ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾
ᠨᠡᠶᠢᠲᠡᠯᠡᠭᠰᠡᠨ ᠴᠠᠭ᠄
2024/6/20
                       ᠨᠢᠭᠡᠳᠦᠭᠡᠷ ᠵᠦᠢᠯ ᠪᠣᠳᠠᠰ ᠤᠨ ᠪᠤᠰᠤ ᠰᠣᠶᠣᠯ ᠤᠨ ᠥᠪ ︵ᠳᠣᠷᠣᠭᠰᠢ ︽ᠪᠣᠳᠠᠰ ᠤᠨ ᠪᠤᠰᠤ ᠰᠣᠶᠣᠯ ᠤᠨ ᠥᠪ︾ ᠭᠡᠵᠦ ᠲᠣᠪᠴᠢᠯᠠᠨ᠎ᠠ︶᠎ ᠎ ᠤᠨ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠬᠠᠮᠠᠭᠠᠯᠠᠯᠲᠠ ᠶᠢ ᠠᠬᠢᠭᠤᠯᠬᠤ ᠵᠣᠷᠢᠯᠭ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠵᠢᠴᠢ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠪᠣᠳᠠᠰ ᠤᠨ ᠪᠤᠰᠤ ᠰᠣᠶᠣᠯ ᠤᠨ ᠥᠪ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠪᠡᠯ᠂ ︽ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠤᠯᠠᠮ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︽︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠯᠦᠪᠵᠢᠭᠦᠯᠭᠡ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃            ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ︽ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠣᠶᠣᠯ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ︾ ᠭᠡᠳᠡᠭ ᠎ ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠢᠶᠠᠷ ᠦᠨᠡᠮᠰᠢᠭᠦᠯᠦᠨ ᠨᠡᠶᠢᠲᠡᠯᠡᠭᠰᠡᠨ᠂ ᠰᠣᠶᠣᠯ ᠤᠨ ᠪᠤᠰᠤ ᠥᠪ ᠤᠨ ᠡᠬᠢ ᠪᠠᠶᠠᠯᠢᠭ ᠢᠶᠠᠷ ᠰᠠᠭᠤᠷᠢ ᠪᠣᠯᠭᠠᠭᠰᠠᠨ᠂ ᠥᠪᠡᠷᠮᠢᠴᠡ ᠣᠨᠴᠠᠯᠢᠭ ᠲᠠᠢ ᠣᠷᠣᠨ ᠪᠦᠰᠡ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠪᠠ ᠪᠠᠳᠠᠷᠠᠭᠤᠯᠤᠭᠰᠠᠨ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠥᠯᠥᠭᠡᠯᠡᠬᠦ ᠪᠠ ᠲᠦᠯᠬᠢᠨ ᠠᠬᠢᠭᠤᠯᠤᠭᠰᠠᠨ ᠲᠣᠰᠬᠤᠨ ᠪᠠᠯᠭᠠᠰᠤ ᠪᠤᠶᠤ ᠵᠡᠭᠡᠯᠢ ᠲᠣᠭᠤᠷᠢᠭ ᠢ ᠵᠢᠭᠠᠵᠤ ᠪᠣᠢ᠃ 20 ᠳ᠋ᠤᠭᠠᠷ ᠵᠦᠢᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠪᠠ ᠵᠢᠭᠤᠯᠴᠢᠯᠠᠯ ᠤᠨ ᠲᠢᠩᠬᠢᠮ ᠠᠴᠠ ᠦᠨᠡᠮᠰᠢᠭᠦᠯᠦᠨ ᠨᠡᠶᠢᠲᠡᠯᠡᠭᠰᠡᠨ᠂ ᠰᠣᠶᠣᠯ ᠤᠨ ᠪᠤᠰᠤ ᠥᠪ ᠎ ᠤᠨ ᠡᠬᠢ ᠪᠠᠶᠠᠯᠢᠭ ᠢᠶᠠᠷ ᠰᠠᠭᠤᠷᠢ ᠪᠣᠯᠭᠠᠭᠰᠠᠨ᠂ ᠥᠪᠡᠷᠮᠢᠴᠡ ᠣᠨᠴᠠᠯᠢᠭ ᠲᠠᠢ ᠣᠷᠣᠨ ᠪᠦᠰᠡ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠤᠭᠰᠠᠨ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠥᠯᠥᠭᠡᠯᠡᠨ ᠠᠬᠢᠭᠤᠯᠤᠭᠰᠠᠨ ᠲᠣᠰᠬᠤᠨ ᠪᠠᠯᠭᠠᠰᠤ ᠪᠤᠶᠤ ᠵᠡᠭᠡᠯᠢ ᠲᠣᠭᠤᠷᠢᠭ ᠢ ᠵᠢᠭᠠᠵᠤ ᠪᠤᠢ᠃            ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠵᠤ᠂ ᠡᠭᠦᠨ ᠤ ᠵᠣᠷᠢᠯᠭ᠎ᠠ ᠨᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠥᠪᠥᠷ ᠮᠣᠩᠭᠤᠯ ᠣᠷᠣᠨ ᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠳᠡᠭᠡᠳᠦ ᠬᠡᠮᠵᠢᠶ᠎ᠡ ᠪᠠᠷ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠵᠣᠷᠢᠯᠭ᠎ᠠ ᠲᠠᠢ ᠶᠤᠮ᠃            ᠳᠥᠷᠪᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠣᠳᠠᠰ ᠤᠨ ᠥᠪ ᠤᠨ ᠪᠤᠰᠤ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠣᠨᠴᠠᠯᠢᠭᠲᠤ ᠨᠢᠭᠡ ᠪᠦᠯᠦᠭ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠬᠤ ᠠᠵᠢᠯ ᠢ 3 ᠵᠢᠯ ᠳᠤ ᠵᠣᠬᠢᠶᠠᠨ ᠪᠠᠶᠢᠭᠤᠯᠤᠨ ᠥᠷᠨᠢᠭᠦᠯᠦᠨ᠎ᠡ᠃            ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠣᠳᠠᠰ ᠤᠨ ᠥᠪ ᠤᠨ ᠪᠤᠰᠤ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠬᠤ ᠠᠵᠢᠯ ᠨᠢ ᠢᠯᠡ ᠪᠠᠶᠢᠯᠭᠠᠬᠤ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ᠂ ᠮᠡᠳᠡᠭᠦᠯᠬᠦ᠂ ᠬᠢᠨᠠᠨ ᠬᠠᠷᠭᠤᠭᠤᠯᠬᠤ᠂ ᠬᠢᠨᠠᠨ ᠲᠣᠭᠲᠠᠭᠠᠬᠤ᠂ ᠢᠯᠡ ᠨᠡᠶᠢᠲᠡᠯᠡᠬᠦ᠂ ᠬᠢᠨᠠᠨ ᠲᠣᠭᠲᠠᠭᠠᠬᠤ᠂ ᠨᠡᠶᠢᠲᠡᠯᠡᠬᠦ ᠵᠡᠷᠭᠡ ᠳᠡᠰ ᠳᠠᠷᠠᠭᠠᠯᠠᠯ ᠢ ᠴᠢᠩᠭ᠎ᠠ ᠭᠦᠢᠴᠡᠳᠬᠡᠬᠦ ᠬᠡᠷᠡᠭᠲᠡᠢ᠃            ᠵᠢᠷᠭᠤᠳᠤᠭᠠᠷ ᠵᠦᠢᠯ ᠳᠣᠣᠷᠠᠬᠢ ᠨᠥᠬᠦᠴᠡᠯ ᠢ ᠪᠦᠷᠢᠯᠳᠦᠭᠦᠯᠦᠭᠰᠡᠨ ᠵᠠᠰᠠᠭ ᠵᠠᠬᠢᠷᠭᠠᠨ ᠤ ᠲᠣᠰᠬᠤᠨ ᠪᠠᠯᠭᠠᠰᠤ ᠎ ᠨᠢ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶᠎ ᠎ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠶᠢ ᠭᠤᠶᠤᠴᠢᠯᠠᠨ ᠮᠡᠳᠡᠭᠦᠯᠵᠦ ᠪᠣᠯᠣᠨ᠎ᠠ᠄                   ︵ᠨᠢᠭᠡ︶ ᠪᠠᠶᠢᠭᠠᠯᠢ ᠶᠢᠨ ᠣᠷᠴᠢᠨ ᠠᠬᠤᠢ ᠶᠢᠨ ᠳᠠᠪᠠᠭᠤᠯᠢᠭ ᠢ ᠠᠰᠢᠭᠯᠠᠨ᠂ ᠲᠥᠯᠥᠭᠡᠯᠡᠬᠦ ᠴᠢᠨᠠᠷᠲᠠᠢ ᠤᠯᠠᠮᠵᠢᠯᠠᠯᠲᠤ ᠰᠣᠶᠣᠯ ᠤᠨ ᠬᠡᠯᠪᠡᠷᠢ ᠪᠠᠶᠢᠳᠠᠯ ᠪᠤᠶᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠣᠶᠢᠵᠢᠭᠤᠯᠤᠨ ᠬᠥᠭᠵᠢᠭᠦᠯᠦᠭᠰᠡᠨ︔                   ︵ᠬᠤᠶᠠᠷ︶ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢᠶᠠᠷ ᠨᠡᠯᠢᠶᠡᠳ ᠡᠯᠪᠡᠭ᠂ ᠣᠨᠴᠠᠯᠢᠭ ᠢᠶᠠᠷ ᠢᠯᠡ ᠲᠣᠳᠣ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠢ 2 ᠵᠦᠢᠯ ᠠᠴᠠ ᠳᠤᠲᠠᠭᠤ ᠦᠭᠡᠢ ᠪᠠᠶᠢᠯᠭᠠᠬᠤ᠂ ᠡᠰᠡᠬᠦᠯ᠎ᠡ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠢ ᠠᠳᠠᠭ ᠲᠠᠭᠠᠨ 1 ᠵᠦᠢᠯ ᠪᠠᠶᠢᠬᠤ ᠮᠥᠷᠲᠡᠭᠡᠨ ᠤᠯᠠᠮᠵᠢᠯᠠᠨ ᠵᠠᠯᠭᠠᠮᠵᠢᠯᠠᠵᠤ ᠦᠷᠭᠦᠯᠵᠢᠯᠡᠨ ᠣᠷᠣᠰᠢᠬᠤ ᠪᠠᠶᠢᠳᠠᠯ ᠢᠶᠠᠷ ᠰᠠᠶᠢᠨ ᠪᠠᠶᠢᠬᠤ︔                   ︵ᠭᠤᠷᠪᠠ︶ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠪᠠ ᠤᠯᠠᠮᠵᠢᠯᠠᠨ ᠵᠠᠯᠭᠠᠮᠵᠢᠯᠠᠬᠤ ᠣᠷᠴᠢᠨ ᠨᠥᠬᠦᠴᠡᠯ ᠭᠦᠨ ᠵᠤᠵᠠᠭᠠᠨ ᠪᠠᠶᠢᠵᠤ᠂ ᠨᠡᠯᠢᠶᠡᠳ ᠥᠨᠳᠥᠷ ᠣᠯᠠᠨ ᠲᠦᠮᠡᠨ ᠤ ᠮᠡᠳᠡᠷᠡᠮᠵᠢ ᠪᠠ ᠠᠵᠢᠯᠯᠠᠭ᠎ᠠ ᠳᠤ ᠣᠷᠣᠯᠴᠠᠬᠤ ᠨᠣᠷᠮ᠎ᠠ ᠲᠠᠢ ᠪᠠᠶᠢᠵᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢ 2 ᠬᠥᠮᠥᠨ ᠠᠴᠠ ᠳᠤᠲᠠᠭᠤ ᠦᠭᠡᠢ ᠪᠠᠶᠢᠯᠭᠠᠬᠤ᠂ ᠡᠰᠡᠬᠦᠯ᠎ᠡ ᠡᠳᠦᠷ ᠲᠤᠲᠤᠮ ᠤᠨ ᠤᠳᠤᠮᠯᠠᠯ ᠤᠨ ᠪᠤᠰᠤ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠬᠥᠮᠥᠨ ᠤ ᠲᠤᠭ᠎ᠠ ᠶᠢ 20 ᠬᠥᠮᠥᠨ ᠠᠴᠠ ᠳᠤᠲᠠᠭᠤ ᠦᠭᠡᠢ ᠪᠠᠶᠢᠯᠭᠠᠵᠤ᠂ ᠤᠯᠠᠮᠵᠢᠯᠠᠨ ᠵᠠᠯᠭᠠᠮᠵᠢᠯᠠᠭᠴᠢ ᠵᠢᠴᠢ ᠠᠵᠢᠯᠯᠠᠭᠰᠠᠳ ᠤᠨ ᠡᠩᠨᠡᠭᠡ ᠶᠢ ᠬᠠᠷᠢᠴᠠᠩᠭᠤᠢ ᠲᠣᠭᠲᠠᠭᠤᠨ ᠪᠠᠶᠢᠯᠭᠠᠨ᠎ᠠ︔                   ︵ᠳᠥᠷᠪᠡ︶ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ᠂ ᠦᠵᠡᠭᠦᠯᠦᠯᠭᠡ᠂ ᠰᠤᠷᠭᠠᠯᠲᠠ᠂ ᠪᠡᠶᠡᠴᠢᠯᠡᠨ ᠣᠶᠢᠯᠠᠭᠠᠬᠤ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠢᠯ ᠪᠦᠷᠢ ᠳᠤᠮᠳᠠᠴᠢ ᠪᠠᠷ 5 ᠲᠠᠯᠠᠪᠤᠷ ᠤᠳᠠᠭ᠎ᠠ ᠠᠴᠠ ᠳᠤᠲᠠᠭᠤ ᠦᠭᠡᠢ ᠥᠷᠨᠢᠭᠦᠯᠦᠨ᠎ᠡ︔                   ︵ᠲᠠᠪᠤ︶ ᠪᠣᠳᠠᠰ ᠤᠨ ᠪᠤᠰᠤ ᠰᠣᠶᠣᠯ ᠤᠨ ᠥᠪ ᠤᠨ ᠲᠠᠯᠠᠪᠤᠷ ᠣᠷᠳᠣᠨ ︵ᠲᠠᠯᠠᠪᠤᠷ︶᠎ ᠎ ᠢ ᠨᠠᠭᠠᠲᠤ ᠵᠠᠬ᠎ᠠ ᠳᠠᠭᠠᠨ 1 ᠪᠠᠶᠢᠭᠤᠯᠵᠤ᠂ ᠰᠠᠭᠤᠷᠢ ᠪᠡᠯᠡᠳᠬᠡᠮᠵᠢ ᠵᠢᠴᠢ ᠤᠯᠠᠮᠵᠢᠯᠠᠨ ᠵᠠᠯᠭᠠᠮᠵᠢᠯᠠᠬᠤ ᠲᠥᠬᠦᠭᠡᠷᠦᠮᠵᠢ ᠨᠢ ᠪᠦᠷᠢᠨ ᠭᠦᠢᠴᠡᠳ ᠪᠠᠶᠢᠵᠤ᠂ ᠤᠳᠤᠮᠯᠠᠯ ᠤᠨ ᠪᠤᠰᠤ ᠤᠯᠠᠮᠵᠢᠯᠠᠯ ᠤᠨ ᠠᠵᠢᠯᠯᠠᠭ᠎ᠠ ᠶᠢᠨ ᠦᠨᠳᠦᠰᠦᠨ ᠬᠡᠷᠡᠭᠴᠡᠭᠡ ᠶᠢ ᠬᠠᠩᠭᠠᠵᠤ ᠳᠡᠶᠢᠯᠬᠦ ᠬᠡᠷᠡᠭᠲᠡᠢ︔                   ︵ᠵᠢᠷᠭᠤᠭ᠎ᠠ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠥᠷᠨᠢᠭᠦᠯᠬᠦ ᠶᠢ ᠲᠤᠰᠬᠠᠢ ᠬᠥᠮᠥᠨ ᠢᠶᠠᠷ ᠬᠠᠷᠢᠭᠤᠴᠠᠭᠤᠯᠵᠤ᠂ ᠠᠵᠢᠯᠯᠠᠭ᠎ᠠ ᠶᠢᠨ ᠵᠠᠷᠤᠳᠠᠯ ᠢ ᠪᠠᠲᠤᠯᠠᠭ᠎ᠠ ᠲᠠᠢ ᠪᠠᠶᠢᠯᠭᠠᠨ᠎ᠠ᠃            ᠳᠣᠯᠣᠳᠤᠭᠠᠷ ᠵᠦᠢᠯ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠵᠡᠭᠡᠯᠢ ᠲᠣᠭᠤᠷᠢᠭ ᠤᠳ ᠪᠠᠶᠢᠭ᠎ᠠ ᠭᠠᠵᠠᠷ ᠎ ᠤᠨ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠰᠣᠶᠣᠯ ᠤᠨ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠣᠳᠠᠰ ᠤᠨ ᠥᠪ ᠤᠨ ᠪᠤᠰᠤ ᠣᠨᠴᠠᠯᠢᠭᠲᠤ ᠵᠡᠭᠡᠯᠢ ᠲᠣᠭᠤᠷᠢᠭ ᠢᠶᠠᠷ ᠮᠡᠳᠡᠭᠦᠯᠵᠦ ᠪᠣᠯᠣᠨ᠎ᠠ᠄                   ︵ᠨᠢᠭᠡ︶ ᠲᠥᠷᠪᠡᠨ ᠵᠠᠬ᠎ᠠ ᠶᠢᠨ ᠬᠡᠪᠴᠢᠶ᠎ᠡ ᠨᠢ ᠲᠣᠳᠣᠷᠬᠠᠢ᠂ ᠡᠵᠡᠯᠡᠬᠦ ᠲᠠᠯᠠᠪᠠᠢ ᠨᠢ 2000 ᠺᠦᠸᠠᠳ᠋ ᠮᠧᠲᠷ ᠠᠴᠠ ᠳᠤᠲᠠᠭᠤ ᠦᠭᠡᠢ ᠪᠠᠶᠢᠬᠤ︔             ︵ᠬᠤᠶᠠᠷ︶ ᠪᠣᠳᠠᠰ ᠤᠨ ᠪᠤᠰᠤ ᠰᠣᠶᠣᠯ ᠤᠨ ᠥᠪ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠥᠪᠯᠡᠷᠡᠵᠦ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠡᠯᠪᠡᠭ ᠳᠡᠯᠪᠡᠭ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠬᠥᠮᠥᠨ ᠤᠳᠠᠭ᠎ᠠ ᠵᠢᠴᠢ ᠬᠡᠪᠴᠢᠶ᠎ᠡ ᠨᠡᠯᠢᠶᠡᠳ ᠶᠡᠭᠡ ᠪᠠᠶᠢᠬᠤ︔      ᠪᠣᠳᠠᠰ ᠤᠨ ᠪᠤᠰᠤ ᠰᠣᠶᠣᠯ ᠤᠨ ᠥᠪ ᠤᠨ ᠡᠷᠴᠢᠮᠲᠡᠢ ᠰᠤᠳᠤᠯᠭᠠᠨ ᠤ ᠮᠠᠶ᠋ᠢᠭ ᠤᠨ ᠪᠡᠶᠡᠴᠢᠯᠡᠨ ᠣᠶᠢᠯᠠᠭᠠᠬᠤ ᠣᠷᠣᠨ ᠵᠠᠢ ᠶᠢ ᠪᠠᠶᠢᠭᠤᠯᠵᠤ᠂ ᠡᠵᠡᠩᠨᠡᠯᠲᠡ ᠶᠢᠨ ᠬᠤᠳᠠᠯᠳᠤᠭᠠᠴᠢᠨ ᠤ ᠳᠣᠲᠣᠷᠠᠬᠢ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠣᠯ ᠡᠵᠡᠩᠨᠡᠯᠲᠡ ᠶᠢᠨ ᠬᠤᠳᠠᠯᠳᠤᠭᠠᠴᠢᠨ ᠤ ᠲᠤᠭ᠎ᠠ ᠬᠡᠮᠵᠢᠶ᠎ᠡ ᠪᠤᠶᠤ ᠡᠵᠡᠩᠨᠡᠯᠲᠡ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 50%᠎ ᠠᠴᠠ ᠳᠣᠣᠷ᠎ᠠ ᠪᠠᠶᠢᠯᠭᠠᠬᠤ ᠦᠭᠡᠢ︔                   ︵ᠭᠤᠷᠪᠠ︶ ᠨᠡᠶᠢᠭᠡᠮ ᠤᠨ ᠠᠮᠤᠷ ᠲᠦᠪᠰᠢᠨ᠂ ᠭᠡᠷᠡᠯᠲᠦᠭᠦᠯᠭᠡ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ ᠶᠢᠨ ᠪᠠᠶᠢᠳᠠᠯ ᠨᠢ ᠨᠡᠯᠢᠶᠡᠳ ᠰᠠᠶᠢᠨ᠂ ᠬᠡᠷᠡᠭᠯᠡᠭᠴᠢᠳ ᠤᠨ ᠶᠠᠪᠤᠵᠤ ᠰᠠᠭᠤᠬᠤ ᠦᠨᠳᠦᠰᠦᠨ ᠬᠡᠷᠡᠭᠴᠡᠭᠡ ᠶᠢ ᠬᠠᠩᠭᠠᠬᠤ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠲᠠᠢ ᠪᠠᠶᠢᠬᠤ︔             ︵ᠳᠥᠷᠪᠡ︶ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠵᠢᠯᠯᠠᠭ᠎ᠠ ᠶᠢᠨ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠠᠭᠤᠯᠭ᠎ᠠ ᠨᠢ ᠪᠠᠶᠠᠯᠢᠭ ᠪᠠᠶᠢᠵᠤ᠂ ᠴᠤᠭᠯᠠᠷᠠᠯ ᠤᠨ ᠦᠢᠯᠡᠳᠦᠯ᠂ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠪᠣᠶ ᠪᠣᠯᠭᠠᠵᠤ᠂ ᠲᠣᠰ ᠭᠠᠵᠠᠷ ᠤᠨ ᠰᠠᠭᠤᠭᠠᠯᠢ ᠠᠷᠠᠳ ᠵᠢᠴᠢ ᠭᠠᠳᠠᠷ ᠣᠷᠣᠨ ᠤ ᠵᠢᠭᠤᠯᠴᠢᠯᠠᠭᠴᠢᠳ ᠤᠨ ᠳᠤᠮᠳᠠ ᠨᠡᠯᠢᠶᠡᠳ ᠥᠨᠳᠥᠷ ᠠᠯᠳᠠᠷᠰᠢᠯ ᠪᠠ ᠨᠡᠯᠢᠶᠡᠳ ᠴᠢᠩᠭ᠎ᠠ ᠲᠠᠲᠠᠬᠤ ᠬᠦᠴᠦᠨ ᠲᠠᠢ ᠪᠠᠶᠢᠬᠤ ᠬᠡᠷᠡᠭᠲᠡᠢ︔                   ︵ᠲᠠᠪᠤ︶ ᠵᠠᠬ᠎ᠠ ᠳᠡᠯᠭᠡᠭᠦᠷ ᠤᠨ ᠡᠮᠬᠢ ᠳᠢᠭᠯᠢᠮ ᠨᠢ ᠰᠠᠶᠢᠨ᠂ ᠬᠡᠷᠡᠭᠯᠡᠭᠡᠨ ᠤ ᠣᠷᠴᠢᠨ ᠲᠣᠭᠤᠷᠢᠨ ᠨᠢ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ᠂ ᠪᠣᠯᠪᠠᠰᠤᠨ ᠡᠮᠬᠢ ᠵᠢᠷᠤᠮ ᠲᠠᠢ᠂ ᠡᠷᠡᠭᠦᠯ ᠪᠥᠭᠡᠳ ᠪᠣᠬᠢᠷᠲᠤᠯ ᠦᠭᠡᠢ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠳᠤ ᠲᠥᠬᠦᠮ ᠪᠠᠶᠢᠬᠤ︔      ᠣᠶᠢᠷ᠎ᠠ ᠶᠢᠨ 2 ᠵᠢᠯ ᠳᠤ ᠣᠷᠣᠨ ᠪᠦᠰᠡ ᠶᠢᠨ ᠬᠡᠪᠴᠢᠶᠡᠨ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠨᠡᠯᠢᠶᠡᠳ ᠶᠡᠭᠡ ᠠᠰᠠᠭᠤᠳᠠᠯ ᠭᠠᠷᠤᠭᠰᠠᠨ ᠦᠭᠡᠢ︔                   ︵ᠵᠢᠷᠭᠤᠭ᠎ᠠ︶ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶᠎ ᠎ ᠤ ᠵᠠᠰᠠᠭ ᠤᠨ ᠣᠷᠳᠣᠨ ᠨᠢ ᠪᠣᠳᠠᠰ ᠤᠨ ᠪᠤᠰᠤ ᠰᠣᠶᠣᠯ ᠤᠨ ᠥᠪ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠᠴᠢᠯᠠᠵᠤ᠂ ᠬᠡᠷᠡᠭᠯᠡᠭᠡᠨ ᠤ ᠲᠠᠯᠠᠪᠤᠷ ᠭᠠᠵᠠᠷ ᠤᠨ ᠪᠡᠯᠡᠳᠬᠡᠮᠵᠢ ᠶᠢᠨ ᠣᠷᠣᠨ ᠵᠠᠢ ᠶᠢᠨ ᠪᠠᠶᠢᠷᠢᠰᠢᠯ ᠢ ᠵᠦᠢ ᠵᠣᠬᠢᠰᠲᠠᠢ ᠲᠥᠯᠥᠪᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠨᠢ ᠰᠠᠶᠢᠨ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠪᠣᠳᠠᠰ ᠤᠨ ᠪᠤᠰᠤ ᠰᠣᠶᠣᠯ ᠤᠨ ᠥᠪ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠰᠢᠨ᠎ᠡ ᠶᠢ ᠮᠡᠳᠡᠭᠦᠯᠬᠦ ᠡᠲᠡᠭᠡᠳ ᠲᠤ ᠭᠤᠣᠯᠳᠠᠯᠭ᠎ᠠ ᠲᠠᠢ ᠲᠡᠳᠬᠦᠮᠵᠢ ᠦᠵᠡᠭᠦᠯᠵᠦ᠂ ᠪᠡᠯᠡ ᠮᠥᠩᠭᠦ ᠶᠢᠨ ᠱᠠᠩᠨᠠᠵᠤ ᠲᠤᠰᠠᠯᠠᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃            ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶᠎ ᠎ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠮᠲᠤᠷᠠᠨ ᠮᠡᠳᠡᠭᠦᠯᠦᠨ᠎ᠡ᠃            ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠣᠳᠠᠰ ᠤᠨ ᠥᠪ ᠤᠨ ᠪᠤᠰᠤ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢᠶᠠᠷ ᠮᠡᠳᠡᠭᠦᠯᠬᠦ ᠳᠤ ᠳᠣᠣᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠄                   ︵ᠨᠢᠭᠡ︶ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠠᠷᠭᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠭᠤᠶᠤᠴᠢᠯᠠᠯ ᠤᠨ ᠮᠡᠳᠡᠭᠦᠯᠦᠯᠲᠡ ᠬᠢᠬᠦ ᠶᠢᠨ ᠬᠠᠮᠲᠤ᠂ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠮᠡᠳᠡᠭᠦᠯᠦᠯᠲᠡ ᠶᠢᠨ ᠪᠢᠴᠢᠭ︾᠎ ᠎ ᠢ ᠳᠠᠭᠠᠯᠳᠤᠭᠤᠯᠤᠨ᠎ᠠ︔                   ︵ᠬᠤᠶᠠᠷ︶ ᠮᠡᠳᠡᠭᠦᠯᠬᠦ ᠪᠠᠷ ᠪᠠᠶᠢᠭ᠎ᠠ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠠᠷᠠᠳ ᠤᠨ ᠰᠣᠶᠣᠯ ᠤᠷᠠᠯᠢᠭ ᠤᠨ ᠨᠤᠲᠤᠭ᠂ ᠤᠯᠠᠮᠵᠢᠯᠠᠯᠲᠤ ᠲᠣᠰᠬᠤᠨ᠂ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ᠂ ᠲᠡᠦᠬᠡ ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠬᠤᠨ᠂ ︽ᠨᠢᠭᠡ ᠲᠥᠷᠥᠯ ᠨᠢᠭᠡ ᠲᠣᠰᠬᠤᠨ︾᠎ ᠎ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠵᠡᠷᠭᠡ ᠢᠷᠠᠭᠤ ᠠᠯᠳᠠᠷ ᠢ ᠭᠥᠷᠳᠡᠭᠰᠡᠨ ᠢ ᠭᠡᠷᠡᠴᠢᠯᠡᠬᠦ ᠪᠢᠴᠢᠭ ᠮᠠᠲ᠋ᠧᠷᠢᠶᠠᠯ︔                   ︵ᠭᠤᠷᠪᠠ︶ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠭᠠᠴᠠᠭ᠎ᠠ ᠪᠠᠯᠭᠠᠰᠤ᠂ ᠵᠡᠭᠡᠯᠢ ᠲᠣᠭᠤᠷᠢᠭ ᠤᠨ ᠬᠤᠯᠪᠣᠭᠳᠠᠯ ᠪᠦᠬᠦᠢ ᠪᠠᠶᠢᠳᠠᠯ ᠢ ᠨᠥᠬᠦᠪᠦᠷᠢᠯᠡᠨ ᠲᠣᠳᠣᠷᠬᠠᠶᠢᠯᠠᠬᠤ ᠳᠤ ᠲᠤᠰᠠᠲᠠᠢ ᠲᠤᠰᠠᠯᠠᠬᠤ ᠮᠠᠲ᠋ᠧᠷᠢᠶᠠᠯ ᠳᠤ ᠬᠤᠯᠪᠣᠭᠳᠠᠯ ᠪᠦᠬᠦᠢ ᠵᠢᠷᠤᠭ ᠦᠰᠦᠭ ᠪᠠ ᠬᠠᠷᠠᠭᠠᠨ ᠳᠠᠪᠲᠠᠮᠵᠢ ᠶᠢᠨ ᠮᠠᠲ᠋ᠧᠷᠢᠶᠠᠯ ᠢ ᠪᠠᠭᠲᠠᠭᠠᠭᠰᠠᠨ ᠪᠠᠶᠢᠬᠤ ᠬᠡᠷᠡᠭᠲᠡᠢ᠃            ᠠᠷᠪᠠᠳᠤᠭᠠᠷ ᠵᠦᠢᠯ ᠠᠶᠢᠮᠠᠭ ᠬᠤᠳᠠ ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠭᠤᠶᠤᠴᠢᠯᠠᠭᠰᠠᠨ ᠮᠠᠲ᠋ᠧᠷᠢᠶᠠᠯ ᠢ ᠣᠯᠣᠭᠰᠠᠨ ᠤ ᠲᠠᠷᠠᠭ᠎ᠠ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ ᠲᠡᠬᠢᠨ ᠬᠢᠨᠠᠵᠤ᠂ ᠨᠡᠶᠢᠭᠡᠮ ᠨᠡᠶᠢᠲᠡ ᠪᠠᠷ ᠢᠶᠠᠨ ᠨᠡᠶᠢᠳᠡ ᠳᠤ ᠵᠠᠷᠯᠠᠵᠤ᠂ ᠲᠠᠨᠢᠯᠴᠠᠭᠤᠯᠬᠤ ᠨᠡᠷᠡᠰ ᠪᠠ ᠲᠠᠨᠢᠯᠴᠠᠭᠤᠯᠬᠤ ᠰᠠᠨᠠᠯ ᠢᠶᠠᠨ ᠳᠤᠷᠠᠳᠴᠤ᠂ ᠮᠡᠳᠡᠭᠦᠯᠬᠦ ᠮᠠᠲ᠋ᠧᠷᠢᠶᠠᠯ ᠲᠠᠢ ᠪᠠᠨ ᠬᠠᠮᠲᠤ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠢ᠃            ᠠᠷᠪᠠᠨ ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠥᠯᠢᠶᠡᠨ ᠠᠪᠤᠭᠰᠠᠨ ᠭᠤᠶᠤᠴᠢᠯᠠᠯ ᠤᠨ ᠮᠠᠲ᠋ᠧᠷᠢᠶᠠᠯ ᠳᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠵᠤ ᠨᠤᠲᠠᠯᠠᠯᠲᠠ ᠬᠢᠨ᠎ᠡ᠃ ᠱᠠᠭᠠᠷᠳᠠᠯᠭ᠎ᠠ ᠳᠤ ᠨᠡᠶᠢᠴᠡᠪᠡᠯ᠂ ᠬᠢᠨᠠᠨ ᠪᠠᠶᠢᠴᠠᠭᠠᠵᠤ ᠬᠢᠨᠠᠨ ᠲᠣᠭᠲᠠᠭᠠᠵᠤ᠂ ᠰᠠᠶᠢᠨ ᠳᠤᠮᠳᠠ ᠠᠴᠠ ᠰᠢᠯᠢᠳᠡᠭ ᠢ ᠰᠣᠩᠭᠤᠬᠤ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠤᠰᠤ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠰᠠᠨᠠᠭᠤᠯᠭ᠎ᠠ ᠶᠢᠨ ᠨᠡᠷᠡᠰ ᠢ ᠳᠤᠷᠠᠳᠴᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ ᠪᠠᠲᠤᠯᠠᠭᠰᠠᠨ ᠤ ᠳᠠᠷᠠᠭ᠎ᠠ᠂ ᠮᠠᠭᠠᠳᠯᠠᠨ ᠲᠣᠭᠲᠠᠭᠠᠬᠤ ᠪᠠᠷ ᠪᠠᠶᠢᠭ᠎ᠠ ᠨᠡᠷᠡᠰ ᠢ ᠲᠣᠭᠲᠠᠭᠠᠨ᠎ᠠ᠃            ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠮᠠᠭᠠᠳᠯᠠᠨ ᠲᠣᠭᠲᠠᠭᠠᠬᠤ ᠪᠠᠷ ᠪᠠᠶᠢᠭ᠎ᠠ ᠨᠡᠷᠡᠰ ᠤᠨ ᠮᠡᠳᠡᠭᠡ ᠵᠠᠩᠭᠢ ᠶᠢ ᠨᠡᠶᠢᠭᠡᠮ ᠨᠡᠶᠢᠲᠡ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃            ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠮᠠᠭᠠᠳᠯᠠᠨ ᠲᠣᠭᠲᠠᠭᠠᠬᠤ ᠪᠠᠷ ᠪᠠᠶᠢᠭ᠎ᠠ ᠨᠡᠷᠡᠰ ᠲᠤ ᠣᠨᠳᠣᠣ ᠰᠠᠨᠠᠯ ᠲᠠᠢ ᠪᠠᠶᠢᠪᠠᠯ ᠂ ᠢᠯᠡ ᠨᠡᠶᠢᠲᠡᠯᠡᠬᠦ ᠬᠤᠭᠤᠴᠠᠭᠠᠨ ᠳᠤ ᠪᠢᠴᠢᠭ ᠤᠨ ᠬᠡᠯᠪᠡᠷᠢ ᠶᠢᠨ ᠦᠨᠡᠨ ᠨᠡᠷ᠎ᠡ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠳᠤᠷᠠᠳᠴᠤ ᠪᠣᠯᠣᠨ᠎ᠠ᠃            ᠠᠷᠪᠠᠨ ᠭᠤᠷᠪᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠢᠯᠡ ᠨᠡᠶᠢᠲᠡᠯᠡᠭᠰᠡᠨ ᠦᠷ᠎ᠡ ᠳ᠋ᠦᠩ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠨᠡᠷᠡᠰ ᠢ ᠬᠢᠨᠠᠨ ᠲᠣᠭᠲᠠᠭᠠᠵᠤ᠂ ᠨᠡᠶᠢᠲᠡᠯᠡᠬᠦ ᠶᠢᠨ ᠬᠠᠮᠲᠤ ᠫᠠᠶᠢᠰᠠ ᠣᠯᠭᠤᠨ᠎ᠠ᠃                        ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠨᠢ ᠵᠢᠯ ᠪᠦᠷᠢ ᠶᠢᠨ ᠨᠢᠭᠡᠳᠦᠭᠡᠷ ᠤᠯᠠᠷᠢᠯ ᠳᠤ ᠪᠢᠴᠢᠭ ᠤᠨ ᠬᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠳᠡᠭᠡᠷ᠎ᠡ ᠨᠢᠭᠡ ᠵᠢᠯ ᠤᠨ ᠠᠵᠢᠯ ᠤᠨ ᠪᠠᠶᠢᠳᠠᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ 3 ᠵᠢᠯ ᠳᠤ ᠨᠢᠭᠡ ᠤᠳᠠᠭ᠎ᠠ ᠬᠢᠨᠠᠨ ᠰᠢᠯᠭᠠᠵᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ᠎ᠠ᠃ ᠬᠢᠨᠠᠨ ᠰᠢᠯᠭᠠᠵᠤ ᠦᠨᠡᠯᠡᠭᠡᠳ ᠬᠢᠷᠢ ᠲᠡᠩᠴᠡᠭᠰᠡᠨ ᠪᠠᠶᠢᠪᠠᠯ᠂ ᠵᠠᠷᠯᠠᠨ ᠰᠠᠶᠢᠰᠢᠶᠠᠬᠤ ᠶᠢᠨ ᠬᠠᠮᠲᠤ ᠱᠠᠩᠨᠠᠨ ᠬᠥᠬᠢᠭᠦᠯᠦᠨ᠎ᠡ︔      ᠬᠢᠨᠠᠨ ᠰᠢᠯᠭᠠᠵᠤ ᠦᠨᠡᠯᠡᠨ ᠵᠢᠱᠢᠬᠦ ᠳᠤ ᠬᠢᠷᠢ ᠲᠡᠩᠴᠡᠭᠰᠡᠨ ᠦᠭᠡᠢ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠬᠢᠨᠠᠨ ᠰᠢᠯᠭᠠᠵᠤ ᠦᠨᠡᠯᠡᠨ ᠵᠢᠱᠢᠬᠦ ᠳᠤ ᠮᠥᠨ ᠬᠢᠷᠢ ᠲᠡᠩᠴᠡᠭᠰᠡᠨ ᠦᠭᠡᠢ ᠶᠢ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠤᠰᠤ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠢᠯᠡ ᠨᠡᠶᠢᠲᠡᠯᠡᠨ᠎ᠡ᠃            ᠠᠷᠪᠠᠨ ᠲᠠᠪᠤᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠷ ᠲᠣᠪᠣᠶᠢᠮ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠪᠦᠲᠦᠭᠡᠨ ᠪᠠᠶᠢᠭᠤᠯᠬᠤ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠰᠣᠳᠣᠨ ᠵᠢᠭᠤᠯᠴᠢᠯᠠᠯ ᠤᠨ ᠵᠠᠮ ᠱᠤᠭᠤᠮ ᠳᠤ ᠣᠷᠣᠭᠤᠯᠬᠤ ᠪᠠᠷ ᠲᠠᠨᠢᠯᠴᠠᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠᠷ ᠮᠡᠳᠡᠭᠦᠯᠬᠦ ᠰᠢᠯᠢᠳᠡᠭ ᠦᠢᠯᠡᠳᠦᠯᠭᠡ ᠶᠢᠨ ᠬᠡᠷᠡᠭ ᠤᠨ ᠵᠢᠱᠢᠶ᠎ᠡ ᠵᠢᠴᠢ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢᠶᠠᠷ ᠮᠡᠳᠡᠭᠦᠯᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠡᠯᠪᠡᠶᠢᠯᠭᠡᠨ᠎ᠡ᠃            ᠠᠷᠪᠠᠨ ᠵᠢᠷᠭᠤᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠰᠣᠶᠣᠯ ᠤᠨ ᠵᠢᠭᠤᠯᠴᠢᠯᠠᠯ ᠤᠨ ᠸᠢᠴᠠᠲ ᠤᠨ ᠴᠠᠬᠢᠮ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠭᠤᠣᠯ ᠵᠠᠭᠤᠴᠢᠯᠠᠭᠤᠷ ᠵᠡᠷᠭᠡ ᠲᠠᠪᠴᠠᠩ ᠢ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠡᠷᠭᠢᠯᠡᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠦᠵᠡᠭᠦᠯᠦᠯᠭᠡ ᠶᠢᠨ ᠠᠵᠢᠯᠯᠠᠭ᠎ᠠ ᠶᠢ ᠤᠬᠠᠭᠤᠯᠤᠨ ᠳᠡᠯᠭᠡᠷᠡᠭᠦᠯᠦᠨ᠎ᠡ᠃            ᠠᠷᠪᠠᠨ ᠳᠣᠯᠣᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠪᠦᠲᠦᠮᠵᠢᠲᠡᠶ ᠠᠷᠭ᠎ᠠ ᠬᠢᠳᠡᠯ ᠪᠠ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠨᠡᠶᠢᠭᠡᠮ ᠤᠨ ᠨᠥᠯᠥᠭᠡ ᠶᠢ ᠥᠷᠭᠡᠳᠬᠡᠨ᠂ ᠲᠡᠳᠡᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃            ᠠᠷᠪᠠᠨ ᠨᠠᠢᠮᠠᠳᠤᠭᠠᠷ ᠵᠦᠢᠯ ᠲᠣᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ ᠲᠣᠰ ᠠᠷᠭ᠎ᠠ ᠶᠢ 2024 ᠣᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃                     ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾᠎ ᠶᠢᠨ ᠲᠤᠬᠠᠢ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠲᠠᠶᠢᠯᠤᠮᠵᠢ      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号