︽ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠤᠨ ᠲᠤᠬᠠᠢ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/20
     ᠨᠢᠭᠡ᠂ ᠨᠡᠶᠢᠲᠡᠯᠡᠭᠰᠡᠨ ᠠᠬᠤᠢ ᠪᠠᠶᠢᠳᠠᠯ            2020 ᠣᠨ ᠤ 12 ᠳ᠋ᠤᠭᠠᠷ ᠰᠠᠷ᠎ᠠ ᠶᠢᠨ ︽ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠎ ᠎ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠦᠷᠦᠭᠦᠯᠡᠨ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠨᠡᠶᠢᠲᠡᠯᠡᠵᠦ᠂ ᠳᠡᠩᠰᠡᠯᠡᠨ ᠬᠠᠮᠢᠶᠠᠷᠬᠤ᠂ ᠠᠵᠢᠯᠲᠠᠨ ᠤ ᠬᠢᠷᠢ ᠬᠡᠮ᠂ ᠦᠢᠯᠡᠴᠢᠯᠡᠭᠡᠨ ᠤ ᠬᠡᠪᠴᠢᠶ᠎ᠡ᠂ ᠬᠢᠨᠠᠯᠲᠠ ᠬᠠᠮᠢᠶᠠᠷᠤᠯᠲᠠ ᠵᠡᠷᠭᠡ ᠳᠦᠷᠢᠮ ᠤᠨ ᠵᠢᠷᠤᠮᠵᠢᠯ ᠢ ᠲᠣᠳᠣᠷᠬᠠᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ 2021 ᠣᠨ ᠤ 6 ᠳ᠋ᠤᠭᠠᠷ ᠰᠠᠷ᠎ᠠ ᠳᠤ ︽ᠬᠥᠩᠭᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾᠎ ᠎ ᠳᠤ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠬᠠᠮᠢᠶᠠᠷᠤᠯᠲᠠ ᠶᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠬᠥᠭᠵᠢᠯᠲᠡ ᠶᠢ ᠵᠢᠷᠤᠮᠵᠢᠭᠤᠯᠤᠨ᠂ ᠠᠷᠠᠳ ᠣᠯᠠᠨ ᠤ ᠣᠯᠠᠨ ᠶᠠᠩᠵᠤ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠵᠣᠷᠢᠯᠭ᠎ᠠ ᠪᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠪᠠ ᠭᠠᠯ ᠲᠦᠢᠮᠡᠷ ᠢ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠲᠠᠢ ᠬᠠᠮᠲᠤᠷᠠᠨ ︽ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠎ ᠶᠢ ᠲᠣᠭᠲᠠᠭᠠᠪᠠ᠃ ︽ᠠᠷᠭ᠎ᠠ︾᠎ ᠎ ᠳᠤ ᠨᠡᠶᠢᠲᠡ ᠬᠤᠷᠢᠨ ᠬᠤᠶᠠᠷ ᠵᠦᠢᠯ ᠪᠣᠶ᠂ ᠡᠭᠦᠨ ᠳᠤ ᠲᠣᠭᠲᠠᠭᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠪᠦᠷᠢᠳᠬᠡᠨ ᠳᠠᠩᠰᠠᠯᠠᠬᠤ᠂ ᠦᠢᠯᠡᠴᠢᠯᠡᠬᠦ ᠠᠭᠤᠯᠭ᠎ᠠ᠂ ᠠᠵᠢᠯᠲᠠᠨ ᠤ ᠬᠢᠷᠢ ᠬᠡᠮ᠂ ᠭᠡᠷ ᠪᠠᠶᠢᠰᠢᠩ ᠤᠨ ᠪᠡᠯᠡᠳᠬᠡᠮᠵᠢ᠂ ᠠᠮᠤᠷ ᠲᠦᠪᠰᠢᠨ ᠡᠷᠡᠭᠦᠯ ᠮᠡᠨᠳᠦ᠂ ᠬᠢᠨᠠᠯᠲᠠ ᠬᠠᠮᠢᠶᠠᠷᠤᠯᠲᠠ ᠵᠡᠷᠭᠡ ᠠᠭᠤᠯᠭ᠎ᠠ ᠪᠠᠭᠲᠠᠨ᠎ᠠ᠃      ᠬᠤᠶᠠᠷ᠂ ᠶᠠᠭᠤ ᠶᠢ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠭᠡᠬᠦ ᠪᠤᠢ︖       ︽ᠠᠷᠭ᠎ᠠ︾᠎ ᠎ ᠳᠤ ᠲᠣᠭᠲᠠᠭᠠᠭᠰᠠᠨ ᠨᠢ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠭᠡᠳᠡᠭ ᠨᠢ ᠣᠷᠣᠨ ᠰᠠᠭᠤᠴᠠ ᠪᠠᠨ ᠠᠰᠢᠭᠯᠠᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠤ ᠪᠦᠬᠦᠯᠢ ᠡᠳᠦᠷ ᠤᠨ ᠬᠡᠦᠬᠡᠳ ᠰᠠᠭᠠᠲᠠᠭᠤᠯᠬᠤ᠂ ᠬᠠᠭᠠᠰ ᠡᠳᠦᠷ ᠤᠨ ᠬᠡᠦᠬᠡᠳ ᠰᠠᠭᠠᠲᠠᠭᠤᠯᠬᠤ᠂ ᠴᠠᠭ ᠢᠶᠠᠷ ᠪᠤᠳᠤᠬᠤ ᠬᠡᠦᠬᠡᠳ ᠰᠠᠭᠠᠲᠠᠭᠤᠯᠬᠤ᠂ ᠲᠦᠷ ᠴᠠᠭ ᠤᠨ ᠬᠡᠦᠬᠡᠳ ᠰᠠᠭᠠᠲᠠᠭᠤᠯᠬᠤ ᠵᠡᠷᠭᠡ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠲᠠᠯᠠᠪᠤᠷ ᠭᠠᠵᠠᠷ ᠢ ᠵᠢᠭᠠᠵᠤ ᠪᠠᠶᠢᠨ᠎ᠠ᠂ ᠬᠡᠦᠬᠡᠳ ᠰᠠᠭᠠᠲᠠᠭᠤᠯᠬᠤ ᠲᠤᠭ᠎ᠠ ᠨᠢ 5 ᠬᠥᠮᠥᠨ ᠠᠴᠠ ᠬᠡᠲᠦᠷᠡᠵᠦ ᠪᠣᠯᠬᠤ ᠦᠭᠡᠢ᠃ ᠣᠷᠣᠨ ᠰᠠᠭᠤᠴᠠ ᠳᠤ ᠥᠪᠡᠷ ᠤᠨ ᠣᠷᠣᠨ ᠰᠠᠭᠤᠴᠠ ᠪᠠᠨ ᠬᠡᠷᠡᠭᠯᠡᠬᠦ ᠪᠤᠶᠤ ᠲᠦᠷᠢᠶᠡᠰᠦᠯᠡᠬᠦ ᠬᠤᠭᠤᠴᠠᠭ᠎ᠠ ᠨᠢ 3 ᠵᠢᠯ ᠠᠴᠠ ᠳᠤᠲᠠᠭᠤ ᠦᠭᠡᠢ ᠪᠤᠰᠤᠳ ᠬᠥᠮᠥᠨ ᠤ ᠣᠷᠣᠨ ᠰᠠᠭᠤᠴᠠ ᠪᠠᠭᠲᠠᠨ᠎ᠠ᠃      ᠭᠤᠷᠪᠠ᠂ ᠶᠠᠭᠤᠨ ᠳᠤ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠤᠨ ᠬᠡᠦᠬᠡᠳ ᠰᠠᠭᠠᠲᠠᠭᠤᠯᠬᠤ ᠬᠡᠪᠴᠢᠶ᠎ᠡ ᠶᠢ 5 ᠬᠥᠮᠥᠨ ᠢᠶᠠᠷ ᠲᠣᠭᠲᠠᠭᠠᠭᠰᠠᠨ ᠪᠤᠢ︖      ᠣᠯᠠᠨ ᠤᠯᠤᠰ ᠤᠨ ᠲᠤᠷᠰᠢᠯᠭ᠎ᠠ ᠠᠴᠠ ᠦᠵᠡᠪᠡᠯ᠂ ᠵᠠᠷᠢᠮ ᠤᠯᠤᠰ ᠪᠠ ᠭᠠᠵᠠᠷ ᠣᠷᠣᠨ ᠤ ᠬᠢᠨ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠢ ᠭᠡᠷ ᠪᠦᠯᠢ ᠶᠢᠨ ᠮᠠᠶ᠋ᠢᠭ ᠤᠨ ᠬᠡᠦᠬᠡᠳ ᠰᠠᠭᠠᠲᠠᠭᠤᠯᠬᠤ᠂ ᠵᠣᠴᠢᠯᠠᠬᠤ ᠲᠢᠩᠬᠢᠮ ᠤᠨ ᠮᠠᠶ᠋ᠢᠭ ᠤᠨ ᠬᠡᠦᠬᠡᠳ ᠰᠠᠭᠠᠲᠠᠭᠤᠯᠬᠤ ᠭᠡᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢ ᠠᠰᠢᠭᠯᠠᠨ ᠨᠢᠯᠬ᠎ᠠ ᠬᠡᠦᠬᠡᠳ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠵᠤ᠂ ᠣᠯᠠᠩᠬᠢ ᠨᠢ ᠬᠡᠦᠬᠡᠳ ᠰᠠᠭᠠᠲᠠᠭᠤᠯᠬᠤ ᠲᠤᠭ᠎ᠠ ᠬᠡᠮᠵᠢᠶ᠎ᠡ ᠶᠢ 5 ᠪᠤᠶᠤ 5 ᠬᠥᠮᠥᠨ ᠠᠴᠠ ᠳᠣᠣᠷ᠎ᠠ ᠬᠢᠵᠠᠭᠠᠷᠯᠠᠵᠠᠢ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠦᠵᠡᠪᠡᠯ᠂ ᠪᠠᠶᠢᠭᠤᠯᠤᠮᠵᠢ ᠶᠢᠨ ᠮᠠᠶ᠋ᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠲᠠᠢ ᠬᠠᠷᠢᠴᠠᠭᠤᠯᠪᠠᠯ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠠᠩᠭᠠᠭᠰᠠᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠠᠰᠢᠭᠯᠠᠨ ᠡᠬᠢ ᠪᠠᠶᠠᠯᠢᠭ ᠡᠯᠪᠡᠭ᠂ ᠣᠷᠴᠢᠨ ᠲᠣᠭᠤᠷᠢᠨ ᠬᠠᠯᠠᠭᠤᠨ ᠳᠤᠯᠠᠭᠠᠨ᠂ ᠣᠶᠢᠷ᠎ᠠ ᠬᠠᠪᠢ ᠳᠠᠭᠠᠨ ᠲᠥᠬᠦᠮ ᠵᠡᠷᠭᠡ ᠳᠠᠪᠠᠭᠤᠯᠢᠭ ᠲᠠᠢ ᠪᠠᠶᠢᠳᠠᠭ᠃ ︽ᠠᠷᠭ᠎ᠠ︾᠎ ᠎ ᠳᠤ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠬᠡᠦᠬᠡᠳ ᠰᠠᠭᠠᠲᠠᠭᠤᠯᠬᠤ ᠬᠡᠪᠴᠢᠶ᠎ᠡ ᠶᠢ 5 ᠬᠥᠮᠥᠨ ᠢᠶᠠᠷ ᠲᠣᠭᠲᠠᠭᠠᠭᠰᠠᠨ ᠪᠥᠭᠡᠳ ᠠᠰᠠᠷ ᠤᠨ ᠳᠠᠪᠬᠤᠷᠭ᠎ᠠ ᠶᠢ ᠬᠢᠵᠠᠭᠠᠷᠯᠠᠭᠰᠠᠨ ᠦᠭᠡᠢ ᠪᠣᠯᠬᠤᠷ ᠨᠡᠶᠢᠭᠡᠮ ᠤᠨ ᠦᠯᠡᠳᠡᠭᠡᠯ ᠭᠡᠷ ᠬᠥᠷᠥᠩᠭᠡ ᠶᠢ ᠠᠮᠢᠳᠤᠯᠢᠭ ᠪᠣᠯᠭᠠᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠬᠦ ᠳᠤ ᠠᠰᠢᠭᠲᠠᠢ︔      ᠤᠳᠤ ᠪᠠᠶᠢᠭ᠎ᠠ ᠭᠡᠷ ᠪᠠᠶᠢᠰᠢᠩ ᠤᠨ ᠪᠦᠲᠦᠴᠡ ᠶᠢ ᠶᠡᠭᠡ ᠪᠠᠷ ᠥᠭᠡᠷᠡᠴᠢᠯᠡᠬᠦ ᠠᠴᠠ ᠵᠠᠶᠢᠯᠠᠰᠬᠢᠵᠦ᠂ ᠬᠥᠷᠰᠢ ᠵᠡᠷᠭᠡᠯᠡᠳᠡᠭᠡ ᠶᠢᠨ ᠬᠠᠷᠰᠢᠯᠠᠯ ᠢ ᠪᠠᠭᠠᠰᠬᠠᠬᠤ ᠳᠤ ᠠᠰᠢᠭᠲᠠᠢ︔      ᠨᠡᠶᠢᠭᠡᠮ ᠲᠣᠭᠤᠷᠢᠭ ᠤᠨ ᠣᠲᠣ ᠶᠢᠨ ᠪᠠᠶᠢᠭ᠎ᠠ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠪᠣᠯᠣᠨ ᠡᠬᠢ ᠪᠠᠶᠠᠯᠢᠭ ᠢ ᠭᠦᠢᠴᠡᠳ ᠠᠰᠢᠭᠯᠠᠬᠤ ᠳᠤ ᠠᠰᠢᠭᠲᠠᠢ ᠶᠤᠮ᠃ ᠣᠷᠣᠨ ᠰᠠᠭᠤᠴᠠ ᠶᠢ ᠠᠰᠢᠭᠯᠠᠨ ᠬᠡᠦᠬᠡᠳ ᠰᠠᠭᠠᠲᠠᠭᠤᠯᠬᠤ ᠦᠢᠯᠡᠴᠢᠯᠡᠭᠡ ᠥᠷᠨᠢᠭᠦᠯᠦᠭᠰᠡᠨ ᠮᠥᠷᠲᠡᠭᠡᠨ ᠬᠡᠦᠬᠡᠳ ᠰᠠᠭᠠᠲᠠᠭᠤᠯᠬᠤ ᠬᠥᠮᠥᠨ ᠤ ᠲᠤᠭ᠎ᠠ ᠨᠢ 5 ᠬᠥᠮᠥᠨ ᠠᠴᠠ ᠬᠡᠲᠦᠷᠡᠭᠰᠡᠨ ᠪᠠᠶᠢᠪᠠᠯ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠪᠦᠷᠢᠳᠬᠡᠨ ᠳᠠᠩᠰᠠᠯᠠᠭᠤᠯᠬᠤ ᠬᠡᠷᠡᠭᠲᠡᠢ᠃      ᠳᠥᠷᠪᠡ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠢ ᠪᠦᠷᠢᠳᠬᠡᠨ ᠳᠠᠩᠰᠠᠯᠠᠭᠤᠯᠬᠤ ᠴᠢᠬᠤᠯᠠᠲᠠᠢ ᠦᠦ︖      ᠠᠰᠢᠭ ᠣᠯᠵᠠᠪᠤᠷᠢ ᠶᠢᠨ ᠴᠢᠨᠠᠷᠲᠠᠢ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠢ ᠡᠷᠭᠢᠯᠡᠬᠦ ᠳᠤ᠂ ᠪᠠᠶᠢᠭ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠭᠤᠶᠤᠴᠢᠯᠠᠨ ᠳᠠᠩᠰᠠᠯᠠᠭᠤᠯᠵᠤ᠂ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠨᠡᠷᠡᠶᠢᠳᠦᠯ ᠳᠤ ︽ᠨᠠᠶᠢᠳᠠᠨ ᠬᠥᠮᠥᠵᠢᠭᠦᠯᠬᠦ︾ ᠭᠡᠰᠡᠨ ᠥᠰᠥᠭ ᠢ ᠲᠣᠳᠣᠷᠬᠠᠶᠢᠯᠠᠵᠤ᠂ ᠦᠢᠯᠡᠴᠢᠯᠡᠬᠦ ᠬᠡᠪᠴᠢᠶ᠎ᠡ ᠵᠢᠴᠢ ᠡᠵᠡᠩᠨᠡᠬᠦ ᠬᠡᠪᠴᠢᠶᠡᠨ ᠳᠤ ︽ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡ︾᠎ ᠎ ᠶᠢ ᠲᠣᠳᠣᠷᠬᠠᠶᠢᠯᠠᠬᠤ ᠬᠡᠷᠡᠭᠲᠡᠢ᠃ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠢ ᠳᠠᠩᠰᠠᠯᠠᠭᠤᠯᠤᠭᠰᠠᠨ ᠤ ᠳᠠᠷᠠᠭ᠎ᠠ᠂ ᠡᠷᠭᠢᠯᠡᠨ ᠬᠢᠭᠴᠢ ᠨᠢ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠳᠠᠩᠰᠠᠯᠠᠭᠤᠯᠵᠤ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠭᠠᠷᠴᠤ᠂ ᠬᠤᠯᠪᠣᠭᠳᠠᠯ ᠪᠦᠬᠦᠢ ᠮᠠᠲ᠋ᠧᠷᠢᠶᠠᠯ ᠢ ᠴᠠᠬᠢᠮ ᠰᠦᠯᠵᠢᠶ᠎ᠡ +ᠲᠤᠰᠢᠶᠠᠵᠤ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠤᠨ ᠳᠠᠩᠰᠠᠯᠠᠭᠤᠯᠤᠭᠰᠠᠨ ᠪᠢᠴᠢᠭ᠂ ᠳᠠᠩᠰᠠᠯᠠᠭᠤᠯᠤᠭᠰᠠᠨ ᠠᠮᠠᠯᠠᠯᠲᠠ ᠶᠢᠨ ᠪᠢᠴᠢᠭ ᠢ ᠲᠠᠭᠯᠠᠨ ᠪᠢᠴᠢᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠳᠠᠩᠰᠠᠯᠠᠭᠤᠯᠤᠭᠰᠠᠨ ᠪᠠᠶᠢᠳᠠᠯ ᠢ ᠨᠡᠶᠢᠭᠡᠮ ᠳᠤ ᠢᠯᠡ ᠪᠣᠯᠭᠠᠬᠤ ᠬᠡᠷᠡᠭᠲᠡᠢ᠃      ᠲᠠᠪᠤ᠂ ᠶᠠᠭᠤᠨ ᠳᠤ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠢ ᠡᠷᠬᠢᠯᠡᠬᠦ ᠳᠤ ᠣᠷᠣᠨ ᠰᠠᠭᠤᠴᠠ ᠶᠢᠨ ᠪᠠᠶᠢᠭ᠎ᠠ ᠲᠤᠰ ᠪᠠᠷᠢᠯᠭ᠎ᠠ ᠶᠢᠨ ᠳᠣᠲᠣᠷᠠᠬᠢ ᠪᠤᠶᠤ ᠠᠳᠠᠯᠢ ᠨᠢᠭᠡᠨ ᠪᠠᠶᠢᠰᠢᠩ ᠭᠡᠷ ᠤᠨ ᠬᠦᠷᠢᠶᠡᠨ ᠳᠠᠬᠢ ᠪᠤᠰᠤᠳ ᠥᠮᠴᠢᠲᠡᠨ ᠤ ᠰᠠᠨᠠᠯ ᠨᠢᠭᠡᠲᠡᠢ ᠵᠥᠪᠰᠢᠶᠡᠷᠡᠯ ᠢ ᠣᠯᠬᠤ ᠬᠡᠷᠡᠭᠲᠡᠢ ᠪᠤᠢ︖       ︽ᠢᠷᠭᠡᠨ ᠤ ᠬᠠᠤᠯᠢ ᠶᠢᠨ ᠪᠢᠴᠢᠭ︾᠎ ᠎ ᠤᠨ ᠬᠤᠶᠠᠷ ᠵᠠᠭᠤ ᠲᠠᠯᠠ ᠶᠢᠰᠦᠳᠦᠭᠡᠷ ᠵᠦᠢᠯ ᠳᠤ᠄      ︽ᠥᠮᠴᠢᠲᠡᠨ ᠣᠷᠣᠨ ᠰᠠᠭᠤᠴᠠ ᠪᠠᠨ ᠡᠵᠡᠩᠨᠡᠯᠲᠡ ᠶᠢᠨ ᠴᠢᠨᠠᠷᠲᠠᠢ ᠬᠡᠷᠡᠭᠯᠡᠬᠦ ᠭᠡᠷ ᠪᠠᠶᠢᠰᠢᠩ ᠪᠣᠯᠭᠠᠨ ᠥᠭᠡᠷᠡᠴᠢᠯᠡᠬᠦ ᠳᠤ ᠬᠦᠷᠪᠡᠯ᠂ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠵᠢᠷᠤᠮᠯᠠᠬᠤ ᠠᠴᠠ ᠭᠠᠳᠠᠨ᠎ᠠ᠂ ᠠᠰᠢᠭ ᠬᠤᠣᠷ ᠤᠨ ᠬᠠᠷᠢᠴᠠᠭ᠎ᠠ ᠲᠠᠢ ᠥᠮᠴᠢᠲᠡᠨ ᠤ ᠰᠠᠨᠠᠯ ᠨᠢᠭᠡᠲᠡᠢ ᠵᠥᠪᠰᠢᠶᠡᠷᠡᠯ ᠢ ᠣᠯᠬᠤ ᠬᠡᠷᠡᠭᠲᠡᠢ︾ ᠭᠡᠵᠦ ᠲᠣᠭᠲᠠᠭᠠᠵᠠᠢ᠃ ︽ᠪᠠᠷᠢᠯᠭ᠎ᠠ ᠶᠢᠨ ᠢᠯᠭᠠᠯᠲᠤ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠤ ᠬᠡᠷᠡᠭ ᠢ ᠰᠢᠭᠦᠬᠦ ᠳᠤ ᠬᠡᠷᠡᠭᠯᠡᠬᠦ ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ︾᠎ ᠎ ᠶᠢᠨ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠄      ︽ᠥᠮᠴᠢᠲᠡᠨ ᠨᠢ ᠣᠷᠣᠨ ᠰᠠᠭᠤᠴᠠ ᠪᠠᠨ ᠡᠵᠡᠩᠨᠡᠯᠲᠡ ᠶᠢᠨ ᠴᠢᠨᠠᠷᠲᠠᠢ ᠬᠡᠷᠡᠭᠯᠡᠬᠦ ᠭᠡᠷ ᠪᠠᠶᠢᠰᠢᠩ ᠪᠣᠯᠭᠠᠨ ᠬᠤᠪᠢᠷᠠᠭᠤᠯᠤᠭᠰᠠᠨ ᠪᠠᠶᠢᠪᠠᠯ᠂ ᠲᠤᠰ ᠪᠠᠷᠢᠯᠭ᠎ᠠ ᠶᠢᠨ ᠳᠣᠲᠣᠷᠠᠬᠢ ᠪᠤᠰᠤᠳ ᠥᠮᠴᠢᠲᠡᠨ ᠢ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠲᠠᠯᠠ ᠶᠢᠰᠦᠳᠦᠭᠡᠷ ᠵᠦᠢᠯ ᠳᠤ ᠬᠡᠯᠡᠵᠦ ᠪᠠᠶᠢᠭ᠎ᠠ ︿ᠠᠰᠢᠭ ᠬᠤᠣᠷ ᠤᠨ ᠬᠠᠷᠢᠴᠠᠭ᠎ᠠ ᠲᠠᠢ ᠥᠮᠴᠢᠲᠡᠨ﹀᠎ ᠢᠶᠠᠷ ᠮᠠᠭᠠᠳᠯᠠᠨ ᠲᠣᠭᠲᠠᠭᠠᠬᠤ ᠬᠡᠷᠡᠭᠲᠡᠢ︾ ᠭᠡᠵᠡᠢ᠃ ᠡᠷᠭᠢᠯᠡᠨ ᠬᠢᠭᠴᠢ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠦᠶ᠎ᠡ ᠳᠤ᠂ ᠴᠠᠬᠢᠮ ᠰᠦᠯᠵᠢᠶ᠎ᠡ +︽ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠤᠨ ᠳᠠᠩᠰᠠᠯᠠᠭᠤᠯᠬᠤ ᠠᠮᠠᠯᠠᠯᠲᠠ ᠶᠢᠨ ᠪᠢᠴᠢᠭ︾᠎ ᠎ ᠢ ᠲᠠᠭᠯᠠᠬᠤ ᠬᠡᠷᠡᠭᠲᠡᠢ᠃      ᠵᠢᠷᠭᠤᠭ᠎ᠠ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠨᠢ ᠬᠠᠷᠠᠭᠠᠯᠵᠠᠨ ᠠᠰᠠᠷᠠᠬᠤ ᠬᠥᠮᠥᠰ ᠤᠨ ᠬᠢᠷᠢ ᠬᠡᠮ ᠤᠨ ᠲᠠᠯ᠎ᠠ ᠪᠠᠷ ᠶᠠᠮᠠᠷ ᠱᠠᠭᠠᠷᠳᠠᠯᠭ᠎ᠠ ᠲᠠᠢ ᠪᠣᠶ︖       ︽ᠠᠷᠭ᠎ᠠ︾᠎ ᠎ ᠳᠤ ᠱᠠᠭᠠᠷᠳᠠᠭᠰᠠᠨ ᠨᠢ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠤᠨ ᠬᠠᠷᠠᠭᠠᠯᠵᠠᠨ ᠠᠰᠠᠷᠠᠬᠤ ᠠᠵᠢᠯᠲᠠᠨ ᠨᠢ ᠳᠥᠷᠪᠡᠨ ᠲᠠᠯ᠎ᠠ ᠶᠢᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄      ᠨᠢᠭᠡ ᠳᠤ ᠠᠰᠠᠷᠠᠨ ᠬᠥᠮᠥᠵᠢᠭᠦᠯᠬᠦ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠲᠤᠷᠰᠢᠯᠭ᠎ᠠ ᠪᠤᠶᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠬᠤᠢ ᠪᠠᠶᠢᠳᠠᠯ ᠲᠠᠢ ᠪᠠᠶᠢᠬᠤ ᠬᠡᠷᠡᠭᠲᠡᠢ︔      ᠬᠤᠶᠠᠷ ᠲᠤ ᠨᠢᠯᠬ᠎ᠠ ᠬᠡᠦᠬᠡᠳ ᠢ ᠠᠰᠠᠷᠠᠨ ᠬᠥᠮᠥᠵᠢᠭᠦᠯᠬᠦ᠂ ᠰᠡᠳᠬᠢᠴᠡ ᠶᠢᠨ ᠡᠷᠡᠭᠦᠯ ᠮᠡᠨᠳᠦ᠂ ᠢᠳᠡᠭᠡᠨ ᠤ ᠠᠶᠤᠯᠭᠦᠢ᠂ ᠲᠦᠷᠭᠡᠨ ᠠᠪᠤᠷᠠᠯᠲᠠ ᠪᠠ ᠭᠠᠯ ᠲᠦᠢᠮᠡᠷ ᠢ ᠤᠨᠲᠠᠷᠠᠭᠠᠬᠤ ᠵᠡᠷᠭᠡ ᠰᠤᠷᠭᠠᠯᠲᠠ ᠶᠢ ᠭᠥᠷᠳᠡᠭᠰᠡᠨ︔      ᠭᠤᠷᠪᠠ ᠳᠤ ᠪᠡᠶ᠎ᠡ ᠮᠠᠬᠠᠪᠤᠳ ᠨᠢ ᠡᠷᠡᠭᠦᠯ ᠴᠢᠭᠢᠷᠠᠭ᠂ ᠮᠡᠳᠡᠷᠡᠯ ᠤᠨ ᠡᠪᠡᠳᠴᠢᠨ ᠤ ᠲᠡᠦᠬᠡ ᠦᠭᠡᠢ︔      ᠳᠥᠷᠪᠡ ᠳᠤ ᠪᠡᠯᠭᠡ ᠶᠢᠨ ᠪᠤᠰᠤ ᠬᠠᠯᠳᠠᠯᠭ᠎ᠠ᠂ ᠬᠠᠯᠠ ᠦᠵᠡᠭᠦᠯᠦᠭᠰᠡᠨ᠂ ᠮᠡᠬᠡᠯᠡᠨ ᠬᠤᠳᠠᠯᠳᠤᠭᠰᠠᠨ᠂ ᠬᠦᠴᠦᠷᠬᠡᠭᠯᠡᠯ ᠢᠶᠠᠷ ᠭᠡᠮᠲᠦᠭᠡᠭᠰᠡᠨ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ᠃ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠤᠨ ᠡᠷᠭᠢᠯᠡᠨ ᠬᠢᠭᠴᠢ ᠨᠢ ᠬᠠᠮᠲᠤ ᠳᠤᠨᠢ ᠬᠠᠷᠠᠭᠠᠯᠵᠠᠨ ᠬᠠᠮᠠᠭᠠᠯᠠᠭᠴᠢ ᠪᠠᠶᠢᠪᠠᠯ᠂ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ 1 ᠠᠰᠠᠷᠠᠭᠴᠢ ᠨᠢᠭᠡᠪᠦᠷᠢ ᠬᠠᠮᠤᠭ ᠠᠷᠪᠢᠨ ᠳᠠᠭᠠᠨ 3 ᠨᠢᠯᠬ᠎ᠠ ᠬᠡᠦᠬᠡᠳ ᠢ ᠠᠰᠠᠷᠠᠵᠤ ᠬᠠᠷᠠᠭᠠᠯᠵᠠᠨ᠎ᠠ᠃      ᠳᠣᠯᠤᠭ᠎ᠠ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠡᠷᠭᠢᠯᠡᠬᠦ ᠨᠢ ᠲᠠᠯᠠᠪᠤᠷ ᠤᠨ ᠲᠥᠬᠦᠭᠡᠷᠦᠮᠵᠢ ᠳᠤ ᠶᠠᠮᠠᠷ ᠱᠠᠭᠠᠷᠳᠠᠯᠭ᠎ᠠ ᠲᠠᠢ ᠪᠣᠶ︖             ︽ᠠᠷᠭ᠎ᠠ︾᠎ ᠎ ᠳᠤ ᠲᠣᠭᠲᠠᠭᠠᠭᠰᠠᠨ ᠨᠢ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠤᠨ ᠰᠣᠩᠭᠤᠭᠰᠠᠨ ᠣᠷᠣᠨ ᠰᠠᠭᠤᠴᠠ ᠨᠢ ᠤᠯᠤᠰ ᠤᠨ ᠬᠤᠯᠪᠣᠭᠳᠠᠯ ᠪᠦᠬᠦᠢ ᠠᠮᠤᠷ ᠲᠦᠪᠰᠢᠨ ᠤ ᠴᠢᠨᠠᠷ ᠴᠢᠨᠰᠠᠭ᠎ᠠ ᠶᠢᠨ ᠪᠠᠷᠢᠮᠵᠢᠶ᠎ᠠ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠪᠠᠷᠢᠮᠵᠢᠶ᠎ᠠ ᠳᠤ ᠨᠡᠶᠢᠴᠡᠵᠦ᠂ ᠭᠠᠵᠠᠷ ᠬᠥᠳᠡᠯᠦᠯᠲᠡ ᠶᠢ ᠳᠠᠭᠠᠭᠠᠬᠤ᠂ ᠭᠠᠯ ᠲᠦᠢᠮᠡᠷ ᠤᠨ ᠠᠶᠤᠯ ᠠᠴᠠ ᠰᠡᠷᠭᠡᠶᠢᠯᠡᠬᠦ᠂ ᠲᠠᠷᠬᠠᠭᠠᠬᠤ ᠵᠡᠷᠭᠡ ᠱᠠᠭᠠᠷᠳᠠᠯᠭ᠎ᠠ ᠳᠤ ᠨᠡᠶᠢᠴᠡᠵᠦ᠂ ᠨᠢᠯᠬ᠎ᠠ ᠬᠡᠦᠬᠡᠳ ᠤᠨ ᠬᠥᠮᠥᠨ ᠳᠤᠮᠳᠠᠴᠢ ᠶᠢᠨ ᠪᠠᠷᠢᠯᠭ᠎ᠠ ᠶᠢᠨ ᠲᠠᠯᠠᠪᠠᠶ ᠶᠢ 9ᠺᠦᠸᠠᠳ᠋ ᠮᠧᠲᠷ ᠠᠴᠠ ᠪᠠᠭ᠎ᠠ ᠪᠠᠶᠢᠯᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ︽ᠠᠷᠭ᠎ᠠ︾᠎ ᠎ ᠳᠤ ᠲᠣᠳᠣᠷᠬᠠᠢ ᠱᠠᠭᠠᠷᠳᠠᠭᠰᠠᠨ ᠨᠢ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠢ ᠭᠠᠵᠠᠷ ᠳᠣᠣᠷᠠᠬᠢ ᠭᠡᠷ ᠪᠤᠶᠤ ᠬᠠᠭᠠᠰ ᠭᠠᠵᠠᠷ ᠳᠣᠣᠷᠠᠬᠢ ᠭᠡᠷ ᠲᠤ ᠪᠠᠶᠢᠷᠢᠯᠠᠭᠤᠯᠵᠤ ᠪᠣᠯᠬᠤ ᠦᠭᠡᠢ᠂ ︽ᠭᠤᠷᠪᠠ ᠶᠢ ᠨᠢᠭᠡᠳᠬᠡᠭᠰᠡᠨ︾ ᠲᠠᠯᠠᠪᠤᠷ ᠭᠠᠵᠠᠷ ᠪᠠ ᠥᠩᠭᠡᠲᠦ ᠪᠣᠯᠣᠳ ᠬᠠᠪᠲᠠᠰᠤ ᠶᠢᠨ ᠪᠠᠷᠢᠯᠭ᠎ᠠ ᠳᠤ ᠪᠠᠶᠢᠷᠢᠯᠠᠭᠤᠯᠵᠤ ᠪᠣᠯᠬᠤ ᠦᠭᠡᠢ᠂ ᠡᠭᠦᠳᠡ ᠴᠣᠩᠬᠤᠨ ᠳᠤ ᠠᠮᠢ ᠵᠢᠭᠤᠲᠠᠬᠤ ᠪᠠ ᠭᠠᠯ ᠲᠦᠢᠮᠡᠷ ᠢ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠲᠡᠮᠦᠷ ᠬᠡᠷᠡᠰᠬᠡ᠂ ᠬᠤᠯᠠᠭᠠᠢ ᠶᠢ ᠰᠡᠷᠭᠡᠶᠢᠯᠡᠬᠦ ᠴᠣᠩᠬᠤᠪᠴᠢ ᠵᠡᠷᠭᠡ ᠬᠠᠷᠰᠢ ᠰᠠᠭᠠᠳ ᠲᠠᠯᠪᠢᠵᠤ ᠪᠣᠯᠬᠤ ᠦᠭᠡᠢ᠃ ᠲᠣᠳᠣᠷᠬᠠᠶᠢᠯᠠᠬᠤ ᠴᠢᠬᠤᠯᠠᠲᠠᠢ ᠨᠢ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠬᠡᠷᠡᠭᠯᠡᠨ ᠭᠡᠷ ᠪᠦᠯᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡ ᠥᠷᠨᠢᠭᠦᠯᠬᠦ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠦᠶ᠎ᠡ ᠳᠤ᠂ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠳᠤ ᠬᠢᠷᠢ ᠲᠡᠩᠴᠡᠭᠰᠡᠨ ᠭᠡᠷᠡᠴᠢ ᠪᠤᠶᠤ ᠭᠡᠷ ᠪᠠᠶᠢᠰᠢᠩ ᠤᠨ ᠠᠶᠤᠯᠭᠦᠢ ᠶᠢᠨ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠭᠡᠷᠡᠴᠢ ᠶᠢ ᠬᠠᠩᠭᠠᠬᠤ ᠬᠡᠷᠡᠭᠲᠡᠢ᠃      ᠨᠠᠢᠮᠠ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠤᠨ ᠠᠮᠤᠷ ᠲᠦᠪᠰᠢᠨ ᠤ ᠬᠠᠮᠠᠭᠠᠯᠠᠯᠲᠠ ᠳᠤ ᠶᠠᠮᠠᠷ ᠶᠠᠮᠠᠷ ᠱᠠᠭᠠᠷᠳᠠᠯᠭ᠎ᠠ ᠲᠠᠢ ᠪᠤᠢ︖       ︽ᠠᠷᠭ᠎ᠠ︾᠎ ᠎ ᠳᠤ ᠲᠣᠭᠲᠠᠭᠠᠭᠰᠠᠨ ᠨᠢ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠤᠨ ᠭᠡᠷ ᠪᠠᠶᠢᠰᠢᠩ ᠤᠨ ᠪᠦᠲᠦᠴᠡ᠂ ᠲᠥᠬᠦᠭᠡᠷᠦᠮᠵᠢ ᠲᠥᠬᠦᠭᠡᠷᠦᠮᠵᠢ᠂ ᠵᠠᠰᠠᠯ ᠴᠢᠮᠡᠭᠯᠡᠯ ᠤᠨ ᠮᠠᠲ᠋ᠧᠷᠢᠶᠠᠯ᠂ ᠭᠡᠷ ᠤᠨ ᠡᠳ᠋ᠯᠡᠯ ᠬᠡᠷᠡᠭᠰᠡᠯ ᠵᠡᠷᠭᠡ ᠨᠢ ᠤᠯᠤᠰ ᠤᠨ ᠬᠤᠯᠪᠣᠭᠳᠠᠯ ᠪᠦᠬᠦᠢ ᠠᠮᠤᠷ ᠲᠦᠪᠰᠢᠨ ᠤ ᠴᠢᠨᠠᠷ ᠴᠢᠨᠰᠠᠭ᠎ᠠ ᠶᠢᠨ ᠪᠠᠷᠢᠮᠵᠢᠶ᠎ᠠ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠪᠠᠷᠢᠮᠵᠢᠶ᠎ᠠ ᠳᠤ ᠨᠡᠶᠢᠴᠡᠵᠦ᠂ ᠭᠠᠵᠠᠷ ᠬᠥᠳᠡᠯᠦᠯᠲᠡ ᠶᠢ ᠳᠠᠭᠠᠭᠠᠬᠤ᠂ ᠭᠠᠯ ᠢ ᠰᠡᠷᠭᠡᠶᠢᠯᠡᠬᠦ᠂ ᠲᠠᠷᠬᠠᠭᠠᠬᠤ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠲᠤ ᠬᠠᠷᠠᠭᠠᠨ ᠳᠠᠪᠲᠠᠮᠵᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠨᠠᠨ ᠡᠵᠡᠮᠳᠡᠬᠦ ᠰᠢᠰᠲ᠋ᠧᠮ ᠢ ᠲᠣᠬᠢᠷᠠᠭᠤᠯᠬᠤ ᠶᠢᠨ ᠬᠠᠮᠲᠤ ᠨᠢᠯᠬ᠎ᠠ ᠬᠡᠦᠬᠡᠳ ᠢ ᠭᠥᠯᠢᠶᠡᠨ ᠠᠪᠬᠤ ᠬᠤᠭᠤᠴᠠᠭᠠᠨ ᠳᠠᠬᠢ ᠰᠡᠷᠭᠡᠶᠢᠯᠡᠯᠲᠡ ᠶᠢ ᠪᠠᠲᠤᠯᠠᠵᠤ᠂ ᠨᠢᠯᠬ᠎ᠠ ᠬᠡᠦᠬᠡᠳ ᠤᠨ ᠠᠮᠢᠳᠤᠷᠠᠯ ᠪᠠ ᠠᠵᠢᠯᠯᠠᠭᠠᠨ ᠤ ᠣᠷᠣᠨ ᠪᠦᠰᠡ ᠶᠢ ᠪᠦᠬᠦᠨ ᠢ ᠬᠠᠮᠤᠷᠬᠤ ᠶᠢ ᠪᠠᠲᠤᠯᠠᠬᠤ ᠬᠡᠷᠡᠭᠲᠡᠢ᠃ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠶᠢ 90 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃      ᠶᠢᠰᠦ᠂ ︽ᠠᠷᠭ᠎ᠠ︾᠎ ᠎ ᠳᠤ ᠨᠢᠯᠬ᠎ᠠ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠬᠤ ᠲᠤᠬᠠᠢ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠶ︖       ︽ᠠᠷᠭ᠎ᠠ︾᠎ ᠎ ᠳᠤ ᠲᠣᠳᠣᠷᠬᠠᠢ ᠲᠣᠭᠲᠠᠭᠠᠭᠰᠠᠨ ᠨᠢ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠎ ᠨᠢ ᠬᠡᠦᠬᠡᠳ ᠰᠠᠭᠠᠲᠠᠭᠤᠯᠬᠤ ᠨᠢᠯᠬ᠎ᠠ ᠬᠡᠦᠬᠡᠳ ᠤᠨ ᠡᠷᠡᠭᠦᠯ ᠮᠡᠨᠳᠦ ᠶᠢᠨ ᠪᠠᠶᠢᠳᠠᠯ ᠢ ᠬᠢᠨᠠᠮᠠᠭᠠᠢ ᠠᠵᠢᠭᠯᠠᠵᠤ᠂ ᠨᠢᠯᠬ᠎ᠠ ᠬᠡᠦᠬᠡᠳ ᠤᠨ ᠬᠠᠯᠳᠠᠪᠤᠷᠢᠲᠤ ᠡᠪᠡᠳᠴᠢᠨ ᠪᠤᠶᠤ ᠪᠤᠰᠤᠳ ᠡᠪᠡᠳᠴᠢᠨ ᠡᠮᠭᠡᠭ ᠢᠶᠠᠷ ᠰᠡᠵᠢᠭᠯᠡᠭᠳᠡᠵᠦ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠬᠢᠨᠠᠨ ᠬᠠᠮᠠᠭᠠᠯᠠᠭᠴᠢ ᠳᠤᠨᠢ ᠮᠡᠳᠡᠭᠳᠡᠬᠦ ᠬᠡᠷᠡᠭᠲᠡᠢ᠃ ︽ᠠᠷᠭ᠎ᠠ︾᠎ ᠎ ᠳᠤ ᠲᠣᠭᠲᠠᠭᠠᠭᠰᠠᠨ ᠨᠢ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠨᠢᠯᠬ᠎ᠠ ᠬᠡᠦᠬᠡᠳ ᠢ ᠭᠠᠳᠠᠭᠤᠷᠴᠢᠯᠠᠵᠤ᠂ ᠳᠣᠷᠣᠮᠵᠢᠯᠠᠵᠤ᠂ ᠬᠠᠯᠠ ᠦᠵᠡᠭᠦᠯᠵᠦ᠂ ᠬᠠᠷᠠᠳᠠᠵᠤ᠂ ᠬᠡᠯᠪᠡᠷᠢ ᠶᠢ ᠨᠢ ᠥᠭᠡᠷᠡᠲᠦᠭᠦᠯᠦᠨ ᠬᠠᠷᠠᠳᠠᠵᠤ ᠲᠠᠮᠤᠯᠠᠬᠤ ᠪᠤᠶᠤ ᠨᠢᠯᠬ᠎ᠠ ᠬᠡᠦᠬᠡᠳ ᠤᠨ ᠡᠷᠬᠡ ᠠᠰᠢᠭ ᠲᠤ ᠬᠠᠯᠳᠠᠭᠰᠠᠨ ᠪᠤᠰᠤᠳ ᠦᠶᠯᠡ ᠠᠵᠢᠯᠯᠠᠭ᠎ᠠ ᠶᠢ ᠬᠢᠵᠦ ᠪᠣᠯᠬᠤ ᠦᠭᠡᠢ ᠃ ᠳᠡᠭᠡᠷᠡᠬᠢ ᠦᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠶᠣᠰᠣᠭᠠᠷ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃      ᠠᠷᠪᠠ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠬᠢᠨᠠᠯᠲᠠ ᠬᠠᠮᠢᠶᠠᠷᠤᠯᠲᠠ ᠶᠢ ᠬᠡᠷᠬᠢᠨ ᠴᠢᠩᠭᠠᠳᠬᠠᠬᠤ ᠪᠣᠶ︖       ︽ᠠᠷᠭ᠎ᠠ︾᠎ ᠎ ᠳᠤ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠭᠤᠣᠯᠯᠠᠨ ᠬᠠᠮᠢᠶᠠᠷᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠵᠢᠯᠣᠭᠤᠳᠤᠮᠵᠢ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠰᠢᠶᠠᠩ ᠪᠠᠯᠭᠠᠰᠤ︶᠎ ᠨᠢ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠵᠢᠯᠣᠭᠤᠳᠤᠮᠵᠢ᠂ ᠬᠢᠨᠠᠯᠲᠠ ᠲᠠᠯᠪᠢᠯᠲᠠ ᠪᠠ ᠬᠠᠮᠢᠶᠠᠷᠤᠯᠲᠠ ᠪᠠᠨ ᠴᠢᠩᠭᠠᠳᠬᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠭᠠᠴᠠᠭ᠎ᠠ ︵ᠰᠠᠭᠤᠭᠠᠯᠢ︶᠎ ᠶᠢᠨ ᠠᠷᠠᠳ ᠤᠨ ᠵᠥᠪᠯᠡᠯ ᠨᠢ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠬᠥᠷᠰᠢ ᠵᠡᠷᠭᠡᠯᠡᠳᠡᠭᠡ ᠥᠮᠴᠢᠲᠡᠨ ᠤ ᠡᠷᠬᠡ ᠶᠢ ᠬᠦᠨᠳᠦᠳᠬᠡᠬᠦ ᠶᠢ ᠬᠥᠲᠥᠯᠥᠨ ᠵᠢᠯᠤᠭᠤᠳᠴᠤ ᠂ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢ ᠵᠢᠷᠤᠮᠵᠢᠭᠤᠨ ᠪᠥᠭᠡᠳ ᠠᠮᠤᠷ ᠲᠦᠪᠰᠢᠨ ᠢᠶᠠᠷ ᠥᠷᠨᠢᠭᠦᠯᠬᠦ ᠬᠡᠷᠡᠭᠲᠡᠢ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠨᠤᠭᠤᠳ ᠲᠣᠰ ︽ᠠᠷᠭ᠎ᠠ︾᠎ ᠎ ᠶᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠵᠢᠷᠤᠮᠵᠢᠯ ᠲᠠᠢ ᠬᠥᠭᠵᠢᠬᠦ ᠶᠢ ᠠᠬᠢᠭᠤᠯᠵᠤ ᠪᠣᠯᠣᠨ᠎ᠠ᠃            ᠲᠠᠶᠢᠯᠤᠮᠵᠢ ᠬᠢᠭᠴᠢ᠄      ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠥᠮᠥᠨ ᠠᠮᠠ ᠭᠡᠷ ᠪᠦᠯᠢ ᠬᠢᠭᠡᠳ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠠᠰᠤᠭ ᠤᠨ ᠡᠷᠬᠢᠯᠡᠭᠴᠢ ᠰᠠᠷᠠᠭᠤᠯ         ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ︽ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶  ︾
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号