠥᠮᠦᠵᠢᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠢᠨ᠎ᠡ ᠦᠢᠯᠡᠳᠦᠯᠭᠡ ᠶᠢᠨ ᠠᠰᠢᠭᠲᠠᠶ ᠲᠤᠷᠰᠢᠯᠲᠠ ᠶᠢ ᠭᠦᠨᠵᠡᠭᠡᠶᠢᠷᠡᠭᠦᠯᠪᠠ︔ ︽ᠰᠠᠶᠢᠨ ᠰᠤᠷᠭᠠᠭᠤᠯᠢ  ᠰᠠᠶᠢᠨ ᠪᠠᠭᠰᠢ ᠰᠣᠩᠭᠤᠬᠤ︾᠂ ︽ᠰᠠᠶᠢᠨ ᠰᠤᠷᠭᠠᠭᠤᠯᠢ ᠳᠤ ᠣᠷᠤᠬᠤ ᠬᠦᠴᠢᠷ︾᠎ ᠶᠢ ᠰᠢᠢᠳᠪᠦᠷᠢᠯᠡᠵᠦ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠬᠦᠴᠦᠲᠡᠶ ᠠᠷᠭ᠎ᠠ ᠬᠡᠮᠵᠢᠶ᠎ᠡ ᠮᠥᠨ︔ ᠨᠠᠩ ᠴᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠦᠭᠡᠮᠡᠯᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠤᠨ᠎ᠠ᠃ ᠰᠠᠶᠢᠬᠠᠨ ᠲᠣᠭᠤᠷᠢᠭ ᠤᠨ ᠬᠤᠯᠪᠣᠭᠠᠯᠠᠨ ᠪᠠᠶᠢᠭᠤᠯᠤᠭᠰᠠᠨ ᠰᠤᠷᠭᠠᠭᠤᠯᠢ ᠶᠢᠨ ᠨᠥᠯᠥᠭᠡᠯᠡᠯ ᠪᠠ ᠳᠠᠭᠠᠭᠤᠯᠭ᠎ᠠ ᠳᠣᠤᠷ᠎ᠠ᠂ ᠮᠠᠨ ᠤ ᠬᠤᠰᠢᠭᠤᠨ ᠤ ᠰᠤᠷᠤᠭᠴᠢᠳ ᠲᠤ ᠨᠠᠩ ᠣᠯᠠᠨ ᠡᠷᠬᠡ ᠲᠡᠭᠰᠢ ᠪᠠᠷ ᠰᠢᠯᠢᠳᠡᠭ ᠰᠤᠷᠭᠠᠨ ᠬᠥᠮᠦᠵᠢᠯ ᠭᠥᠷᠳᠡᠬᠦ ᠠᠵᠠ ᠲᠣᠬᠢᠶᠠᠯ ᠬᠠᠩᠭᠠᠵᠤ᠂ ᠮᠠᠨ ᠤ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠶᠡᠬᠡᠪᠡᠷ ᠳᠥᠯᠭᠢᠨ ᠠᠬᠢᠭᠤᠯᠵᠤ᠂ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠲᠡᠭᠡᠵᠦ ᠪᠠᠶᠢᠨ᠎ᠠ᠃      ᠭᠠᠷ ᠤᠨ ᠦᠰᠦᠭ ᠵᠢᠷᠤᠬᠤ ᠶᠣᠰᠣᠯᠠᠯ ᠤᠨ ᠳᠠᠷᠠᠭ᠎ᠠ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠠᠯᠠᠱᠠ ᠵᠡᠭᠦᠨ ᠬᠤᠰᠢᠭᠤᠨ ᠤ 11 ᠬᠤᠯᠪᠣᠭᠠᠲᠤ ᠰᠤᠷᠭᠠᠭᠤᠯᠢ ᠳᠤ ᠬᠦᠷᠴᠦ ᠫᠠᠶᠢᠰᠠ ᠰᠡᠬᠦᠵᠦ ᠲᠣᠭᠤᠷᠢᠨ ᠪᠠᠶᠢᠴᠠᠭᠠᠪᠠ᠃          
           
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号