ᠠᠯᠠᠱᠠ ᠵᠡᠭᠦᠨ ᠬᠤᠰᠢᠭᠤ 2024 ᠣᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾᠎ ᠶᠢᠨ ᠤᠬᠠᠭᠤᠯᠭ᠎ᠠ ᠯᠠᠪᠯᠠᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/20
       ᠡᠨᠡ ᠵᠢᠯ ᠤᠨ 6 ᠳ᠋ᠤᠭᠠᠷ ᠰᠠᠷ᠎ᠠ ᠪᠣᠯ 23 ᠳ᠋ᠤᠭᠠᠷ ᠪᠥᠬᠦ ᠤᠯᠤᠰ ᠤᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ 6 ᠳ᠋ᠤᠭᠠᠷ ᠰᠠᠷ᠎ᠠ ᠶᠢᠨ 16᠎ ᠤ ᠡᠳᠦᠷ ᠤᠨ ᠦᠳᠡ ᠶᠢᠨ ᠡᠮᠦᠨ᠎ᠡ᠂ 2024 ᠣᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾᠎ ᠶᠢᠨ ᠤᠬᠠᠭᠤᠯᠭ᠎ᠠ ᠯᠠᠪᠯᠠᠭ᠎ᠠ ᠶᠢᠨ ᠡᠳᠦᠷ ᠤᠨ ᠠᠵᠢᠯᠯᠠᠭ᠎ᠠ ᠪᠠᠶᠠᠨᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠳᠤ ᠶᠠᠪᠤᠭᠳᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠯᠠᠱᠠ ᠵᠡᠭᠦᠨ ᠬᠤᠰᠢᠭᠤᠨ ᠤ 35 ᠬᠠᠮᠢᠶ᠎ᠠ ᠪᠥᠬᠦᠶ ᠨᠢᠭᠡᠴᠢ ᠵᠢᠴᠢ ᠠᠵᠤ ᠠᠬᠤᠶᠢᠯᠠᠯ ᠨᠢ ᠠᠰᠠᠭᠤᠨ ᠯᠠᠪᠯᠠᠬᠤ ᠲᠠᠪᠴᠠᠩ ᠭᠠᠷᠭᠠᠵᠤ᠂ ᠤᠬᠠᠭᠤᠯᠭ᠎ᠠ ᠶᠢᠨ ᠰᠠᠮᠪᠠᠷ᠎ᠠ ᠳᠡᠯᠭᠡᠵᠦ᠂ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠳᠤ ᠠᠶᠤᠯ ᠥᠬᠡᠶ ᠦᠢᠯᠡᠳᠪᠦᠷᠢᠯᠡᠯ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠠᠶᠤᠯ ᠥᠬᠡᠶ ᠦᠢᠯᠡᠳᠪᠦᠷᠢᠯᠡᠯ ᠤᠨ ᠠᠳᠡᠯ ᠢ ᠤᠷᠢᠳᠴᠢᠯᠠᠨ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ᠂ ᠠᠶᠤᠯ ᠥᠬᠡᠶ ᠦᠢᠯᠡᠳᠪᠦᠷᠢᠯᠡᠯ ᠤᠨ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠵᠡᠷᠭᠡ ᠲᠠᠯ᠎ᠠ ᠶᠢᠨ ᠤᠬᠠᠭᠤᠯᠭ᠎ᠠ ᠵᠥᠪᠯᠡᠯᠭᠡ ᠬᠠᠩᠭᠠᠵᠤ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠨ ᠴᠢᠳᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃     ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 22 ᠠᠰᠠᠭᠤᠨ ᠯᠠᠪᠯᠠᠬᠤ ᠲᠠᠪᠴᠠᠩ ᠭᠠᠷᠭᠠᠵᠤ᠂ 20 ᠭᠠᠷᠤᠶ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠵᠦ᠂ 25 ᠬᠥᠨᠳᠡᠯᠡᠨ ᠪᠢᠴᠢᠭᠡᠰᠦ ᠶᠢ ᠳᠡᠯᠭᠡᠨ ᠦᠵᠡᠭᠦᠯᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠳᠡᠪᠲᠡᠷ ᠢ ᠨᠡᠶᠢᠲᠡ 1000 ᠭᠠᠷᠤᠶ ᠬᠤᠪᠢ ᠲᠠᠷᠬᠠᠭᠠᠪᠠ᠃
                   
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号