ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ︽  ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ︾
ᠨᠡᠶᠢᠲᠡᠯᠡᠭᠰᠡᠨ ᠴᠠᠭ᠄
2024/6/20
           ᠨᠢᠭᠡᠳᠦᠭᠡᠷ ᠵᠦᠢᠯ ᠣᠯᠠᠨ ᠵᠦᠢᠯ ᠤᠨ ᠬᠡᠯᠪᠡᠷᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠵᠢᠷᠤᠮᠵᠢᠭᠤᠯᠤᠨ ᠬᠥᠭᠵᠢᠭᠦᠯᠬᠦ ᠶᠢᠨ ᠲᠤᠰᠠᠳᠠ᠂ ︽ᠬᠥᠩᠭᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠪᠠ ︽ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾᠎ ᠎ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃            ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠭᠡᠷ ᠪᠦᠯᠢ ᠶᠢᠨ ᠬᠡᠦᠬᠡᠳ ᠠᠰᠠᠷᠠᠵᠤ ᠬᠥᠮᠥᠵᠢᠭᠦᠯᠬᠦ ᠴᠡᠭ ᠭᠡᠳᠡᠭ ᠨᠢ ᠣᠷᠣᠨ ᠰᠠᠭᠤᠴᠠ ᠪᠠᠨ ᠠᠰᠢᠭᠯᠠᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ︵ᠳᠣᠷᠣᠭᠰᠢ ᠨᠢᠯᠬ᠎ᠠ ᠬᠡᠦᠬᠡᠳ ᠭᠡᠵᠦ ᠲᠣᠪᠴᠢᠯᠠᠨ᠎ᠠ︶᠎ ᠳᠤ ᠪᠦᠬᠦᠯᠢ ᠡᠳᠦᠷ ᠤᠨ ᠨᠠᠶᠢᠳᠠᠯᠭ᠎ᠠ᠂ ᠬᠠᠭᠠᠰ ᠡᠳᠦᠷ ᠤᠨ ᠨᠠᠶᠢᠳᠠᠯᠭ᠎ᠠ᠂ ᠴᠠᠭ ᠢᠶᠠᠷ ᠪᠤᠳᠤᠬᠤ ᠨᠠᠶᠢᠳᠠᠯᠭ᠎ᠠ᠂ ᠲᠥᠷ ᠴᠠᠭ ᠤᠨ ᠨᠠᠶᠢᠳᠠᠯᠭ᠎ᠠ ᠪᠠᠷ ᠬᠡᠦᠬᠡᠳ ᠰᠠᠭᠠᠲᠠᠭᠤᠯᠬᠤ ᠵᠡᠷᠭᠡ ᠬᠡᠦᠬᠡᠳ ᠠᠰᠠᠷᠠᠵᠤ ᠬᠥᠮᠥᠵᠢᠭᠦᠯᠬᠦ ᠦᠢᠯᠡᠴᠢᠯᠡᠭᠡᠨ ᠬᠠᠩᠭᠠᠬᠤ ᠲᠠᠯᠠᠪᠤᠷ ᠢ ᠵᠢᠭᠠᠵᠤ ᠪᠣᠢ᠃ ︵ᠳᠣᠷᠣᠭᠰᠢ ᠨᠢᠯᠬ᠎ᠠ ᠬᠡᠦᠬᠡᠳ︶ ᠎ ᠳᠤ ᠪᠦᠬᠦᠯᠢ ᠡᠳᠦᠷ ᠣᠨ ᠨᠠᠶᠢᠳᠠᠯᠭ᠎ᠠ᠂ ᠬᠠᠭᠠᠰ ᠡᠳᠦᠷ ᠤᠨ ᠨᠠᠶᠢᠳᠠᠯᠭ᠎ᠠ᠂ ᠴᠠᠭ ᠢᠶᠠᠷ ᠪᠤᠳᠤᠬᠤ ᠨᠠᠶᠢᠳᠠᠯᠭ᠎ᠠ᠂ ᠲᠥᠷ ᠴᠠᠭ ᠤᠨ ᠨᠠᠶᠢᠳᠠᠯᠭ᠎ᠠ ᠪᠠᠷ ᠬᠡᠦᠬᠡᠳ ᠰᠠᠭᠠᠲᠠᠭᠤᠯᠬᠤ ᠵᠡᠷᠭᠡ ᠨᠠᠶᠢᠳᠠᠵᠤ ᠬᠥᠮᠥᠵᠢᠭᠦᠯᠬᠦ ᠦᠢᠯᠡᠴᠢᠯᠡᠭᠡᠨ ᠬᠠᠩᠭᠠᠬᠤ ᠭᠠᠵᠠᠷ ᠢ ᠵᠢᠭᠠᠵᠤ ᠪᠤᠢ᠃ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠨᠢᠭᠡᠪᠦᠷᠢ ᠶᠢᠨ ᠬᠡᠦᠬᠡᠳ ᠰᠠᠭᠠᠲᠠᠭᠤᠯᠬᠤ ᠬᠥᠮᠥᠨ ᠤ ᠲᠤᠭ᠎ᠠ ᠶᠢ 5 ᠬᠥᠮᠥᠨ ᠠᠴᠠ ᠬᠡᠲᠦᠷᠡᠭᠦᠯᠵᠦ ᠪᠣᠯᠬᠤ ᠦᠭᠡᠢ᠃            ᠭᠤᠷᠪᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠢ ᠡᠷᠬᠢᠯᠡᠬᠦ ᠳᠤ ᠪᠠᠶᠢᠭ᠎ᠠ ᠭᠠᠵᠠᠷ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠣᠷᠣᠨ ᠰᠠᠭᠤᠴᠠ ᠶᠢ ᠡᠵᠡᠩᠨᠡᠯᠲᠡ ᠶᠢᠨ ᠲᠠᠯᠠᠪᠤᠷ ᠭᠠᠵᠠᠷ ᠢᠶᠠᠷ ᠳᠠᠩᠰᠠᠯᠠᠭᠤᠯᠬᠤ ᠲᠤᠬᠠᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠵᠦ᠂ ᠣᠷᠣᠨ ᠰᠠᠭᠤᠴᠠ ᠶᠢᠨ ᠪᠠᠶᠢᠭ᠎ᠠ ᠭᠠᠵᠠᠷ ᠤᠨ ᠲᠤᠰ ᠪᠠᠷᠢᠯᠭ᠎ᠠ ᠶᠢᠨ ᠳᠣᠲᠣᠷᠠᠬᠢ ᠪᠤᠶᠤ ᠠᠳᠠᠯᠢ ᠨᠢᠭᠡᠨ ᠪᠠᠶᠢᠰᠢᠩ ᠭᠡᠷ ᠤᠨ ᠬᠦᠷᠢᠶᠡᠨ ᠳᠠᠬᠢ ᠪᠤᠰᠤᠳ ᠥᠮᠴᠢᠲᠡᠨ ᠤ ᠰᠠᠨᠠᠯ ᠨᠢᠭᠡᠲᠡᠢ ᠵᠥᠪᠰᠢᠶᠡᠷᠡᠯ ᠢ ᠣᠯᠬᠤ ᠬᠡᠷᠡᠭᠲᠡᠢ᠃            ᠳᠥᠷᠪᠡᠳᠦᠭᠡᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠨᠡᠷᠡᠶᠢᠳᠦᠯ ᠳᠤ ︽ᠨᠠᠶᠢᠳᠠᠨ ᠬᠥᠮᠥᠵᠢᠭᠦᠯᠬᠦ︾ ᠭᠡᠰᠡᠨ ᠥᠰᠥᠭ ᠢ ᠲᠣᠳᠣᠷᠬᠠᠶᠢᠯᠠᠵᠤ᠂ ᠦᠢᠯᠡᠴᠢᠯᠡᠬᠦ ᠬᠡᠪᠴᠢᠶ᠎ᠡ ᠵᠢᠴᠢ ᠡᠵᠡᠩᠨᠡᠯᠲᠡ ᠶᠢᠨ ᠬᠡᠪᠴᠢᠶᠡᠨ ᠳᠤ ︽ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡ︾᠎ ᠎ ᠶᠢ ᠲᠣᠳᠣᠷᠬᠠᠶᠢᠯᠠᠬᠤ ᠬᠡᠷᠡᠭᠲᠡᠢ᠃            ᠠᠰᠢᠭ ᠣᠯᠵᠠᠪᠤᠷᠢ ᠶᠢᠨ ᠴᠢᠨᠠᠷᠲᠠᠢ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠢ ᠡᠷᠭᠢᠯᠡᠭᠰᠡᠨ ᠪᠠᠶᠢᠪᠠᠯ᠂ ᠪᠠᠶᠢᠭ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠭᠤᠶᠤᠴᠢᠯᠠᠨ ᠳᠠᠩᠰᠠᠯᠠᠭᠤᠯᠵᠤ᠂ ᠳᠠᠩᠰᠠᠯᠠᠬᠤ ᠪᠠᠶᠢᠭᠤᠯᠭ᠎ᠠ ᠨᠢ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠳᠠᠩᠰᠠᠯᠠᠯᠲᠠ ᠶᠢᠨ ᠮᠡᠳᠡᠭᠡ ᠵᠠᠩᠭᠢ ᠶᠢ ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠬᠦᠷᠭᠡᠬᠦ ᠬᠡᠷᠡᠭᠲᠡᠢ᠃            ᠲᠠᠪᠤᠳᠤᠭᠠᠷ ᠵᠦᠢᠯ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠢ ᠳᠠᠩᠰᠠᠯᠠᠭᠤᠯᠤᠭᠰᠠᠨ ᠤ ᠳᠠᠷᠠᠭ᠎ᠠ᠂ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠳᠠᠩᠰᠠᠯᠠᠭᠤᠯᠵᠤ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠳᠠᠩᠰᠠᠯᠠᠭᠤᠯᠬᠤ ᠮᠡᠳᠡᠭᠡ ᠵᠠᠩᠭᠢ ᠶᠢᠨ ᠰᠢᠰᠲ᠋ᠧᠮ ᠳᠤ ᠲᠡᠮᠳᠡᠭᠯᠡᠨ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠳᠠᠩᠰᠠᠯᠠᠭᠤᠯᠬᠤ ᠪᠢᠴᠢᠭ᠂ ᠳᠠᠩᠰᠠᠯᠠᠭᠤᠯᠬᠤ ᠠᠮᠠᠯᠠᠯᠲᠠ ᠶᠢᠨ ᠪᠢᠴᠢᠭ ︵ᠬᠠᠪᠰᠤᠷᠤᠯᠲᠠ 1᠂ 2︶᠎ ᠎ ᠢ ᠴᠠᠬᠢᠮ ᠰᠦᠯᠵᠢᠶ᠎ᠡ +ᠲᠠᠭᠯᠠᠨ ᠪᠢᠴᠢᠬᠦ ᠶᠢᠨ ᠬᠠᠮᠲᠤ ᠳᠣᠣᠷᠠᠬᠢ ᠮᠠᠲ᠋ᠧᠷᠢᠶᠠᠯ ᠤᠨ ᠰᠢᠷᠪᠢᠯᠲᠡ ᠶᠢᠨ ᠮᠠᠲ᠋ᠧᠷᠢᠶᠠᠯ ᠪᠤᠶᠤ ᠡᠯᠧᠺᠲᠷᠣᠨ ᠦᠨᠡᠮᠯᠡᠯ ᠢ ᠲᠤᠰᠢᠶᠠᠬᠤ ᠬᠡᠷᠡᠭᠲᠡᠢ᠄                   ︵ᠨᠢᠭᠡ︶ ᠡᠵᠡᠩᠨᠡᠯᠲᠡ ᠶᠢᠨ ᠦᠨᠡᠮᠯᠡᠯ ᠪᠤᠶᠤ ᠪᠤᠰᠤᠳ ᠬᠠᠤᠯᠢ ᠶᠢᠨ ᠬᠥᠮᠥᠨ ᠤ ᠳᠠᠩᠰᠠᠯᠠᠭᠤᠯᠤᠭᠰᠠᠨ ᠦᠨᠡᠮᠯᠡᠯ︔                   ︵ᠬᠤᠶᠠᠷ︶ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠪᠤᠶᠤ ᠭᠡᠷ ᠪᠠᠶᠢᠰᠢᠩ ᠤᠨ ᠲᠦᠷᠢᠶᠡᠰᠦᠯᠡᠬᠦ ᠭᠡᠷ᠎ᠡ ︵ᠲᠦᠷᠢᠶᠡᠰᠦᠯᠡᠬᠦ ᠬᠤᠭᠤᠴᠠᠭ᠎ᠠ ᠨᠢ 3 ᠵᠢᠯ ᠠᠴᠠ ᠳᠤᠲᠠᠭᠤ ᠪᠠᠶᠢᠵᠤ ᠪᠣᠯᠬᠤ ᠦᠭᠡᠢ︶︔                   ︵ᠭᠤᠷᠪᠠ︶ ᠠᠰᠠᠷᠠᠨ ᠰᠤᠪᠢᠯᠠᠭᠴᠢ ᠶᠢᠨ ᠪᠡᠶ᠎ᠡ ᠶᠢᠨ ᠦᠨᠡᠮᠯᠡᠯ᠂ ᠡᠷᠡᠭᠦᠯ ᠮᠡᠨᠳᠦ ᠶᠢᠨ ᠬᠢᠷᠢ ᠲᠡᠩᠴᠡᠭᠰᠡᠨ ᠦᠨᠡᠮᠯᠡᠯ᠂ ᠬᠠᠮᠢᠶ᠎ᠠ ᠪᠦᠬᠦᠢ ᠬᠠᠤᠯᠢ ᠶᠢ ᠵᠥᠷᠢᠴᠡᠵᠦ ᠶᠠᠯᠠᠳᠦ ᠠᠵᠢᠯᠯᠠᠭ᠎ᠠ ᠦᠢᠯᠡᠳᠦᠭᠰᠡᠨ ᠲᠡᠮᠳᠡᠭᠯᠡᠯ ᠤᠨ ᠮᠠᠲ᠋ᠧᠷᠢᠶᠠᠯ ᠦᠭᠡᠢ᠂ ᠨᠢᠯᠬ᠎ᠠ ᠬᠡᠦᠬᠡᠳ ᠤᠨ ᠠᠰᠠᠷᠠᠨ ᠰᠤᠪᠢᠯᠠᠯᠲᠠ ᠶᠢᠨ ᠬᠠᠮᠢᠶ᠎ᠠ ᠪᠦᠬᠦᠢ ᠰᠤᠷᠤᠯᠭ᠎ᠠ ᠶᠢᠨ ᠨᠠᠮᠲᠠᠷ ᠤᠨ ᠦᠨᠡᠮᠯᠡᠯ ᠪᠤᠶᠤ ᠮᠡᠷᠭᠡᠵᠢᠯ ᠴᠢᠳᠠᠪᠤᠷᠢ ᠶᠢᠨ ᠲᠠᠰ ︵ᠰᠤᠷᠭᠠᠯᠲᠠ︶᠎ ᠎ ᠤᠨ ᠦᠨᠡᠮᠯᠡᠯ︔                   ︵ᠳᠥᠷᠪᠡ︶ ᠭᠡᠷ ᠪᠠᠶᠢᠰᠢᠩ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠬᠢᠷᠢ ᠲᠡᠩᠴᠡᠭᠰᠡᠨ ᠪᠤᠶᠤ ᠭᠡᠷ ᠪᠠᠶᠢᠰᠢᠩ ᠤᠨ ᠠᠶᠦᠯᠭᠦᠢ ᠶᠢᠨ ᠬᠢᠨᠠᠨ ᠲᠣᠭᠲᠠᠭᠠᠯᠲᠠ ᠬᠢᠬᠦ ᠳᠤ ᠬᠢᠷᠢ ᠲᠡᠩᠴᠡᠭᠰᠡᠨ ᠬᠤᠯᠪᠣᠭᠳᠠᠯ ᠪᠦᠬᠦᠢ ᠮᠠᠲ᠋ᠧᠷᠢᠶᠠᠯ ︵ᠥᠪᠡᠷ ᠲᠡᠭᠡᠨ ᠪᠠᠷᠢᠭᠰᠠᠨ ᠭᠡᠷ ᠪᠠᠶᠢᠰᠢᠩ︶᠎ ︔             ︵ᠲᠠᠪᠤ︶ ᠣᠷᠣᠨ ᠰᠠᠭᠤᠴᠠ ᠶᠢᠨ ᠪᠠᠶᠢᠭ᠎ᠠ ᠲᠤᠰ ᠪᠠᠷᠢᠯᠭ᠎ᠠ ᠶᠢᠨ ᠳᠣᠲᠣᠷᠠᠬᠢ ᠪᠤᠶᠤ ᠨᠢᠭᠡ ᠪᠠᠶᠢᠰᠢᠩ ᠭᠡᠷ ᠤᠨ ᠬᠦᠷᠢᠶᠡᠨ ᠳᠠᠬᠢ ᠪᠤᠰᠤᠳ ᠥᠮᠴᠢᠲᠡᠨ ᠤ ᠰᠠᠨᠠᠯ ᠨᠢᠭᠡᠲᠡᠢ ᠵᠥᠪᠰᠢᠶᠡᠷᠡᠭᠰᠡᠨ ᠭᠡᠷᠡᠴᠢᠯᠡᠬᠦ ᠮᠠᠲ᠋ᠧᠷᠢᠶᠠᠯ︔                   ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃            ᠵᠢᠷᠭᠤᠳᠤᠭᠠᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠳᠠᠩᠰᠠᠯᠠᠭᠤᠯᠤᠭᠰᠠᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠲᠤᠨᠢ ᠬᠦᠷᠴᠦ ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢᠨ ᠬᠠᠮᠲᠤ ᠳᠠᠩᠰᠠᠯᠠᠭᠤᠯᠤᠭᠰᠠᠨ ᠬᠠᠷᠢᠭᠤ ᠪᠠᠷᠢᠮᠲᠠ ᠶᠢ ᠬᠠᠩᠭᠠᠬᠤ ᠬᠡᠷᠡᠭᠲᠡᠢ᠃            ᠳᠣᠯᠣᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠳᠠᠩᠰᠠᠯᠠᠭᠤᠯᠤᠭᠰᠠᠨ ᠵᠦᠢᠯᠡᠰ ᠢᠶᠠᠨ ᠬᠤᠪᠢᠷᠠᠭᠤᠯᠬᠤ ᠳᠤ᠂ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠮᠡᠳᠡᠭᠡ ᠵᠠᠩᠭᠢ ᠪᠠᠨ ᠰᠢᠨᠡᠳᠬᠡᠬᠦ ᠬᠡᠷᠡᠭᠲᠡᠢ︔      ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠪᠠᠨ ᠵᠣᠭᠰᠤᠭᠠᠬᠤ ᠳᠤ ᠬᠦᠷᠪᠡᠯ᠂ ᠬᠡᠦᠬᠡᠳ ᠰᠠᠭᠠᠲᠠᠭᠤᠯᠬᠤ ᠭᠡᠵᠦ ᠪᠠᠶᠢᠭ᠎ᠠ ᠨᠢᠯᠬ᠎ᠠ ᠪᠠᠯᠴᠢᠷ ᠬᠡᠦᠬᠡᠳ ᠢ ᠲᠣᠬᠢᠲᠠᠢ ᠲᠥᠪᠬᠢᠨᠡᠭᠦᠯᠬᠦ ᠶᠢᠨ ᠬᠠᠮᠲᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠳᠠᠩᠰᠠᠯᠠᠭᠤᠯᠤᠭᠰᠠᠨ ᠪᠠᠶᠢᠳᠠᠯ ᠢ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠢ᠃            ᠨᠠᠢᠮᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠨᠢ ᠨᠢᠯᠬ᠎ᠠ ᠪᠠᠯᠴᠢᠷ ᠬᠡᠦᠬᠡᠳ ᠲᠤ ᠠᠮᠢᠳᠤᠷᠠᠯ ᠢ ᠨᠢ ᠬᠠᠷᠠᠭᠠᠯᠵᠠᠬᠤ᠂ ᠠᠮᠤᠷ ᠲᠦᠪᠰᠢᠨ ᠢᠶᠠᠷ ᠠᠰᠠᠷᠠᠬᠤ᠂ ᠬᠤᠭᠤᠯᠠ ᠬᠦᠨᠡᠰᠦ ᠶᠢ ᠨᠢ ᠲᠡᠩᠴᠡᠭᠦᠯᠬᠦ ᠪᠠ ᠡᠷᠲᠡ ᠠᠴᠠ ᠰᠤᠷᠤᠯᠴᠠᠬᠤ ᠲᠣᠬᠢᠶᠠᠯ ᠣᠯᠭᠤᠵᠤ᠂ ᠨᠢᠯᠬ᠎ᠠ ᠪᠠᠯᠴᠢᠷ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃            ᠶᠢᠰᠦᠳᠦᠭᠡᠷ ᠵᠦᠢᠯ ᠭᠡᠷ ᠪᠦᠯᠢ ᠶᠢᠨ ᠨᠠᠶᠢᠳᠠᠯᠭ᠎ᠠ ᠪᠠᠷ ᠬᠥᠮᠥᠵᠢᠭᠦᠯᠬᠦ ᠴᠡᠭ ᠤᠨ ᠬᠠᠷᠠᠭᠠᠯᠵᠠᠨ ᠠᠰᠠᠷᠠᠬᠤ ᠬᠥᠮᠥᠰ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄                   ︵ᠨᠢᠭᠡ︶ ᠠᠰᠠᠷᠠᠨ ᠬᠥᠮᠥᠵᠢᠭᠦᠯᠬᠦ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠲᠤᠷᠰᠢᠯᠭ᠎ᠠ ᠪᠤᠶᠤ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠬᠤᠢ ᠪᠠᠶᠢᠳᠠᠯ ᠲᠠᠢ ᠪᠠᠶᠢᠬᠤ︔                   ︵ᠬᠤᠶᠠᠷ︶ ᠨᠢᠯᠬ᠎ᠠ ᠬᠡᠦᠬᠡᠳ ᠢ ᠠᠰᠠᠷᠠᠨ ᠬᠥᠮᠥᠵᠢᠭᠦᠯᠬᠦ᠂ ᠰᠡᠳᠬᠢᠴᠡ ᠶᠢᠨ ᠡᠷᠡᠭᠦᠯ ᠮᠡᠡᠳᠦ᠂ ᠢᠳᠡᠭᠡᠨ ᠤ ᠠᠶᠤᠯᠭᠦᠢ᠂ ᠲᠦᠷᠭᠡᠨ ᠠᠪᠤᠷᠠᠬᠤ ᠪᠠ ᠭᠠᠯ ᠲᠦᠢᠮᠡᠷ ᠤᠨ ᠠᠶᠤᠯ ᠠᠴᠠ ᠰᠡᠷᠭᠡᠶᠢᠯᠡᠨ ᠤᠨᠲᠠᠷᠠᠭᠠᠬᠤ ᠵᠡᠷᠭᠡ ᠲᠠᠯ᠎ᠠ ᠶᠢᠨ ᠰᠤᠷᠭᠠᠯᠲᠠ ᠶᠢ ᠭᠥᠷᠳᠡᠭᠰᠡᠨ ᠪᠠᠶᠢᠬᠤ︔                   ︵ᠭᠤᠷᠪᠠ︶ ᠪᠡᠶ᠎ᠡ ᠮᠠᠬᠠᠪᠤᠳ ᠨᠢ ᠡᠷᠡᠭᠦᠯ ᠴᠢᠭᠢᠷᠠᠭ᠂ ᠮᠡᠳᠡᠷᠡᠯ ᠤᠨ ᠡᠪᠡᠳᠴᠢᠨ ᠤ ᠲᠡᠦᠬᠡ ᠦᠭᠡᠢ︔                   ︵ᠳᠥᠷᠪᠡ︶ ᠪᠡᠯᠭᠡ ᠶᠢᠨ ᠪᠤᠰᠤ ᠬᠠᠯᠳᠠᠯᠭ᠎ᠠ᠂ ᠬᠠᠯᠠ ᠦᠵᠡᠭᠦᠯᠦᠭᠰᠡᠨ᠂ ᠮᠡᠬᠡᠯᠡᠨ ᠬᠤᠳᠠᠯᠳᠤᠭᠰᠠᠨ᠂ ᠬᠦᠴᠦᠷᠬᠡᠭᠯᠡᠯ ᠢᠶᠠᠷ ᠭᠡᠮᠲᠦᠭᠡᠭᠰᠡᠨ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ᠃            ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠤᠨ ᠡᠷᠭᠢᠯᠡᠨ ᠬᠢᠭᠴᠢ ᠨᠢ ᠬᠠᠮᠲᠤ ᠳᠤᠨᠢ ᠬᠠᠷᠠᠭᠠᠯᠵᠠᠨ ᠬᠠᠮᠠᠭᠠᠯᠠᠭᠴᠢ ᠪᠠᠶᠢᠪᠠᠯ᠂ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃            ᠠᠷᠪᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ 1 ᠬᠠᠷᠠᠭᠠᠯᠵᠠᠨ ᠠᠰᠠᠷᠠᠭᠴᠢ ᠨᠢᠭᠡᠪᠦᠷᠢ ᠨᠢ ᠬᠠᠮᠤᠭ ᠤᠨ ᠠᠷᠪᠢᠨ ᠳᠠᠭᠠᠨ 3 ᠨᠢᠯᠬ᠎ᠠ ᠬᠡᠦᠬᠡᠳ ᠢ ᠠᠰᠠᠷᠠᠵᠤ ᠬᠠᠷᠠᠭᠠᠯᠵᠠᠨ᠎ᠠ᠃            ᠠᠷᠪᠠᠨ ᠨᠢᠭᠡᠳᠦᠭᠡᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠨᠢᠯᠬ᠎ᠠ ᠬᠡᠦᠬᠡᠳ ᠤᠨ ᠬᠥᠮᠥᠨ ᠪᠦᠷᠢ ᠶᠢᠨ ᠳᠤᠮᠳᠠᠴᠢ ᠪᠠᠷᠢᠯᠭ᠎ᠠ ᠶᠢᠨ ᠲᠠᠯᠠᠪᠠᠢ ᠶᠢ 9ᠺᠦᠸᠠᠳ᠋ ᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠃            ᠠᠷᠪᠠᠨ ᠬᠤᠶᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠨᠢ ᠨᠢᠯᠬ᠎ᠠ ᠬᠡᠦᠬᠡᠳ ᠤᠨ ᠦᠰᠦᠨ ᠪᠤᠶᠢᠵᠢᠯᠲᠠ ᠳᠤ ᠲᠣᠬᠢᠷᠠᠬᠤ ᠣᠷᠴᠢᠨ ᠨᠥᠬᠦᠴᠡᠯ ᠢ ᠬᠠᠩᠭᠠᠵᠤ᠂ ᠰᠠᠯᠬᠢ ᠵᠢᠪᠠᠷ ᠰᠠᠶᠢᠨ ᠨᠡᠪᠲᠡᠷᠡᠬᠦ᠂ ᠨᠡᠷᠡᠨ ᠤ ᠲᠤᠰᠤᠯᠲᠠ ᠭᠦᠢᠴᠡᠳ᠂ ᠳᠤᠯᠠᠭᠠᠨ ᠤ ᠬᠡᠮᠵᠢᠶ᠎ᠡ ᠲᠣᠬᠢᠷᠠᠮᠵᠢᠲᠠᠢ᠂ ᠭᠡᠷᠡᠯᠲᠦᠭᠦᠯᠭᠡ ᠳᠤ ᠲᠠᠭᠠᠯᠠᠮᠵᠢᠲᠠᠢ ᠪᠠᠶᠢᠬᠤ ᠬᠡᠷᠡᠭᠲᠡᠢ᠃            ᠭᠡᠷ ᠪᠦᠯᠢ ᠶᠢᠨ ᠨᠠᠶᠢᠳᠠᠨ ᠪᠣᠶᠢᠵᠢᠭᠤᠯᠬᠤ ᠴᠡᠭ ᠢ ᠭᠠᠵᠠᠷ ᠳᠣᠣᠷᠠᠬᠢ ᠭᠡᠷ ᠪᠤᠶᠤ ᠬᠠᠭᠠᠰ ᠭᠠᠵᠠᠷ ᠳᠣᠣᠷᠠᠬᠢ ᠭᠡᠷ ᠲᠤ ᠪᠠᠶᠢᠷᠢᠯᠠᠭᠤᠯᠵᠤ ᠪᠣᠯᠬᠤ ᠦᠭᠡᠢ᠂ ︽ᠭᠤᠷᠪᠠ ᠶᠢ ᠨᠢᠭᠡᠳᠬᠡᠭᠰᠡᠨ︾ ᠲᠠᠯᠠᠪᠤᠷ ᠭᠠᠵᠠᠷ ᠪᠠ ᠥᠩᠭᠡᠲᠦ ᠪᠣᠯᠣᠳ ᠬᠠᠪᠲᠠᠰᠤ ᠶᠢᠨ ᠪᠠᠷᠢᠯᠭ᠎ᠠ ᠳᠤ ᠪᠠᠶᠢᠷᠢᠯᠠᠭᠤᠯᠵᠤ ᠪᠣᠯᠬᠤ ᠦᠭᠡᠢ᠂ ᠡᠭᠦᠳᠡ ᠴᠣᠩᠬᠤᠨ ᠳᠤ ᠠᠮᠢ ᠵᠢᠭᠤᠲᠠᠬᠤ ᠪᠠ ᠭᠠᠯ ᠲᠦᠢᠮᠡᠷ ᠢ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠲᠡᠮᠦᠷ ᠬᠡᠷᠡᠰᠬᠡ᠂ ᠬᠤᠯᠠᠭᠠᠢ ᠶᠢ ᠰᠡᠷᠭᠡᠶᠢᠯᠡᠬᠦ ᠴᠣᠩᠬᠤᠪᠴᠢ ᠵᠡᠷᠭᠡ ᠬᠠᠷᠰᠢ ᠰᠠᠭᠠᠳ ᠲᠠᠯᠪᠢᠵᠤ ᠪᠣᠯᠬᠤ ᠦᠭᠡᠢ᠃            ᠠᠷᠪᠠᠨ ᠭᠤᠷᠪᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠤᠨ ᠭᠡᠷ ᠪᠠᠶᠢᠰᠢᠩ ᠣᠨ ᠪᠦᠲᠦᠴᠡ᠂ ᠪᠡᠯᠡᠳᠬᠡᠮᠵᠢ ᠲᠥᠬᠦᠭᠡᠷᠦᠮᠵᠢ᠂ ᠵᠠᠰᠠᠯ ᠴᠢᠮᠡᠭᠯᠡᠯ ᠣᠨ ᠮᠠᠲ᠋ᠧᠷᠢᠶᠠᠯ᠂ ᠭᠡᠷ ᠣᠨ ᠬᠡᠷᠡᠭᠰᠡᠯ ᠵᠡᠷᠭᠡ ᠨᠢ ᠤᠯᠤᠰ ᠤᠨ ᠬᠠᠮᠢᠶ᠎ᠠ ᠪᠦᠬᠦᠢ ᠠᠶᠦᠯᠭᠦᠢ ᠶᠢᠨ ᠶᠠᠰᠤ ᠴᠢᠨᠠᠷ ᠣᠨ ᠪᠠᠷᠢᠮᠵᠢᠶ᠎ᠠ ᠪᠣᠯᠣᠨ ᠣᠷᠴᠢᠨ ᠲᠣᠭᠤᠷᠢᠨ ᠢ ᠬᠠᠮᠠᠭᠠᠯᠠᠬᠤ ᠪᠠᠷᠢᠮᠵᠢᠶ᠎ᠠ ᠳᠤ ᠨᠡᠶᠢᠴᠡᠵᠦ᠂ ᠭᠠᠵᠠᠷ ᠬᠥᠳᠡᠯᠦᠯᠲᠡ ᠶᠢ ᠡᠰᠡᠷᠭᠦᠴᠡᠬᠦ᠂ ᠭᠠᠯ ᠲᠦᠢᠮᠡᠷ ᠤᠨ ᠠᠶᠤᠯ ᠠᠴᠠ ᠰᠡᠷᠭᠡᠶᠢᠯᠡᠬᠦ᠂ ᠲᠠᠷᠬᠠᠭᠠᠬᠤ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃            ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠬᠡᠷᠡᠭᠯᠡᠨ ᠭᠡᠷ ᠪᠦᠯᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡ ᠥᠷᠨᠢᠭᠦᠯᠦᠭᠰᠡᠨ ᠪᠠᠶᠢᠪᠠᠯ᠂ ᠳᠠᠩᠰᠠᠯᠠᠭᠤᠯᠬᠤ ᠦᠶ᠎ᠡ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠭᠡᠷ ᠪᠠᠶᠢᠰᠢᠩ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠬᠢᠷᠢ ᠲᠡᠩᠴᠡᠭᠰᠡᠨ ᠪᠤᠶᠤ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ᠃            ᠠᠷᠪᠠᠨ ᠳᠥᠷᠪᠡᠳᠦᠭᠡᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠳ ᠬᠠᠷᠠᠭᠠᠨ ᠳᠠᠪᠲᠠᠮᠵᠢ ᠶᠢᠨ ᠠᠶᠦᠯᠭᠦᠢ ᠶᠢᠨ ᠰᠡᠷᠭᠡᠶᠢᠯᠡᠯᠲᠡ ᠶᠢᠨ ᠬᠢᠨᠠᠨ ᠡᠵᠡᠮᠳᠡᠬᠦ ᠰᠢᠰᠲ᠋ᠧᠮ ᠲᠣᠬᠢᠷᠠᠭᠤᠯᠵᠤ᠂ ᠨᠢᠯᠬ᠎ᠠ ᠬᠡᠦᠬᠡᠳ ᠎ ᠤᠨ ᠠᠮᠢᠳᠤᠷᠠᠯ ᠪᠣᠯᠣᠨ ᠠᠵᠢᠯᠯᠠᠭ᠎ᠠ ᠬᠢᠬᠦ ᠣᠷᠣᠨ ᠢ ᠨᠡᠶᠢᠳᠡᠮ ᠬᠢᠨᠠᠨ ᠡᠵᠡᠮᠳᠡᠬᠦ ᠬᠡᠷᠡᠭᠲᠡᠢ᠃            ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠶᠢ 90 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃            ᠠᠷᠪᠠᠨ ᠲᠠᠪᠤᠳᠤᠭᠠᠷ ᠵᠦᠢᠯ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠨᠢ ᠬᠡᠦᠬᠡᠳ ᠰᠠᠭᠠᠲᠠᠭᠤᠯᠬᠤ ᠨᠢᠯᠬ᠎ᠠ ᠬᠡᠦᠬᠡᠳ ᠤᠨ ᠡᠷᠡᠭᠦᠯ ᠮᠡᠨᠳᠤ ᠶᠢᠨ ᠪᠠᠶᠢᠳᠠᠯ ᠢ ᠠᠵᠢᠭᠯᠠᠵᠤ᠂ ᠨᠢᠯᠬ᠎ᠠ ᠪᠠᠯᠴᠢᠷ ᠬᠡᠦᠬᠡᠳ ᠤᠨ ᠬᠠᠯᠳᠠᠪᠤᠷᠢᠲᠤ ᠡᠪᠡᠳᠴᠢᠨ ᠪᠤᠶᠤ ᠪᠤᠰᠤᠳ ᠡᠪᠡᠳᠴᠢᠨ ᠡᠮᠭᠡᠭ ᠢᠶᠠᠷ ᠰᠡᠵᠢᠭᠯᠡᠭᠳᠡᠭᠰᠡᠨ ᠢ ᠣᠯᠵᠤ ᠮᠡᠳᠡᠪᠡᠯ᠂ ᠬᠢᠨᠠᠨ ᠬᠠᠮᠠᠭᠠᠯᠠᠭᠴᠢ ᠎ ᠳᠤᠨᠢ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃            ᠠᠷᠪᠠᠨ ᠵᠢᠷᠭᠤᠳᠤᠭᠠᠷ ᠵᠦᠢᠯ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠨᠢ ᠨᠢᠯᠬ᠎ᠠ ᠬᠡᠦᠬᠡᠳ ᠤᠨ ᠬᠢᠨᠠᠨ ᠬᠠᠮᠠᠭᠠᠯᠠᠭᠴᠢ ᠲᠠᠢ ᠪᠢᠴᠢᠭ ᠤᠨ ᠬᠡᠯᠡᠯᠴᠡᠭᠡᠷ ᠲᠣᠭᠲᠠᠭᠠᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠳᠠᠬᠢ ᠬᠤᠶᠠᠷ ᠡᠲᠡᠭᠡᠳ ᠤᠨ ᠬᠠᠷᠢᠭᠤᠴᠠᠯᠭ᠎ᠠ᠂ ᠡᠷᠬᠡ ᠡᠭᠦᠷᠭᠡ ᠵᠢᠴᠢ ᠮᠠᠷᠭᠤᠯᠳᠤᠭᠠᠨ ᠢ ᠰᠢᠢᠳᠪᠦᠷᠢᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃            ᠠᠷᠪᠠᠨ ᠳᠣᠯᠣᠳᠤᠭᠠᠷ ᠵᠦᠢᠯ ᠭᠡᠷ ᠪᠦᠯᠢ ᠶᠢᠨ ᠨᠠᠶᠢᠳᠠᠯᠭ᠎ᠠ ᠪᠠᠷ ᠬᠥᠮᠥᠵᠢᠭᠦᠯᠬᠦ ᠭᠠᠵᠠᠷ ᠨᠢᠯᠬ᠎ᠠ ᠪᠠᠯᠴᠢᠷ ᠬᠡᠦᠬᠡᠳ ᠢ ᠭᠠᠳᠠᠭᠤᠷᠴᠢᠯᠠᠵᠤ᠂ ᠳᠣᠷᠣᠮᠵᠢᠯᠠᠵᠤ᠂ ᠬᠠᠯᠠ ᠦᠵᠡᠭᠦᠯᠵᠦ᠂ ᠬᠠᠯᠠ ᠦᠵᠡᠭᠦᠯᠵᠦ᠂ ᠬᠡᠯᠪᠡᠷᠢ ᠶᠢ ᠨᠢ ᠥᠭᠡᠷᠡᠲᠦᠭᠦᠯᠦᠨ ᠬᠠᠷᠠᠳᠠᠵᠤ ᠲᠠᠮᠤᠯᠠᠬᠤ ᠪᠤᠶᠤ ᠨᠢᠯᠬ᠎ᠠ ᠪᠠᠯᠴᠢᠷ ᠬᠡᠦᠬᠡᠳ ᠤᠨ ᠡᠷᠬᠡ ᠠᠰᠢᠭ ᠲᠤ ᠬᠠᠯᠳᠠᠭᠰᠠᠨ ᠪᠤᠰᠤᠳ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠃            ᠳᠡᠭᠡᠷᠡᠬᠢ ᠦᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠶᠣᠰᠣᠭᠠᠷ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃            ᠠᠷᠪᠠᠨ ᠨᠠᠢᠮᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠭᠤᠣᠯᠴᠢᠯᠠᠨ ᠬᠠᠮᠢᠶᠠᠷᠴᠤ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠵᠢᠯᠣᠭᠤᠳᠤᠮᠵᠢ᠂ ᠬᠢᠨᠠᠯᠲᠠ ᠲᠠᠯᠪᠢᠯᠲᠠ ᠪᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃            ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠳᠠᠩᠰᠠᠯᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠳᠠᠩᠰᠠᠯᠠᠭᠤᠯᠤᠭᠰᠠᠨ ᠮᠡᠳᠡᠭᠡ ᠵᠠᠩᠭᠢ᠂ ᠬᠡᠦᠬᠡᠳ ᠰᠠᠭᠠᠲᠠᠭᠤᠯᠬᠤ ᠬᠥᠮᠥᠨ ᠤ ᠲᠤᠭ᠎ᠠ᠂ ᠬᠠᠷᠠᠭᠠᠯᠵᠠᠨ ᠠᠰᠠᠷᠠᠬᠤ ᠬᠠᠷᠢᠴᠠᠯ᠂ ᠬᠡᠦᠬᠡᠳ ᠰᠠᠭᠠᠲᠠᠭᠤᠯᠬᠤ ᠭᠠᠵᠠᠷ ᠲᠠᠯᠠᠪᠤᠷ ᠵᠡᠷᠭᠡ ᠶᠢ ᠴᠢᠩᠭ᠎ᠠ ᠬᠢᠨᠠᠨ ᠬᠠᠮᠢᠶᠠᠷᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃            ᠠᠷᠪᠠ ᠶᠢᠰᠦᠳᠦᠭᠡᠷ ᠵᠦᠢᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠰᠢᠶᠠᠩ ᠪᠠᠯᠭᠠᠰᠤ︶᠎ ᠨᠢ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠵᠢᠯᠣᠭᠤᠳᠤᠮᠵᠢ᠂ ᠬᠢᠨᠠᠯᠲᠠ ᠲᠠᠯᠪᠢᠯᠲᠠ ᠪᠠ ᠬᠠᠮᠢᠶᠠᠷᠤᠯᠲᠠ ᠪᠠᠨ ᠴᠢᠩᠭᠠᠳᠬᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ            ᠬᠤᠷᠢᠳᠤᠭᠠᠷ ᠵᠦᠢᠯ ᠭᠠᠴᠠᠭ᠎ᠠ ︵ᠰᠠᠭᠤᠭᠠᠯᠢ︶᠎ ᠶᠢᠨ ᠠᠷᠠᠳ ᠤᠨ ᠵᠥᠪᠯᠡᠯ ᠨᠢ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠬᠥᠷᠰᠢ ᠵᠡᠷᠭᠡᠯᠡᠳᠡᠭᠡ ᠥᠮᠴᠢᠲᠡᠨ ᠤ ᠡᠷᠬᠡ ᠶᠢ ᠬᠦᠨᠳᠦᠳᠬᠡᠬᠦ ᠶᠢ ᠬᠥᠲᠥᠯᠥᠨ ᠵᠢᠯᠤᠭᠤᠳᠴᠤ᠂ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢ ᠵᠢᠷᠤᠮᠵᠢᠭᠤᠯᠤᠨ ᠥᠷᠨᠢᠭᠦᠯᠬᠦ ᠬᠡᠷᠡᠭᠲᠡᠢ᠃            ᠬᠤᠷᠢᠨ ᠨᠢᠭᠡᠳᠦᠭᠡᠷ ᠵᠦᠢᠯ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠨᠤᠭᠤᠳ ᠲᠤᠰ ᠠᠷᠭ᠎ᠠ ᠶᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ ᠪᠣᠯᠣᠨ᠎ᠠ᠃            ᠬᠤᠷᠢᠨ ᠬᠤᠶᠠᠳᠤᠭᠠᠷ ᠵᠦᠢᠯ ᠲᠤᠰ ᠠᠷᠭ᠎ᠠ ᠶᠢ ᠬᠡᠪᠯᠡᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                  ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠤᠨ ᠲᠤᠬᠠᠢ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠲᠠᠶᠢᠯᠤᠮᠵᠢ          
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号