ᠠᠯᠠᠱᠠ ᠵᠡᠭᠦᠨ ᠬᠤᠰᠢᠭᠤ ︽ᠡᠷᠡᠭᠦᠯ ᠡᠩᠬᠡ ᠠᠯᠠᠱᠠ ᠬᠤᠨᠳᠠᠭᠠᠲᠤ︾ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/6/20
       6 ᠳ᠋ᠤᠭᠠᠷ ᠰᠠᠷ᠎ᠠ ᠶᠢᠨ 14᠎ ᠤ ᠡᠳᠦᠷ᠂ ᠠᠯᠠᠱᠠ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ 2024 ᠣᠨ ᠤ ︽ᠡᠷᠡᠭᠦᠯ ᠡᠩᠬᠡ ᠠᠯᠠᠱᠠ ᠬᠤᠨᠳᠠᠭᠠᠲᠤ︾ ᠠᠵᠢᠯᠲᠠᠨ ᠠᠵᠢᠯᠴᠢᠨ ᠤ ᠠᠵᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠪᠠᠶᠠᠨᠬᠤᠲᠠ ᠶᠢᠨ ᠣᠯᠠᠨ ᠴᠢᠳᠠᠮᠵᠢᠳᠤ ᠪᠡᠶ᠎ᠡ ᠶᠢᠨ ᠲᠠᠮᠢᠷ ᠤᠨ ᠲᠠᠯᠠᠪᠠᠶ ᠳᠤ ᠶᠠᠪᠤᠭᠳᠠᠪᠠ᠃ ᠪᠥᠬᠦ ᠬᠤᠰᠢᠭᠤᠨ ᠤ ᠡᠯ᠎ᠡ ᠨᠢᠭᠡᠴᠡ᠂ ᠠᠵᠤ ᠠᠬᠤᠶᠢᠯᠠᠯ ᠤᠨ 22 ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠪᠠ᠃      ᠶᠢᠰᠦᠳᠦᠭᠡᠷ ᠪᠦᠯᠦᠭ ᠷᠠᠳᠢᠣ᠋ ᠪᠡᠶ᠎ᠡ ᠶᠢᠨ ᠲᠠᠮᠢᠷ ᠤᠨ ᠠᠶᠢᠵᠠᠮ ᠴᠣᠬᠢᠯᠭᠠᠨᠲᠣ ᠲᠠᠭᠤᠨ ᠎ ᠢ ᠳᠠᠭᠠᠯᠳᠤᠨ᠂ ᠤᠷᠤᠯᠳᠤᠭᠠᠨ ᠳᠤ ᠣᠷᠣᠯᠴᠠᠬᠤ ᠡᠯ᠎ᠡ ᠡᠩᠨᠡᠭᠡ ᠶᠢᠨ ᠵᠣᠷᠢᠭ ᠰᠠᠨᠠᠭ᠎ᠠ ᠴᠤᠭ ᠵᠢᠪᠬᠤᠭ᠎ᠠ ᠪᠠᠳᠠᠷᠠᠩᠭᠤᠶ ᠪᠠᠶᠢᠯ᠎ᠠ᠃ ᠤᠷᠤᠯᠳᠤᠭᠠᠨ ᠳᠤ ᠣᠷᠣᠯᠴᠠᠭᠰᠠᠳ ᠬᠠᠩᠭᠢᠨᠠᠮ᠎ᠠ ᠤᠷᠢᠶ᠎ᠠ᠂ ᠲᠡᠷᠢ ᠲᠡᠭᠰᠢ ᠠᠯᠬᠤᠭ᠎ᠠ᠂ ᠢᠳᠡᠷᠡᠭᠦᠨ ᠳᠣᠷᠪᠢᠲᠠᠶ ᠪᠡᠶ᠎ᠡ ᠮᠠᠬᠠᠪᠣᠳ ᠢᠶᠠᠷ ᠢᠶᠠᠨ ᠪᠡᠶ᠎ᠡ ᠶᠢᠨ ᠲᠠᠮᠢᠷ ᠤᠨ ᠬᠥᠳᠡᠯᠤᠯ ᠨᠢᠭᠡᠪᠦᠷᠢ ᠶᠢ ᠪᠠᠷᠢᠮᠵᠢᠶᠠᠯᠠᠨ ᠬᠢᠵᠦ᠂ ᠪᠦᠯᠬᠦᠮᠳᠡᠨ ᠬᠠᠮᠵᠢᠯᠴᠠᠬᠤ᠂ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠺᠠᠳ᠋ᠷ ᠠᠵᠢᠯᠲᠠᠨ ᠠᠵᠢᠯᠴᠢᠨ ᠣᠷᠭᠢᠯᠤᠮ᠎ᠠ ᠬᠠᠯᠠᠭᠤᠨ ᠰᠡᠳᠬᠢᠯᠭᠡ᠂   ᠡᠷᠴᠢ ᠵᠣᠷᠢᠭ᠂ ᠬᠦᠴᠦᠷᠬᠡᠭ ᠪᠡᠶ᠎ᠡ ᠮᠠᠬᠠᠪᠣᠳ ᠢᠶᠠᠨ ᠡᠭᠦᠷᠢᠳᠡ ᠬᠠᠳᠠᠭᠠᠯᠠᠵᠤ᠂ ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠡᠶ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠠᠩᠭᠢ ᠨᠢᠭᠡᠳᠦᠭᠡᠷ ᠳᠡᠰ ᠤᠨ ᠱᠠᠩᠨᠠᠯ ᠭᠥᠷᠳᠡᠪᠡ᠃ ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠤ ᠪᠡᠶ᠎ᠡ ᠮᠠᠬᠠᠪᠣᠳ ᠤᠨ ᠬᠡᠪ ᠴᠢᠨᠠᠷ ᠢ ᠴᠢᠩᠭᠠᠷᠠᠭᠤᠯᠤᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠴᠤᠭ ᠪᠠᠳᠠᠷᠠᠩᠭᠤᠶ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠠᠵᠢᠯ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号