︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾᠎ ᠶᠢᠨ ᠲᠤᠬᠠᠢ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/20
           ᠨᠢᠭᠡ᠂ ᠠᠬᠤᠢ ᠪᠠᠶᠢᠳᠠᠯ            ᠰᠢ ᠶᠢᠨ ᠫᠢᠩ ᠶᠡᠷᠦᠩᠬᠡᠢ ᠱᠦᠵᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠰᠣᠶᠣᠯ ᠤᠨ ᠦᠵᠡᠯ ᠰᠠᠨᠠᠭ᠎ᠠ ᠶᠢ ᠡᠷᠴᠢᠮᠲᠡᠢ ᠲᠤᠤᠱᠯᠠᠭᠤᠯᠬᠤ ᠵᠣᠷᠢᠯᠭ᠎ᠠ ᠪᠠᠷ᠂ ︽ᠤᠮᠠᠷᠠᠲᠤ ᠬᠢᠯᠢ ᠶᠢᠨ ᠰᠣᠶᠣᠯ︾᠎ ᠎ ᠤᠨ ᠨᠡᠷᠡᠲᠦ ᠲᠡᠮᠳᠡᠭ ᠢ ᠪᠤᠶ ᠪᠣᠯᠭᠠᠬᠤ ᠡᠨᠡ ᠬᠦ ᠭᠤᠣᠯ ᠱᠤᠭᠤᠮ ᠳᠤ ᠠᠩᠬᠠᠷᠤᠯ ᠢᠶᠠᠨ ᠬᠠᠨᠳᠤᠭᠤᠯᠵᠤ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠬᠠᠮᠠᠭᠠᠯᠠᠯᠲᠠ ᠶᠢᠨ ᠤᠬᠠᠮᠰᠠᠷ ᠢ ᠪᠠᠲᠤ ᠪᠤᠶ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠬᠠᠮᠠᠭᠠᠯᠠᠯᠲᠠ ᠶᠢ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠤᠯᠠᠮᠵᠢᠯᠠᠯ ᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠲᠠᠷᠢᠶᠠᠯᠠᠬᠤ ᠰᠣᠶᠣᠯ ᠤᠨ ᠬᠠᠮᠠᠭᠠᠯᠠᠯᠲᠠ᠂ ᠬᠤᠳᠠ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠢᠴᠢ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠬᠦᠴᠦᠨ ᠨᠡᠮᠡᠷᠢᠯᠡᠨ᠎ᠡ᠃            ᠬᠤᠶᠠᠷ᠂ ᠵᠣᠷᠢᠯᠭ᠎ᠠ            ᠪᠣᠳᠠᠰ ᠤᠨ ᠪᠤᠰᠤ ᠰᠣᠶᠣᠯ ᠤᠨ ᠥᠪ ᠢ ᠨᠡᠩ ᠰᠠᠶᠢᠨ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠵᠣᠷᠢᠯᠭ᠎ᠠ ᠪᠠᠷ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠴᠢᠩᠭᠠᠳᠬᠠᠨ᠎ᠠ᠃ ᠪᠥᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮ ᠤᠨ ᠴᠢᠨᠠᠷᠲᠠᠢ ᠬᠠᠮᠠᠭᠠᠯᠠᠯᠲᠠ ᠶᠢᠨ ᠬᠢᠷᠢ ᠬᠡᠮᠵᠢᠶ᠎ᠡ ᠶᠢ ᠬᠥᠭᠵᠢᠭᠦᠯᠦᠨ ᠳᠡᠭᠡᠭᠰᠢᠯᠡᠭᠦᠯᠵᠦ᠂ ᠥᠪᠥᠷ ᠮᠣᠩᠭᠤᠯ ᠣᠷᠣᠨ ᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠳᠡᠭᠡᠳᠦ ᠬᠡᠮᠵᠢᠶ᠎ᠡ ᠪᠠᠷ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃            ᠭᠤᠷᠪᠠ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ             ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠃             ︵ᠬᠤᠶᠠᠷ︶ ︽ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠤᠯᠠᠮ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠯᠦᠪᠵᠢᠭᠦᠯᠭᠡ︾ ᠵᠡᠷᠭᠡ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠃            ᠳᠥᠷᠪᠡ᠂ ᠮᠡᠳᠡᠭᠦᠯᠬᠦ ᠱᠠᠭᠠᠷᠳᠠᠯᠭ᠎ᠠ            ᠨᠢᠭᠡ ᠳᠤ᠂ ᠳᠥᠷᠪᠡᠨ ᠵᠠᠬ᠎ᠠ ᠶᠢᠨ ᠬᠦᠷᠢᠶ᠎ᠡ ᠬᠡᠪᠴᠢᠶ᠎ᠡ ᠨᠢ ᠲᠣᠳᠣᠷᠬᠠᠢ ᠪᠠᠶᠢᠵᠤ᠂ ᠡᠵᠡᠯᠡᠬᠦ ᠲᠠᠯᠠᠪᠠᠶ ᠨᠢ 2000 ᠺᠦᠸᠠᠳ᠋ ᠮᠧᠲᠷ ᠠᠴᠠ ᠪᠠᠭ᠎ᠠ ᠪᠠᠶᠢᠵᠤ ᠪᠣᠯᠬᠤ ᠦᠭᠡᠢ᠃ ᠬᠤᠶᠠᠷ ᠲᠤ᠂ ᠪᠣᠳᠠᠰ ᠤᠨ ᠪᠤᠰᠤ ᠥᠪ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠥᠪᠯᠡᠷᠡᠵᠦ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠡᠯᠪᠡᠭ ᠳᠡᠯᠪᠡᠭ ᠪᠠᠶᠢᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠬᠥᠮᠥᠨ ᠤᠳᠠᠭ᠎ᠠ ᠵᠢᠴᠢ ᠬᠡᠷᠡᠭᠯᠡᠭᠡᠨ ᠤ ᠬᠡᠪᠴᠢᠶ᠎ᠡ ᠨᠡᠯᠢᠶᠡᠳ ᠶᠡᠭᠡ ᠪᠠᠶᠢᠨ᠎ᠠ︔      ᠪᠣᠳᠠᠰ ᠤᠨ ᠪᠤᠰᠤ ᠰᠣᠶᠣᠯ ᠤᠨ ᠥᠪ ᠤᠨ ᠡᠷᠴᠢᠮᠲᠡᠢ ᠰᠤᠳᠤᠯᠭᠠᠨ ᠤ ᠮᠠᠶ᠋ᠢᠭ ᠤᠨ ᠪᠡᠶᠡᠴᠢᠯᠡᠨ ᠣᠶᠢᠯᠠᠭᠠᠬᠤ ᠣᠷᠣᠨ ᠵᠠᠢ ᠶᠢ ᠪᠠᠶᠢᠭᠤᠯᠵᠤ᠂ ᠡᠵᠡᠩᠨᠡᠯᠲᠡ ᠶᠢᠨ ᠬᠤᠳᠠᠯᠳᠤᠭᠠᠨ ᠤ ᠡᠷᠦᠬᠡ ᠶᠢᠨ ᠳᠣᠲᠣᠷᠠᠬᠢ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠣᠯ ᠡᠵᠡᠩᠨᠡᠯᠲᠡ ᠪᠣᠯᠭᠠᠭᠰᠠᠨ ᠬᠤᠳᠠᠯᠳᠤᠭᠠᠨ ᠤ ᠡᠷᠦᠬᠡ ᠶᠢᠨ ᠲᠤᠭ᠎ᠠ ᠬᠡᠮᠵᠢᠶ᠎ᠡ ᠪᠤᠶᠤ ᠡᠵᠡᠩᠨᠡᠯᠲᠡ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 50%᠎ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠭᠤᠷᠪᠠ ᠳᠤ ᠨᠡᠶᠢᠭᠡᠮ ᠤᠨ ᠠᠮᠤᠷ ᠲᠦᠪᠰᠢᠨ᠂ ᠭᠡᠷᠡᠯᠲᠦᠭᠦᠯᠭᠡ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠶᠢᠨ ᠪᠠᠶᠢᠳᠠᠯ ᠰᠠᠶᠢᠨ᠂ ᠬᠡᠷᠡᠭᠯᠡᠭᠴᠢᠳ ᠤᠨ ᠶᠠᠪᠤᠵᠤ ᠰᠠᠭᠤᠬᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠲᠠᠢ ᠪᠠᠶᠢᠬᠤ ᠬᠡᠷᠡᠭᠲᠡᠢ᠃ ᠳᠥᠷᠪᠡ ᠳᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠵᠢᠯᠯᠠᠭ᠎ᠠ ᠶᠢᠨ ᠬᠡᠯᠪᠡᠷᠢ ᠨᠢ ᠣᠯᠠᠨ ᠶᠠᠩᠵᠤ ᠶᠢᠨ᠂ ᠠᠭᠤᠯᠭ᠎ᠠ ᠨᠢ ᠪᠠᠶᠠᠯᠢᠭ ᠪᠠᠶᠢᠵᠤ᠂ ᠴᠤᠭᠯᠠᠷᠠᠯ ᠤᠨ ᠦᠢᠯᠡᠳᠦᠯ᠂ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠪᠣᠶ ᠪᠣᠯᠭᠠᠵᠤ᠂ ᠲᠣᠰ ᠭᠠᠵᠠᠷ ᠤᠨ ᠰᠠᠭᠤᠭᠠᠯᠢ ᠠᠷᠠᠳ ᠵᠢᠴᠢ ᠭᠠᠳᠠᠷ ᠣᠷᠣᠨ ᠤ ᠵᠢᠭᠤᠯᠴᠢᠯᠠᠭᠴᠢᠳ ᠤᠨ ᠳᠤᠮᠳᠠ ᠨᠡᠯᠢᠶᠡᠳ ᠥᠨᠳᠥᠷ ᠠᠯᠳᠠᠷᠰᠢᠯ ᠪᠠ ᠨᠡᠯᠢᠶᠡᠳ ᠴᠢᠩᠭ᠎ᠠ ᠲᠠᠲᠠᠬᠤ ᠬᠦᠴᠦᠨ ᠲᠠᠢ ᠪᠠᠶᠢᠬᠤ ᠶᠢ ᠪᠠᠲᠤᠯᠠᠨ᠎ᠠ᠃ ᠲᠠᠪᠤ ᠳᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠰᠠᠶᠢᠨ ᠪᠠᠶᠢᠵᠤ᠂ ᠬᠡᠷᠡᠭᠯᠡᠭᠡᠨ ᠤ ᠣᠷᠴᠢᠨ ᠲᠣᠭᠤᠷᠢᠨ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ᠂ ᠪᠣᠯᠪᠠᠰᠤᠨ ᠡᠮᠬᠢ ᠳᠢᠭᠯᠢᠮ ᠲᠠᠢ᠂ ᠡᠷᠡᠭᠦᠯ ᠪᠥᠭᠡᠳ ᠪᠣᠬᠢᠷᠲᠤᠯ ᠦᠭᠡᠢ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠳᠤ ᠲᠦᠭᠦᠮ ᠪᠠᠶᠢᠬᠤ ᠬᠡᠷᠡᠭᠲᠡᠢ᠃ ᠣᠶᠢᠷ᠎ᠠ ᠶᠢᠨ 2 ᠵᠢᠯ ᠳᠤ ᠣᠷᠣᠨ ᠪᠦᠰᠡ ᠶᠢᠨ ᠬᠡᠪᠴᠢᠶᠡᠨ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠨᠡᠯᠢᠶᠡᠳ ᠶᠡᠭᠡ ᠠᠰᠠᠭᠤᠳᠠᠯ ᠭᠠᠷᠤᠭᠰᠠᠨ ᠦᠭᠡᠢ᠃ ᠵᠢᠷᠭᠤᠭ᠎ᠠ ᠳᠤ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶᠎ ᠎ ᠤ ᠵᠠᠰᠠᠭ ᠤᠨ ᠣᠷᠳᠣᠨ ᠪᠣᠳᠠᠰ ᠤᠨ ᠪᠤᠰᠤ ᠰᠣᠶᠣᠯ ᠤᠨ ᠥᠪ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠤ ᠠᠬᠤᠢ ᠶᠢ ᠴᠢᠬᠤᠯᠠᠴᠢᠯᠠᠨ ᠬᠥᠭᠵᠢᠭᠦᠯᠵᠦ᠂ ᠬᠡᠷᠡᠭᠯᠡᠭᠡᠨ ᠤ ᠲᠠᠯᠠᠪᠤᠷ ᠭᠠᠵᠠᠷ ᠤᠨ ᠪᠡᠯᠡᠳᠬᠡᠮᠵᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠲᠥᠯᠥᠪᠵᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠠᠶᠢᠨ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠪᠣᠳᠠᠰ ᠤᠨ ᠪᠤᠰᠤ ᠰᠣᠶᠣᠯ ᠤᠨ ᠥᠪ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠦᠨ᠎ᠡ᠃            ᠲᠠᠪᠤ᠂ ᠬᠢᠨᠠᠨ ᠬᠠᠷᠭᠤᠭᠤᠯᠬᠤ ᠲᠠᠰ ᠳᠠᠷᠠᠭᠠᠯᠠᠯ            ᠬᠤᠰᠢᠭᠤ ᠰᠢᠶᠠᠨ ᠤ ᠠᠩᠬᠠᠨ ᠤ ᠬᠢᠨᠠᠯᠲᠠ — ᠠᠶᠢᠮᠠᠭ ᠬᠤᠲᠠ ᠶᠢᠨ ᠳᠠᠬᠢᠨ ᠬᠢᠨᠠᠯᠲᠠ — ᠥᠪᠡᠷᠲᠡᠭᠡᠨ ᠵᠠᠰᠠᠬᠤ ᠣᠷᠣᠨ ᠤ ᠮᠠᠭᠠᠳᠯᠠᠯᠲᠠ            ᠵᠢᠷᠭᠤᠭ᠎ᠠ᠂ ᠬᠠᠮᠢᠶᠠᠷᠤᠯᠲᠠ            ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠨᠢᠭᠡ ᠳᠤ ᠵᠢᠯ ᠪᠦᠷᠢ ᠶᠢᠨ ᠨᠢᠭᠡᠳᠦᠭᠡᠷ ᠤᠯᠠᠷᠢᠯ ᠳᠤ ᠪᠢᠴᠢᠭ ᠤᠨ ᠬᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠳᠡᠭᠡᠷ᠎ᠡ ᠨᠢᠭᠡ ᠵᠢᠯ ᠤᠨ ᠠᠵᠢᠯ ᠤᠨ ᠪᠠᠶᠢᠳᠠᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃ ᠬᠤᠶᠠᠷ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ 3 ᠵᠢᠯ ᠳᠤ ᠨᠢᠭᠡ ᠤᠳᠠᠭ᠎ᠠ ᠬᠢᠨᠠᠨ ᠰᠢᠯᠭᠠᠵᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ᠎ᠠ᠃ ᠬᠢᠨᠠᠨ ᠰᠢᠯᠭᠠᠵᠤ ᠦᠨᠡᠯᠡᠭᠡᠳ ᠬᠢᠷᠢ ᠲᠡᠩᠴᠡᠭᠰᠡᠨ ᠪᠠᠶᠢᠪᠠᠯ᠂ ᠵᠠᠷᠯᠠᠨ ᠰᠠᠶᠢᠰᠢᠶᠠᠬᠤ ᠶᠢᠨ ᠬᠠᠮᠲᠤ ᠱᠠᠩᠨᠠᠨ ᠬᠥᠬᠢᠭᠦᠯᠦᠨ᠎ᠡ︔      ᠬᠢᠨᠠᠨ ᠰᠢᠯᠭᠠᠵᠤ ᠦᠨᠡᠯᠡᠨ ᠵᠢᠱᠢᠬᠦ ᠳᠤ ᠬᠢᠷᠢ ᠲᠡᠩᠴᠡᠭᠰᠡᠨ ᠦᠭᠡᠢ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠬᠢᠨᠠᠨ ᠰᠢᠯᠭᠠᠵᠤ ᠦᠨᠡᠯᠡᠨ ᠵᠢᠱᠢᠬᠦ ᠳᠤ ᠮᠥᠨ ᠬᠢᠷᠢ ᠲᠡᠩᠴᠡᠭᠰᠡᠨ ᠦᠭᠡᠢ ᠶᠢ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠢᠯᠡ ᠨᠡᠶᠢᠲᠡᠯᠡᠨ᠎ᠡ᠃ ᠭᠤᠷᠪᠠ ᠳᠤ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠲᠣᠪᠣᠶᠢᠮ᠎ᠠ ᠪᠠᠶᠢᠪᠠᠯ᠂ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠰᠣᠳᠣᠨ ᠵᠢᠭᠤᠯᠴᠢᠯᠠᠯ ᠤᠨ ᠱᠤᠭᠤᠮ ᠳᠤ ᠣᠷᠣᠭᠤᠯᠬᠤ ᠪᠠᠷ ᠲᠠᠨᠢᠯᠴᠠᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠᠷ ᠮᠡᠳᠡᠭᠦᠯᠦᠭᠰᠡᠨ ᠰᠢᠯᠢᠳᠡᠭ ᠦᠢᠯᠡᠳᠦᠯᠭᠡ ᠶᠢᠨ ᠬᠡᠷᠡᠭ ᠤᠨ ᠵᠢᠱᠢᠶ᠎ᠡ ᠵᠢᠴᠢ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢᠶᠠᠷ ᠮᠡᠳᠡᠭᠦᠯᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠡᠯᠪᠡᠶᠢᠯᠭᠡᠨ᠎ᠡ᠃            ᠲᠤᠯᠤᠭ᠎ᠠ᠂ ᠨᠡᠷ᠎ᠡ ᠦᠭᠡ ᠶᠢᠨ ᠲᠠᠶᠢᠯᠪᠤᠷᠢ            ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ᠄      ᠡᠨᠡ ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠢᠶᠠᠷ ᠮᠠᠭᠠᠳᠯᠠᠨ ᠲᠣᠭᠲᠠᠭᠠᠵᠤ ᠨᠡᠶᠢᠲᠡᠯᠡᠭᠰᠡᠨ ᠢᠶᠠᠷ ᠳᠡᠮᠵᠢᠨ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢᠶᠠᠷ ᠰᠠᠭᠤᠷᠢ ᠪᠣᠯᠭᠠᠵᠤ᠂ ᠥᠪᠡᠷᠮᠢᠴᠡ ᠣᠨᠴᠠᠯᠢᠭ ᠲᠠᠢ ᠣᠷᠣᠨ ᠪᠦᠰᠡ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠥᠯᠥᠭᠡᠯᠡᠬᠦ ᠪᠠ ᠲᠦᠯᠬᠢᠨ ᠠᠬᠢᠭᠤᠯᠬᠤ ᠲᠣᠰᠬᠤᠨ ᠪᠠᠯᠭᠠᠰᠤ ᠪᠤᠶᠤ ᠵᠡᠭᠡᠯᠢ ᠲᠣᠭᠤᠷᠢᠭ ᠢ ᠵᠢᠭᠠᠵᠤ ᠪᠣᠶ᠃                         ᠲᠠᠶᠢᠯᠤᠮᠵᠢ ᠬᠢᠭᠴᠢ᠄      ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠷᠧᠨ ᠵᠢᠦ ᠴᠢᠶᠠᠨ         ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号