2024 ᠣᠨ ᠤ ᠠᠯᠠᠱᠠ ᠠᠶᠢᠮᠠᠭ ᠤᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾᠎ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/6/20
   ᠡᠨᠡ ᠵᠢᠯ ᠤᠨ 6 ᠳ᠋ᠤᠭᠠᠷ ᠰᠠᠷ᠎ᠠ ᠪᠣᠯ 23 ᠳ᠋ᠤᠭᠠᠷ ᠪᠥᠬᠦ ᠤᠯᠤᠰ ᠤᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 1᠎ ᠤ ᠡᠳᠦᠷ᠂ ᠠᠯᠠᠱᠠ ᠠᠶᠢᠮᠠᠭ᠂ ᠠᠯᠠᠱᠠ ᠵᠡᠭᠦᠨ ᠬᠤᠰᠢᠭᠤᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾᠎ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠠᠶᠠᠨᠬᠤᠲᠠ ᠪᠠᠯᠭᠠᠰᠤᠨ ᠤ ᠣᠯᠠᠨ ᠴᠢᠳᠠᠮᠵᠢᠳᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠠᠷᠠᠭᠤᠨ ᠡᠭᠦᠳᠡᠨ ᠤ ᠲᠠᠯᠠᠪᠠᠶ ᠳᠤ ᠶᠠᠪᠤᠭᠳᠠᠪᠠ᠃ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠪᠠᠶ ᠬᠠᠶ ᠯᠢᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠪᠠᠭᠠᠨ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠶᠢᠮᠠᠭ᠂ ᠬᠤᠰᠢᠭᠤᠨ ᠤ ᠬᠠᠮᠢᠶ᠎ᠠ ᠪᠥᠬᠦᠶ ᠨᠢᠭᠡᠴᠡ ᠵᠢᠴᠢ ᠠᠵᠤ ᠠᠬᠤᠶᠢᠯᠠᠯ ᠤᠨ ᠬᠢᠨ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠮᠤᠷ ᠲᠦᠪᠰᠢᠨ ᠤ ᠮᠡᠳᠡᠯᠭᠡ ᠶᠢᠨ ᠱᠠᠩᠨᠠᠯ ᠲᠠᠢ ᠠᠰᠠᠭᠤᠯᠲᠠ ᠬᠠᠷᠢᠭᠤᠯᠲᠠ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠠᠶᠤᠯᠭᠦᠶ ᠦᠢᠯᠡᠳᠪᠦᠷᠢᠯᠡᠯ ᠤᠨ ᠠᠳᠡᠯ ᠢ ᠤᠷᠢᠳᠴᠢᠯᠠᠨ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ᠂ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠲᠠᠯ᠎ᠠ ᠶᠢᠨ ᠤᠬᠠᠭᠤᠯᠭ᠎ᠠ ᠯᠠᠪᠯᠠᠭ᠎ᠠ ᠶᠢᠨ ᠦᠢᠯᠡᠴᠢᠯᠡᠭᠡ ᠬᠠᠩᠭᠠᠬᠤ ᠶᠢᠨ ᠬᠠᠮᠲᠤ ᠲᠣᠨᠤᠭ ᠲᠥᠬᠦᠭᠡᠷᠦᠮᠵᠢ ᠶᠢᠨ ᠦᠵᠡᠭᠦᠯᠭᠡ ᠶᠢᠨ ᠲᠣᠭᠤᠷᠢᠭ ᠭᠠᠷᠭᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠲᠥᠪᠯᠡᠷᠡᠭᠦᠯᠦᠨ ᠳᠡᠯᠭᠡᠨ ᠦᠵᠡᠭᠦᠯᠪᠡ᠃    ᠣᠶᠢᠯᠠᠭᠠᠭᠰᠠᠨ ᠢᠶᠠᠷ᠂ ᠡᠨᠡ ᠵᠢᠯ ᠤᠨ ᠪᠥᠬᠦ ᠤᠯᠤᠰ ᠤᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾᠎ ᠶᠢᠨ ᠠᠵᠢᠯᠯᠠᠭ᠎ᠠ ᠶᠢᠨ ᠭᠤᠤᠯ ᠰᠡᠳᠦᠪ ᠪᠣᠯ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ ᠶᠢ ᠡᠷᠬᠢᠮᠯᠡᠬᠦ— ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ︾ ᠪᠣᠯᠤᠨ᠎ᠠ᠃ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠪᠦᠯᠬᠦᠮ ᠨᠡᠶᠢᠲᠡ ᠶᠢᠨ ᠬᠢᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠠᠷᠭ᠎ᠠ ᠵᠠᠮ ᠢᠶᠠᠷ ᠥᠷᠭᠡᠨ ᠢᠶᠠᠷ ᠤᠬᠠᠭᠤᠯᠵᠤ᠂ ᠠᠵᠢᠯᠲᠠᠨ ᠨᠢᠭᠡᠪᠦᠷᠢ ᠳᠤ ᠴᠥᠮ ᠪᠠᠷᠢᠮᠵᠢᠶ᠎ᠠ ᠶᠢ ᠭᠦᠨᠵᠡᠭᠡᠶ ᠣᠶᠢᠯᠠᠭᠠᠭᠤᠯᠬᠤ ᠪᠠ ᠡᠵᠡᠮᠰᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ ︽ᠳᠣᠲᠣᠷ᠎ᠠ ᠪᠠᠨ ᠲᠤᠭ᠎ᠠ ᠲᠠᠢ᠂ ᠭᠠᠷ ᠲᠤ ᠪᠠᠨ ᠠᠷᠭ᠎ᠠ ᠲᠠᠢ ︾ ᠪᠠᠶᠢᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ ᠠᠮᠤᠷ ᠲᠦᠪᠰᠢᠨ ᠤ ᠤᠬᠠᠭᠤᠯᠭ᠎ᠠ ᠶᠢᠨ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ᠂ ᠰᠤᠷᠭᠠᠭᠤᠯᠢ᠂ ᠬᠡᠷ ᠪᠦᠯᠢ ᠶᠢᠨ ᠣᠨᠴᠠᠯᠢᠭ ᠲᠤ ᠴᠢᠭᠯᠡᠭᠦᠯᠦᠨ᠂ ᠠᠮᠤᠷ ᠲᠦᠪᠰᠢᠨ ᠤ ᠮᠡᠳᠡᠯᠭᠡ ᠪᠠ ᠠᠶᠤᠯ ᠠᠴᠠ ᠵᠠᠶᠢᠯᠠᠬᠤ ᠤᠷ᠎ᠠ ᠴᠢᠳᠠᠪᠤᠷᠢ ᠶᠢ ᠥᠷᠭᠡᠨ ᠢᠶᠠᠷ ᠤᠬᠠᠭᠤᠯᠵᠤ᠂ ᠠᠶᠤᠯᠭᠦᠶ ᠦᠢᠯᠡᠳᠪᠦᠷᠢᠯᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ︽ᠵᠠᠰᠠᠭ ᠤᠨ ᠣᠷᠳᠣᠨ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ ᠬᠠᠮᠢᠶᠠᠷᠬᠤ᠂ ᠠᠵᠤ ᠠᠬᠤᠶᠢᠯᠠᠯ ᠪᠥᠬᠦ ᠲᠠᠯ᠎ᠠ ᠪᠠᠷ ᠬᠠᠷᠢᠭᠤᠴᠠᠬᠤ᠂ ᠣᠯᠠᠨ ᠲᠦᠮᠡᠨ ᠬᠢᠨᠠᠯᠲᠠ ᠲᠠᠯᠪᠢᠵᠤ ᠣᠷᠣᠯᠴᠠᠬᠤ᠂ ᠨᠡᠶᠢᠭᠡᠮ ᠨᠡᠶᠢᠲᠡ ᠪᠠᠷ ᠢᠶᠠᠨ ᠳᠡᠮᠵᠢᠬᠦ︾ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠷᠢᠰᠢᠯ ᠢ ᠬᠠᠮᠲᠤ ᠪᠠᠷ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号