| | ᠨᠢᠭᠡᠳᠦᠭᠡᠷ ᠵᠦᠢᠯ ᠣᠯᠠᠨ ᠵᠦᠢᠯ ᠤᠨ ᠬᠡᠯᠪᠡᠷᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ | ᠵᠢᠷᠤᠮᠵᠢᠭᠤᠯᠤᠨ ᠬᠥᠭᠵᠢᠭᠦᠯᠬᠦ ᠶᠢᠨ ᠲᠤᠰᠠᠳᠠ᠂ ︽ᠬᠥᠩᠭᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ | ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠪᠠ ︽ | ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ᠢ ᠦᠨᠳᠦᠰᠦᠯᠡᠨ᠂ ᠲᠣᠰ | ᠠᠷᠭ᠎ᠠ ᠶᠢ ᠲᠣᠭᠲᠠᠭᠠᠪᠠ᠃ | | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠭᠡᠷ ᠪᠦᠯᠢ ᠶᠢᠨ ᠬᠡᠦᠬᠡᠳ ᠠᠰᠠᠷᠠᠵᠤ ᠬᠥᠮᠥᠵᠢᠭᠦᠯᠬᠦ | ᠴᠡᠭ ᠭᠡᠳᠡᠭ ᠨᠢ ᠣᠷᠣᠨ ᠰᠠᠭᠤᠴᠠ ᠪᠠᠨ ᠠᠰᠢᠭᠯᠠᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ︵ᠳᠣᠷᠣᠭᠰᠢ | ᠨᠢᠯᠬ᠎ᠠ ᠬᠡᠦᠬᠡᠳ ᠭᠡᠵᠦ ᠲᠣᠪᠴᠢᠯᠠᠨ᠎ᠠ︶ ᠳᠤ ᠪᠦᠬᠦᠯᠢ ᠡᠳᠦᠷ ᠤᠨ ᠨᠠᠶᠢᠳᠠᠯᠭ᠎ᠠ᠂ ᠬᠠᠭᠠᠰ ᠡᠳᠦᠷ ᠤᠨ ᠨᠠᠶᠢᠳᠠᠯᠭ᠎ᠠ᠂ | ᠴᠠᠭ ᠢᠶᠠᠷ ᠪᠤᠳᠤᠬᠤ ᠨᠠᠶᠢᠳᠠᠯᠭ᠎ᠠ᠂ ᠲᠥᠷ ᠴᠠᠭ ᠤᠨ ᠨᠠᠶᠢᠳᠠᠯᠭ᠎ᠠ ᠪᠠᠷ ᠬᠡᠦᠬᠡᠳ ᠰᠠᠭᠠᠲᠠᠭᠤᠯᠬᠤ ᠵᠡᠷᠭᠡ ᠬᠡᠦᠬᠡᠳ | ᠠᠰᠠᠷᠠᠵᠤ ᠬᠥᠮᠥᠵᠢᠭᠦᠯᠬᠦ ᠦᠢᠯᠡᠴᠢᠯᠡᠭᠡᠨ ᠬᠠᠩᠭᠠᠬᠤ ᠲᠠᠯᠠᠪᠤᠷ ᠢ ᠵᠢᠭᠠᠵᠤ ᠪᠣᠢ᠃ ︵ᠳᠣᠷᠣᠭᠰᠢ ᠨᠢᠯᠬ᠎ᠠ ᠬᠡᠦᠬᠡᠳ︶ | ᠳᠤ ᠪᠦᠬᠦᠯᠢ ᠡᠳᠦᠷ ᠣᠨ ᠨᠠᠶᠢᠳᠠᠯᠭ᠎ᠠ᠂ ᠬᠠᠭᠠᠰ ᠡᠳᠦᠷ ᠤᠨ ᠨᠠᠶᠢᠳᠠᠯᠭ᠎ᠠ᠂ ᠴᠠᠭ ᠢᠶᠠᠷ ᠪᠤᠳᠤᠬᠤ ᠨᠠᠶᠢᠳᠠᠯᠭ᠎ᠠ᠂ | ᠲᠥᠷ ᠴᠠᠭ ᠤᠨ ᠨᠠᠶᠢᠳᠠᠯᠭ᠎ᠠ ᠪᠠᠷ ᠬᠡᠦᠬᠡᠳ ᠰᠠᠭᠠᠲᠠᠭᠤᠯᠬᠤ ᠵᠡᠷᠭᠡ ᠨᠠᠶᠢᠳᠠᠵᠤ ᠬᠥᠮᠥᠵᠢᠭᠦᠯᠬᠦ ᠦᠢᠯᠡᠴᠢᠯᠡᠭᠡᠨ | ᠬᠠᠩᠭᠠᠬᠤ ᠭᠠᠵᠠᠷ ᠢ ᠵᠢᠭᠠᠵᠤ ᠪᠤᠢ᠃ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠨᠢᠭᠡᠪᠦᠷᠢ ᠶᠢᠨ ᠬᠡᠦᠬᠡᠳ | ᠰᠠᠭᠠᠲᠠᠭᠤᠯᠬᠤ ᠬᠥᠮᠥᠨ ᠤ ᠲᠤᠭ᠎ᠠ ᠶᠢ 5 ᠬᠥᠮᠥᠨ ᠠᠴᠠ ᠬᠡᠲᠦᠷᠡᠭᠦᠯᠵᠦ ᠪᠣᠯᠬᠤ ᠦᠭᠡᠢ᠃ | | ᠭᠤᠷᠪᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠢ ᠡᠷᠬᠢᠯᠡᠬᠦ ᠳᠤ ᠪᠠᠶᠢᠭ᠎ᠠ ᠭᠠᠵᠠᠷ ᠤᠨ | ᠣᠷᠣᠨ ᠨᠤᠲᠤᠭ ᠤᠨ ᠵᠠᠰᠠᠭ ᠤᠨ ᠣᠷᠳᠣᠨ ᠤ ᠣᠷᠣᠨ ᠰᠠᠭᠤᠴᠠ ᠶᠢ ᠡᠵᠡᠩᠨᠡᠯᠲᠡ ᠶᠢᠨ ᠲᠠᠯᠠᠪᠤᠷ ᠭᠠᠵᠠᠷ ᠢᠶᠠᠷ | ᠳᠠᠩᠰᠠᠯᠠᠭᠤᠯᠬᠤ ᠲᠤᠬᠠᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠵᠦ᠂ ᠣᠷᠣᠨ ᠰᠠᠭᠤᠴᠠ ᠶᠢᠨ ᠪᠠᠶᠢᠭ᠎ᠠ | ᠭᠠᠵᠠᠷ ᠤᠨ ᠲᠤᠰ ᠪᠠᠷᠢᠯᠭ᠎ᠠ ᠶᠢᠨ ᠳᠣᠲᠣᠷᠠᠬᠢ ᠪᠤᠶᠤ ᠠᠳᠠᠯᠢ ᠨᠢᠭᠡᠨ ᠪᠠᠶᠢᠰᠢᠩ ᠭᠡᠷ ᠤᠨ ᠬᠦᠷᠢᠶᠡᠨ ᠳᠠᠬᠢ ᠪᠤᠰᠤᠳ | ᠥᠮᠴᠢᠲᠡᠨ ᠤ ᠰᠠᠨᠠᠯ ᠨᠢᠭᠡᠲᠡᠢ ᠵᠥᠪᠰᠢᠶᠡᠷᠡᠯ ᠢ ᠣᠯᠬᠤ ᠬᠡᠷᠡᠭᠲᠡᠢ᠃ | | ᠳᠥᠷᠪᠡᠳᠦᠭᠡᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠨᠡᠷᠡᠶᠢᠳᠦᠯ ᠳᠤ ︽ᠨᠠᠶᠢᠳᠠᠨ | ᠬᠥᠮᠥᠵᠢᠭᠦᠯᠬᠦ︾ ᠭᠡᠰᠡᠨ ᠥᠰᠥᠭ ᠢ ᠲᠣᠳᠣᠷᠬᠠᠶᠢᠯᠠᠵᠤ᠂ ᠦᠢᠯᠡᠴᠢᠯᠡᠬᠦ ᠬᠡᠪᠴᠢᠶ᠎ᠡ ᠵᠢᠴᠢ ᠡᠵᠡᠩᠨᠡᠯᠲᠡ ᠶᠢᠨ | ᠬᠡᠪᠴᠢᠶᠡᠨ ᠳᠤ ︽ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡ︾ ᠶᠢ ᠲᠣᠳᠣᠷᠬᠠᠶᠢᠯᠠᠬᠤ ᠬᠡᠷᠡᠭᠲᠡᠢ᠃ | | ᠠᠰᠢᠭ ᠣᠯᠵᠠᠪᠤᠷᠢ ᠶᠢᠨ ᠴᠢᠨᠠᠷᠲᠠᠢ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠢ ᠡᠷᠭᠢᠯᠡᠭᠰᠡᠨ ᠪᠠᠶᠢᠪᠠᠯ᠂ | ᠪᠠᠶᠢᠭ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠤᠯᠢ ᠶᠣᠰᠣᠭᠠᠷ | ᠭᠤᠶᠤᠴᠢᠯᠠᠨ ᠳᠠᠩᠰᠠᠯᠠᠭᠤᠯᠵᠤ᠂ ᠳᠠᠩᠰᠠᠯᠠᠬᠤ ᠪᠠᠶᠢᠭᠤᠯᠭ᠎ᠠ ᠨᠢ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ | ᠳᠠᠩᠰᠠᠯᠠᠯᠲᠠ ᠶᠢᠨ ᠮᠡᠳᠡᠭᠡ ᠵᠠᠩᠭᠢ ᠶᠢ ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠲᠤ ᠴᠠᠭ ᠲᠤᠬᠠᠢ ᠳᠤᠨᠢ ᠬᠦᠷᠭᠡᠬᠦ ᠬᠡᠷᠡᠭᠲᠡᠢ᠃ | | ᠲᠠᠪᠤᠳᠤᠭᠠᠷ ᠵᠦᠢᠯ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠢ ᠳᠠᠩᠰᠠᠯᠠᠭᠤᠯᠤᠭᠰᠠᠨ ᠤ ᠳᠠᠷᠠᠭ᠎ᠠ᠂ | ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ | ᠴᠠᠭ ᠲᠤᠬᠠᠢ ᠳᠤᠨᠢ ᠳᠠᠩᠰᠠᠯᠠᠭᠤᠯᠵᠤ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠳᠠᠩᠰᠠᠯᠠᠭᠤᠯᠬᠤ ᠮᠡᠳᠡᠭᠡ | ᠵᠠᠩᠭᠢ ᠶᠢᠨ ᠰᠢᠰᠲ᠋ᠧᠮ ᠳᠤ ᠲᠡᠮᠳᠡᠭᠯᠡᠨ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠳᠠᠩᠰᠠᠯᠠᠭᠤᠯᠬᠤ | ᠪᠢᠴᠢᠭ᠂ ᠳᠠᠩᠰᠠᠯᠠᠭᠤᠯᠬᠤ ᠠᠮᠠᠯᠠᠯᠲᠠ ᠶᠢᠨ ᠪᠢᠴᠢᠭ ︵ᠬᠠᠪᠰᠤᠷᠤᠯᠲᠠ 1᠂ 2︶ ᠢ ᠴᠠᠬᠢᠮ ᠰᠦᠯᠵᠢᠶ᠎ᠡ +ᠲᠠᠭᠯᠠᠨ | ᠪᠢᠴᠢᠬᠦ ᠶᠢᠨ ᠬᠠᠮᠲᠤ ᠳᠣᠣᠷᠠᠬᠢ ᠮᠠᠲ᠋ᠧᠷᠢᠶᠠᠯ ᠤᠨ ᠰᠢᠷᠪᠢᠯᠲᠡ ᠶᠢᠨ ᠮᠠᠲ᠋ᠧᠷᠢᠶᠠᠯ ᠪᠤᠶᠤ ᠡᠯᠧᠺᠲᠷᠣᠨ ᠦᠨᠡᠮᠯᠡᠯ ᠢ | ᠲᠤᠰᠢᠶᠠᠬᠤ ᠬᠡᠷᠡᠭᠲᠡᠢ᠄ | | | ︵ᠨᠢᠭᠡ︶ ᠡᠵᠡᠩᠨᠡᠯᠲᠡ ᠶᠢᠨ ᠦᠨᠡᠮᠯᠡᠯ ᠪᠤᠶᠤ ᠪᠤᠰᠤᠳ ᠬᠠᠤᠯᠢ ᠶᠢᠨ ᠬᠥᠮᠥᠨ ᠤ ᠳᠠᠩᠰᠠᠯᠠᠭᠤᠯᠤᠭᠰᠠᠨ | ᠦᠨᠡᠮᠯᠡᠯ︔ | | | ︵ᠬᠤᠶᠠᠷ︶ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ᠂ ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ ᠪᠤᠶᠤ ᠭᠡᠷ ᠪᠠᠶᠢᠰᠢᠩ ᠤᠨ ᠲᠦᠷᠢᠶᠡᠰᠦᠯᠡᠬᠦ ᠭᠡᠷ᠎ᠡ ︵ᠲᠦᠷᠢᠶᠡᠰᠦᠯᠡᠬᠦ ᠬᠤᠭᠤᠴᠠᠭ᠎ᠠ ᠨᠢ 3 | ᠵᠢᠯ ᠠᠴᠠ ᠳᠤᠲᠠᠭᠤ ᠪᠠᠶᠢᠵᠤ ᠪᠣᠯᠬᠤ ᠦᠭᠡᠢ︶︔ | | | ︵ᠭᠤᠷᠪᠠ︶ ᠠᠰᠠᠷᠠᠨ ᠰᠤᠪᠢᠯᠠᠭᠴᠢ ᠶᠢᠨ ᠪᠡᠶ᠎ᠡ ᠶᠢᠨ ᠦᠨᠡᠮᠯᠡᠯ᠂ ᠡᠷᠡᠭᠦᠯ ᠮᠡᠨᠳᠦ ᠶᠢᠨ ᠬᠢᠷᠢ ᠲᠡᠩᠴᠡᠭᠰᠡᠨ | ᠦᠨᠡᠮᠯᠡᠯ᠂ ᠬᠠᠮᠢᠶ᠎ᠠ ᠪᠦᠬᠦᠢ ᠬᠠᠤᠯᠢ ᠶᠢ ᠵᠥᠷᠢᠴᠡᠵᠦ ᠶᠠᠯᠠᠳᠦ ᠠᠵᠢᠯᠯᠠᠭ᠎ᠠ ᠦᠢᠯᠡᠳᠦᠭᠰᠡᠨ ᠲᠡᠮᠳᠡᠭᠯᠡᠯ ᠤᠨ ᠮᠠᠲ᠋ᠧᠷᠢᠶᠠᠯ | ᠦᠭᠡᠢ᠂ ᠨᠢᠯᠬ᠎ᠠ ᠬᠡᠦᠬᠡᠳ ᠤᠨ ᠠᠰᠠᠷᠠᠨ ᠰᠤᠪᠢᠯᠠᠯᠲᠠ ᠶᠢᠨ ᠬᠠᠮᠢᠶ᠎ᠠ ᠪᠦᠬᠦᠢ ᠰᠤᠷᠤᠯᠭ᠎ᠠ ᠶᠢᠨ ᠨᠠᠮᠲᠠᠷ ᠤᠨ ᠦᠨᠡᠮᠯᠡᠯ | ᠪᠤᠶᠤ ᠮᠡᠷᠭᠡᠵᠢᠯ ᠴᠢᠳᠠᠪᠤᠷᠢ ᠶᠢᠨ ᠲᠠᠰ ︵ᠰᠤᠷᠭᠠᠯᠲᠠ︶ ᠤᠨ ᠦᠨᠡᠮᠯᠡᠯ︔ | | | ︵ᠳᠥᠷᠪᠡ︶ ᠭᠡᠷ ᠪᠠᠶᠢᠰᠢᠩ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠬᠢᠷᠢ ᠲᠡᠩᠴᠡᠭᠰᠡᠨ | ᠪᠤᠶᠤ ᠭᠡᠷ ᠪᠠᠶᠢᠰᠢᠩ ᠤᠨ ᠠᠶᠦᠯᠭᠦᠢ ᠶᠢᠨ ᠬᠢᠨᠠᠨ ᠲᠣᠭᠲᠠᠭᠠᠯᠲᠠ ᠬᠢᠬᠦ ᠳᠤ ᠬᠢᠷᠢ ᠲᠡᠩᠴᠡᠭᠰᠡᠨ ᠬᠤᠯᠪᠣᠭᠳᠠᠯ ᠪᠦᠬᠦᠢ | ᠮᠠᠲ᠋ᠧᠷᠢᠶᠠᠯ ︵ᠥᠪᠡᠷ ᠲᠡᠭᠡᠨ ᠪᠠᠷᠢᠭᠰᠠᠨ ᠭᠡᠷ ᠪᠠᠶᠢᠰᠢᠩ︶ ︔ | | ︵ᠲᠠᠪᠤ︶ ᠣᠷᠣᠨ ᠰᠠᠭᠤᠴᠠ ᠶᠢᠨ ᠪᠠᠶᠢᠭ᠎ᠠ ᠲᠤᠰ ᠪᠠᠷᠢᠯᠭ᠎ᠠ ᠶᠢᠨ ᠳᠣᠲᠣᠷᠠᠬᠢ ᠪᠤᠶᠤ ᠨᠢᠭᠡ ᠪᠠᠶᠢᠰᠢᠩ | ᠭᠡᠷ ᠤᠨ ᠬᠦᠷᠢᠶᠡᠨ ᠳᠠᠬᠢ ᠪᠤᠰᠤᠳ ᠥᠮᠴᠢᠲᠡᠨ ᠤ ᠰᠠᠨᠠᠯ ᠨᠢᠭᠡᠲᠡᠢ ᠵᠥᠪᠰᠢᠶᠡᠷᠡᠭᠰᠡᠨ ᠭᠡᠷᠡᠴᠢᠯᠡᠬᠦ ᠮᠠᠲ᠋ᠧᠷᠢᠶᠠᠯ︔ | | | ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠠᠮᠢᠶ᠎ᠠ ᠪᠦᠬᠦᠢ | ᠮᠠᠲ᠋ᠧᠷᠢᠶᠠᠯ᠃ | | ᠵᠢᠷᠭᠤᠳᠤᠭᠠᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠭᠡᠷ ᠪᠦᠯᠢ ᠶᠢᠨ | ᠨᠠᠶᠢᠳᠠᠨ ᠬᠥᠮᠥᠵᠢᠭᠦᠯᠬᠦ ᠴᠡᠭ ᠤᠨ ᠳᠠᠩᠰᠠᠯᠠᠭᠤᠯᠤᠭᠰᠠᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠲᠤᠬᠠᠢ ᠶᠢᠨ | ᠲᠠᠯᠠᠪᠤᠷ ᠲᠤᠨᠢ ᠬᠦᠷᠴᠦ ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢᠨ ᠬᠠᠮᠲᠤ | ᠳᠠᠩᠰᠠᠯᠠᠭᠤᠯᠤᠭᠰᠠᠨ ᠬᠠᠷᠢᠭᠤ ᠪᠠᠷᠢᠮᠲᠠ ᠶᠢ ᠬᠠᠩᠭᠠᠬᠤ ᠬᠡᠷᠡᠭᠲᠡᠢ᠃ | | ᠳᠣᠯᠣᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠳᠠᠩᠰᠠᠯᠠᠭᠤᠯᠤᠭᠰᠠᠨ ᠵᠦᠢᠯᠡᠰ ᠢᠶᠠᠨ | ᠬᠤᠪᠢᠷᠠᠭᠤᠯᠬᠤ ᠳᠤ᠂ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠮᠡᠳᠡᠭᠡ | ᠵᠠᠩᠭᠢ ᠪᠠᠨ ᠰᠢᠨᠡᠳᠬᠡᠬᠦ ᠬᠡᠷᠡᠭᠲᠡᠢ︔ | ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠪᠠᠨ ᠵᠣᠭᠰᠤᠭᠠᠬᠤ ᠳᠤ ᠬᠦᠷᠪᠡᠯ᠂ ᠬᠡᠦᠬᠡᠳ | ᠰᠠᠭᠠᠲᠠᠭᠤᠯᠬᠤ ᠭᠡᠵᠦ ᠪᠠᠶᠢᠭ᠎ᠠ ᠨᠢᠯᠬ᠎ᠠ ᠪᠠᠯᠴᠢᠷ ᠬᠡᠦᠬᠡᠳ ᠢ ᠲᠣᠬᠢᠲᠠᠢ ᠲᠥᠪᠬᠢᠨᠡᠭᠦᠯᠬᠦ ᠶᠢᠨ ᠬᠠᠮᠲᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ | ᠳᠠᠩᠰᠠᠯᠠᠭᠤᠯᠤᠭᠰᠠᠨ ᠪᠠᠶᠢᠳᠠᠯ ᠢ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠢ᠃ | | ᠨᠠᠢᠮᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠨᠢ ᠨᠢᠯᠬ᠎ᠠ ᠪᠠᠯᠴᠢᠷ ᠬᠡᠦᠬᠡᠳ ᠲᠤ | ᠠᠮᠢᠳᠤᠷᠠᠯ ᠢ ᠨᠢ ᠬᠠᠷᠠᠭᠠᠯᠵᠠᠬᠤ᠂ ᠠᠮᠤᠷ ᠲᠦᠪᠰᠢᠨ ᠢᠶᠠᠷ ᠠᠰᠠᠷᠠᠬᠤ᠂ ᠬᠤᠭᠤᠯᠠ ᠬᠦᠨᠡᠰᠦ ᠶᠢ ᠨᠢ ᠲᠡᠩᠴᠡᠭᠦᠯᠬᠦ ᠪᠠ | ᠡᠷᠲᠡ ᠠᠴᠠ ᠰᠤᠷᠤᠯᠴᠠᠬᠤ ᠲᠣᠬᠢᠶᠠᠯ ᠣᠯᠭᠤᠵᠤ᠂ ᠨᠢᠯᠬ᠎ᠠ ᠪᠠᠯᠴᠢᠷ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠢ᠃ | | ᠶᠢᠰᠦᠳᠦᠭᠡᠷ ᠵᠦᠢᠯ ᠭᠡᠷ ᠪᠦᠯᠢ ᠶᠢᠨ ᠨᠠᠶᠢᠳᠠᠯᠭ᠎ᠠ ᠪᠠᠷ ᠬᠥᠮᠥᠵᠢᠭᠦᠯᠬᠦ ᠴᠡᠭ ᠤᠨ ᠬᠠᠷᠠᠭᠠᠯᠵᠠᠨ ᠠᠰᠠᠷᠠᠬᠤ | ᠬᠥᠮᠥᠰ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | | | ︵ᠨᠢᠭᠡ︶ ᠠᠰᠠᠷᠠᠨ ᠬᠥᠮᠥᠵᠢᠭᠦᠯᠬᠦ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠨᠢᠯᠬ᠎ᠠ | ᠬᠡᠦᠬᠡᠳ ᠢ ᠬᠠᠷᠠᠭᠠᠯᠵᠠᠨ ᠠᠰᠠᠷᠠᠬᠤ ᠲᠤᠷᠰᠢᠯᠭ᠎ᠠ ᠪᠤᠶᠤ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠬᠤᠢ | ᠪᠠᠶᠢᠳᠠᠯ ᠲᠠᠢ ᠪᠠᠶᠢᠬᠤ︔ | | | ︵ᠬᠤᠶᠠᠷ︶ ᠨᠢᠯᠬ᠎ᠠ ᠬᠡᠦᠬᠡᠳ ᠢ ᠠᠰᠠᠷᠠᠨ ᠬᠥᠮᠥᠵᠢᠭᠦᠯᠬᠦ᠂ ᠰᠡᠳᠬᠢᠴᠡ ᠶᠢᠨ ᠡᠷᠡᠭᠦᠯ ᠮᠡᠡᠳᠦ᠂ ᠢᠳᠡᠭᠡᠨ ᠤ | ᠠᠶᠤᠯᠭᠦᠢ᠂ ᠲᠦᠷᠭᠡᠨ ᠠᠪᠤᠷᠠᠬᠤ ᠪᠠ ᠭᠠᠯ ᠲᠦᠢᠮᠡᠷ ᠤᠨ ᠠᠶᠤᠯ ᠠᠴᠠ ᠰᠡᠷᠭᠡᠶᠢᠯᠡᠨ ᠤᠨᠲᠠᠷᠠᠭᠠᠬᠤ ᠵᠡᠷᠭᠡ ᠲᠠᠯ᠎ᠠ ᠶᠢᠨ | ᠰᠤᠷᠭᠠᠯᠲᠠ ᠶᠢ ᠭᠥᠷᠳᠡᠭᠰᠡᠨ ᠪᠠᠶᠢᠬᠤ︔ | | | ︵ᠭᠤᠷᠪᠠ︶ ᠪᠡᠶ᠎ᠡ ᠮᠠᠬᠠᠪᠤᠳ ᠨᠢ ᠡᠷᠡᠭᠦᠯ ᠴᠢᠭᠢᠷᠠᠭ᠂ ᠮᠡᠳᠡᠷᠡᠯ ᠤᠨ ᠡᠪᠡᠳᠴᠢᠨ ᠤ ᠲᠡᠦᠬᠡ ᠦᠭᠡᠢ︔ | | | ︵ᠳᠥᠷᠪᠡ︶ ᠪᠡᠯᠭᠡ ᠶᠢᠨ ᠪᠤᠰᠤ ᠬᠠᠯᠳᠠᠯᠭ᠎ᠠ᠂ ᠬᠠᠯᠠ ᠦᠵᠡᠭᠦᠯᠦᠭᠰᠡᠨ᠂ ᠮᠡᠬᠡᠯᠡᠨ ᠬᠤᠳᠠᠯᠳᠤᠭᠰᠠᠨ᠂ | ᠬᠦᠴᠦᠷᠬᠡᠭᠯᠡᠯ ᠢᠶᠠᠷ ᠭᠡᠮᠲᠦᠭᠡᠭᠰᠡᠨ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ᠃ | | ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠤᠨ ᠡᠷᠭᠢᠯᠡᠨ ᠬᠢᠭᠴᠢ ᠨᠢ ᠬᠠᠮᠲᠤ ᠳᠤᠨᠢ ᠬᠠᠷᠠᠭᠠᠯᠵᠠᠨ | ᠬᠠᠮᠠᠭᠠᠯᠠᠭᠴᠢ ᠪᠠᠶᠢᠪᠠᠯ᠂ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ | | ᠠᠷᠪᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ 1 ᠬᠠᠷᠠᠭᠠᠯᠵᠠᠨ ᠠᠰᠠᠷᠠᠭᠴᠢ | ᠨᠢᠭᠡᠪᠦᠷᠢ ᠨᠢ ᠬᠠᠮᠤᠭ ᠤᠨ ᠠᠷᠪᠢᠨ ᠳᠠᠭᠠᠨ 3 ᠨᠢᠯᠬ᠎ᠠ ᠬᠡᠦᠬᠡᠳ ᠢ ᠠᠰᠠᠷᠠᠵᠤ ᠬᠠᠷᠠᠭᠠᠯᠵᠠᠨ᠎ᠠ᠃ | | ᠠᠷᠪᠠᠨ ᠨᠢᠭᠡᠳᠦᠭᠡᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠨᠢᠯᠬ᠎ᠠ ᠬᠡᠦᠬᠡᠳ ᠤᠨ | ᠬᠥᠮᠥᠨ ᠪᠦᠷᠢ ᠶᠢᠨ ᠳᠤᠮᠳᠠᠴᠢ ᠪᠠᠷᠢᠯᠭ᠎ᠠ ᠶᠢᠨ ᠲᠠᠯᠠᠪᠠᠢ ᠶᠢ 9ᠺᠦᠸᠠᠳ᠋ ᠮᠧᠲᠷ ᠠᠴᠠ ᠪᠠᠭ᠎ᠠ ᠪᠠᠶᠢᠯᠭᠠᠵᠤ ᠪᠣᠯᠬᠤ | ᠦᠭᠡᠢ᠃ | | ᠠᠷᠪᠠᠨ ᠬᠤᠶᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠨᠢ ᠨᠢᠯᠬ᠎ᠠ ᠬᠡᠦᠬᠡᠳ ᠤᠨ | ᠦᠰᠦᠨ ᠪᠤᠶᠢᠵᠢᠯᠲᠠ ᠳᠤ ᠲᠣᠬᠢᠷᠠᠬᠤ ᠣᠷᠴᠢᠨ ᠨᠥᠬᠦᠴᠡᠯ ᠢ ᠬᠠᠩᠭᠠᠵᠤ᠂ ᠰᠠᠯᠬᠢ ᠵᠢᠪᠠᠷ ᠰᠠᠶᠢᠨ ᠨᠡᠪᠲᠡᠷᠡᠬᠦ᠂ | ᠨᠡᠷᠡᠨ ᠤ ᠲᠤᠰᠤᠯᠲᠠ ᠭᠦᠢᠴᠡᠳ᠂ ᠳᠤᠯᠠᠭᠠᠨ ᠤ ᠬᠡᠮᠵᠢᠶ᠎ᠡ ᠲᠣᠬᠢᠷᠠᠮᠵᠢᠲᠠᠢ᠂ ᠭᠡᠷᠡᠯᠲᠦᠭᠦᠯᠭᠡ ᠳᠤ ᠲᠠᠭᠠᠯᠠᠮᠵᠢᠲᠠᠢ | ᠪᠠᠶᠢᠬᠤ ᠬᠡᠷᠡᠭᠲᠡᠢ᠃ | | ᠭᠡᠷ ᠪᠦᠯᠢ ᠶᠢᠨ ᠨᠠᠶᠢᠳᠠᠨ ᠪᠣᠶᠢᠵᠢᠭᠤᠯᠬᠤ ᠴᠡᠭ ᠢ ᠭᠠᠵᠠᠷ ᠳᠣᠣᠷᠠᠬᠢ ᠭᠡᠷ ᠪᠤᠶᠤ ᠬᠠᠭᠠᠰ ᠭᠠᠵᠠᠷ ᠳᠣᠣᠷᠠᠬᠢ | ᠭᠡᠷ ᠲᠤ ᠪᠠᠶᠢᠷᠢᠯᠠᠭᠤᠯᠵᠤ ᠪᠣᠯᠬᠤ ᠦᠭᠡᠢ᠂ ︽ᠭᠤᠷᠪᠠ ᠶᠢ ᠨᠢᠭᠡᠳᠬᠡᠭᠰᠡᠨ︾ ᠲᠠᠯᠠᠪᠤᠷ ᠭᠠᠵᠠᠷ ᠪᠠ ᠥᠩᠭᠡᠲᠦ | ᠪᠣᠯᠣᠳ ᠬᠠᠪᠲᠠᠰᠤ ᠶᠢᠨ ᠪᠠᠷᠢᠯᠭ᠎ᠠ ᠳᠤ ᠪᠠᠶᠢᠷᠢᠯᠠᠭᠤᠯᠵᠤ ᠪᠣᠯᠬᠤ ᠦᠭᠡᠢ᠂ ᠡᠭᠦᠳᠡ ᠴᠣᠩᠬᠤᠨ ᠳᠤ ᠠᠮᠢ ᠵᠢᠭᠤᠲᠠᠬᠤ | ᠪᠠ ᠭᠠᠯ ᠲᠦᠢᠮᠡᠷ ᠢ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠲᠡᠮᠦᠷ ᠬᠡᠷᠡᠰᠬᠡ᠂ ᠬᠤᠯᠠᠭᠠᠢ ᠶᠢ | ᠰᠡᠷᠭᠡᠶᠢᠯᠡᠬᠦ ᠴᠣᠩᠬᠤᠪᠴᠢ ᠵᠡᠷᠭᠡ ᠬᠠᠷᠰᠢ ᠰᠠᠭᠠᠳ ᠲᠠᠯᠪᠢᠵᠤ ᠪᠣᠯᠬᠤ ᠦᠭᠡᠢ᠃ | | ᠠᠷᠪᠠᠨ ᠭᠤᠷᠪᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠭᠠᠵᠠᠷ ᠤᠨ ᠭᠡᠷ ᠪᠠᠶᠢᠰᠢᠩ ᠣᠨ | ᠪᠦᠲᠦᠴᠡ᠂ ᠪᠡᠯᠡᠳᠬᠡᠮᠵᠢ ᠲᠥᠬᠦᠭᠡᠷᠦᠮᠵᠢ᠂ ᠵᠠᠰᠠᠯ ᠴᠢᠮᠡᠭᠯᠡᠯ ᠣᠨ ᠮᠠᠲ᠋ᠧᠷᠢᠶᠠᠯ᠂ ᠭᠡᠷ ᠣᠨ ᠬᠡᠷᠡᠭᠰᠡᠯ ᠵᠡᠷᠭᠡ ᠨᠢ | ᠤᠯᠤᠰ ᠤᠨ ᠬᠠᠮᠢᠶ᠎ᠠ ᠪᠦᠬᠦᠢ ᠠᠶᠦᠯᠭᠦᠢ ᠶᠢᠨ ᠶᠠᠰᠤ ᠴᠢᠨᠠᠷ ᠣᠨ ᠪᠠᠷᠢᠮᠵᠢᠶ᠎ᠠ ᠪᠣᠯᠣᠨ ᠣᠷᠴᠢᠨ ᠲᠣᠭᠤᠷᠢᠨ ᠢ | ᠬᠠᠮᠠᠭᠠᠯᠠᠬᠤ ᠪᠠᠷᠢᠮᠵᠢᠶ᠎ᠠ ᠳᠤ ᠨᠡᠶᠢᠴᠡᠵᠦ᠂ ᠭᠠᠵᠠᠷ ᠬᠥᠳᠡᠯᠦᠯᠲᠡ ᠶᠢ ᠡᠰᠡᠷᠭᠦᠴᠡᠬᠦ᠂ ᠭᠠᠯ ᠲᠦᠢᠮᠡᠷ ᠤᠨ ᠠᠶᠤᠯ ᠠᠴᠠ | ᠰᠡᠷᠭᠡᠶᠢᠯᠡᠬᠦ᠂ ᠲᠠᠷᠬᠠᠭᠠᠬᠤ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | | ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠬᠡᠷᠡᠭᠯᠡᠨ ᠭᠡᠷ ᠪᠦᠯᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡ | ᠥᠷᠨᠢᠭᠦᠯᠦᠭᠰᠡᠨ ᠪᠠᠶᠢᠪᠠᠯ᠂ ᠳᠠᠩᠰᠠᠯᠠᠭᠤᠯᠬᠤ ᠦᠶ᠎ᠡ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠲᠤ ᠭᠡᠷ ᠪᠠᠶᠢᠰᠢᠩ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠬᠢᠷᠢ ᠲᠡᠩᠴᠡᠭᠰᠡᠨ ᠪᠤᠶᠤ ᠭᠡᠷ | ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠬᠤᠯᠪᠣᠭᠳᠠᠯ ᠪᠦᠬᠦᠢ | ᠮᠠᠲ᠋ᠧᠷᠢᠶᠠᠯ ᠢ ᠬᠠᠩᠭᠠᠬᠤ ᠬᠡᠷᠡᠭᠲᠡᠢ᠃ | | ᠠᠷᠪᠠᠨ ᠳᠥᠷᠪᠡᠳᠦᠭᠡᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠳ ᠬᠠᠷᠠᠭᠠᠨ | ᠳᠠᠪᠲᠠᠮᠵᠢ ᠶᠢᠨ ᠠᠶᠦᠯᠭᠦᠢ ᠶᠢᠨ ᠰᠡᠷᠭᠡᠶᠢᠯᠡᠯᠲᠡ ᠶᠢᠨ ᠬᠢᠨᠠᠨ ᠡᠵᠡᠮᠳᠡᠬᠦ ᠰᠢᠰᠲ᠋ᠧᠮ ᠲᠣᠬᠢᠷᠠᠭᠤᠯᠵᠤ᠂ ᠨᠢᠯᠬ᠎ᠠ ᠬᠡᠦᠬᠡᠳ | ᠤᠨ ᠠᠮᠢᠳᠤᠷᠠᠯ ᠪᠣᠯᠣᠨ ᠠᠵᠢᠯᠯᠠᠭ᠎ᠠ ᠬᠢᠬᠦ ᠣᠷᠣᠨ ᠢ ᠨᠡᠶᠢᠳᠡᠮ ᠬᠢᠨᠠᠨ ᠡᠵᠡᠮᠳᠡᠬᠦ ᠬᠡᠷᠡᠭᠲᠡᠢ᠃ | | ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠶᠢ 90 | ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | | ᠠᠷᠪᠠᠨ ᠲᠠᠪᠤᠳᠤᠭᠠᠷ ᠵᠦᠢᠯ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠨᠢ ᠬᠡᠦᠬᠡᠳ ᠰᠠᠭᠠᠲᠠᠭᠤᠯᠬᠤ | ᠨᠢᠯᠬ᠎ᠠ ᠬᠡᠦᠬᠡᠳ ᠤᠨ ᠡᠷᠡᠭᠦᠯ ᠮᠡᠨᠳᠤ ᠶᠢᠨ ᠪᠠᠶᠢᠳᠠᠯ ᠢ ᠠᠵᠢᠭᠯᠠᠵᠤ᠂ ᠨᠢᠯᠬ᠎ᠠ ᠪᠠᠯᠴᠢᠷ ᠬᠡᠦᠬᠡᠳ ᠤᠨ ᠬᠠᠯᠳᠠᠪᠤᠷᠢᠲᠤ | ᠡᠪᠡᠳᠴᠢᠨ ᠪᠤᠶᠤ ᠪᠤᠰᠤᠳ ᠡᠪᠡᠳᠴᠢᠨ ᠡᠮᠭᠡᠭ ᠢᠶᠠᠷ ᠰᠡᠵᠢᠭᠯᠡᠭᠳᠡᠭᠰᠡᠨ ᠢ ᠣᠯᠵᠤ ᠮᠡᠳᠡᠪᠡᠯ᠂ ᠬᠢᠨᠠᠨ ᠬᠠᠮᠠᠭᠠᠯᠠᠭᠴᠢ | ᠳᠤᠨᠢ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃ | | ᠠᠷᠪᠠᠨ ᠵᠢᠷᠭᠤᠳᠤᠭᠠᠷ ᠵᠦᠢᠯ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠨᠢ ᠨᠢᠯᠬ᠎ᠠ ᠬᠡᠦᠬᠡᠳ ᠤᠨ | ᠬᠢᠨᠠᠨ ᠬᠠᠮᠠᠭᠠᠯᠠᠭᠴᠢ ᠲᠠᠢ ᠪᠢᠴᠢᠭ ᠤᠨ ᠬᠡᠯᠡᠯᠴᠡᠭᠡᠷ ᠲᠣᠭᠲᠠᠭᠠᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠳᠠᠬᠢ | ᠬᠤᠶᠠᠷ ᠡᠲᠡᠭᠡᠳ ᠤᠨ ᠬᠠᠷᠢᠭᠤᠴᠠᠯᠭ᠎ᠠ᠂ ᠡᠷᠬᠡ ᠡᠭᠦᠷᠭᠡ ᠵᠢᠴᠢ ᠮᠠᠷᠭᠤᠯᠳᠤᠭᠠᠨ ᠢ ᠰᠢᠢᠳᠪᠦᠷᠢᠯᠡᠬᠦ ᠵᠡᠷᠭᠡ | ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ | | ᠠᠷᠪᠠᠨ ᠳᠣᠯᠣᠳᠤᠭᠠᠷ ᠵᠦᠢᠯ ᠭᠡᠷ ᠪᠦᠯᠢ ᠶᠢᠨ ᠨᠠᠶᠢᠳᠠᠯᠭ᠎ᠠ ᠪᠠᠷ ᠬᠥᠮᠥᠵᠢᠭᠦᠯᠬᠦ ᠭᠠᠵᠠᠷ ᠨᠢᠯᠬ᠎ᠠ ᠪᠠᠯᠴᠢᠷ | ᠬᠡᠦᠬᠡᠳ ᠢ ᠭᠠᠳᠠᠭᠤᠷᠴᠢᠯᠠᠵᠤ᠂ ᠳᠣᠷᠣᠮᠵᠢᠯᠠᠵᠤ᠂ ᠬᠠᠯᠠ ᠦᠵᠡᠭᠦᠯᠵᠦ᠂ ᠬᠠᠯᠠ ᠦᠵᠡᠭᠦᠯᠵᠦ᠂ ᠬᠡᠯᠪᠡᠷᠢ ᠶᠢ ᠨᠢ | ᠥᠭᠡᠷᠡᠲᠦᠭᠦᠯᠦᠨ ᠬᠠᠷᠠᠳᠠᠵᠤ ᠲᠠᠮᠤᠯᠠᠬᠤ ᠪᠤᠶᠤ ᠨᠢᠯᠬ᠎ᠠ ᠪᠠᠯᠴᠢᠷ ᠬᠡᠦᠬᠡᠳ ᠤᠨ ᠡᠷᠬᠡ ᠠᠰᠢᠭ ᠲᠤ ᠬᠠᠯᠳᠠᠭᠰᠠᠨ | ᠪᠤᠰᠤᠳ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠃ | | ᠳᠡᠭᠡᠷᠡᠬᠢ ᠦᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠶᠣᠰᠣᠭᠠᠷ ᠵᠣᠬᠢᠴᠠᠩᠭᠤᠢ ᠬᠠᠤᠯᠢ ᠶᠢᠨ | ᠬᠠᠷᠢᠭᠤᠴᠠᠯᠭ᠎ᠠ ᠡᠭᠦᠷᠭᠡᠯᠡᠨ᠎ᠡ᠃ | | ᠠᠷᠪᠠᠨ ᠨᠠᠢᠮᠠᠳᠤᠭᠠᠷ ᠵᠦᠢᠯ ᠭᠡᠷ ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠢ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠠᠴᠠ ᠭᠤᠣᠯᠴᠢᠯᠠᠨ ᠬᠠᠮᠢᠶᠠᠷᠴᠤ᠂ ᠣᠷᠣᠨ ᠰᠠᠭᠤᠴᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠭᠡᠷ ᠪᠦᠯᠢ ᠶᠢᠨ ᠨᠠᠶᠢᠳᠠᠨ | ᠬᠥᠮᠥᠵᠢᠭᠦᠯᠬᠦ ᠴᠡᠭ ᠤᠨ ᠵᠢᠯᠣᠭᠤᠳᠤᠮᠵᠢ᠂ ᠬᠢᠨᠠᠯᠲᠠ ᠲᠠᠯᠪᠢᠯᠲᠠ ᠪᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | | | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠳᠠᠩᠰᠠᠯᠠᠬᠤ ᠠᠷᠭ᠎ᠠ ᠵᠠᠮ ᠢ ᠰᠠᠭᠠᠳ ᠦᠭᠡᠢ | ᠨᠠᠪᠲᠠᠷᠡᠭᠦᠯᠵᠦ᠂ ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ ᠳᠠᠩᠰᠠᠯᠠᠭᠤᠯᠤᠭᠰᠠᠨ ᠮᠡᠳᠡᠭᠡ ᠵᠠᠩᠭᠢ᠂ | ᠬᠡᠦᠬᠡᠳ ᠰᠠᠭᠠᠲᠠᠭᠤᠯᠬᠤ ᠬᠥᠮᠥᠨ ᠤ ᠲᠤᠭ᠎ᠠ᠂ ᠬᠠᠷᠠᠭᠠᠯᠵᠠᠨ ᠠᠰᠠᠷᠠᠬᠤ ᠬᠠᠷᠢᠴᠠᠯ᠂ ᠬᠡᠦᠬᠡᠳ ᠰᠠᠭᠠᠲᠠᠭᠤᠯᠬᠤ | ᠭᠠᠵᠠᠷ ᠲᠠᠯᠠᠪᠤᠷ ᠵᠡᠷᠭᠡ ᠶᠢ ᠴᠢᠩᠭ᠎ᠠ ᠬᠢᠨᠠᠨ ᠬᠠᠮᠢᠶᠠᠷᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | | ᠠᠷᠪᠠ ᠶᠢᠰᠦᠳᠦᠭᠡᠷ ᠵᠦᠢᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠰᠢᠶᠠᠩ ᠪᠠᠯᠭᠠᠰᠤ︶ ᠨᠢ ᠭᠡᠷ | ᠪᠦᠯᠢ ᠶᠢᠨ ᠨᠠᠶᠢᠳᠠᠨ ᠬᠥᠮᠥᠵᠢᠭᠦᠯᠬᠦ ᠴᠡᠭ ᠤᠨ ᠵᠢᠯᠣᠭᠤᠳᠤᠮᠵᠢ᠂ ᠬᠢᠨᠠᠯᠲᠠ ᠲᠠᠯᠪᠢᠯᠲᠠ ᠪᠠ ᠬᠠᠮᠢᠶᠠᠷᠤᠯᠲᠠ ᠪᠠᠨ | ᠴᠢᠩᠭᠠᠳᠬᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ ᠰᠢᠮᠳᠠᠭᠤᠯᠤᠨ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ | ᠃ | | ᠬᠤᠷᠢᠳᠤᠭᠠᠷ ᠵᠦᠢᠯ ᠭᠠᠴᠠᠭ᠎ᠠ ︵ᠰᠠᠭᠤᠭᠠᠯᠢ︶ ᠶᠢᠨ ᠠᠷᠠᠳ ᠤᠨ ᠵᠥᠪᠯᠡᠯ ᠨᠢ ᠭᠡᠷ ᠪᠦᠯᠢ ᠶᠢᠨ ᠨᠠᠶᠢᠳᠠᠨ | ᠬᠥᠮᠥᠵᠢᠭᠦᠯᠬᠦ ᠴᠡᠭ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠭᠡᠷ ᠪᠦᠯᠢ ᠶᠢᠨ ᠨᠠᠶᠢᠳᠠᠨ ᠬᠥᠮᠥᠵᠢᠭᠦᠯᠬᠦ | ᠴᠡᠭ ᠤᠨ ᠬᠥᠷᠰᠢ ᠵᠡᠷᠭᠡᠯᠡᠳᠡᠭᠡ ᠥᠮᠴᠢᠲᠡᠨ ᠤ ᠡᠷᠬᠡ ᠶᠢ ᠬᠦᠨᠳᠦᠳᠬᠡᠬᠦ ᠶᠢ ᠬᠥᠲᠥᠯᠥᠨ ᠵᠢᠯᠤᠭᠤᠳᠴᠤ᠂ ᠨᠠᠶᠢᠳᠠᠨ | ᠬᠥᠮᠥᠵᠢᠭᠦᠯᠬᠦ ᠦᠢᠯᠡᠴᠢᠯᠡᠭᠡ ᠶᠢ ᠵᠢᠷᠤᠮᠵᠢᠭᠤᠯᠤᠨ ᠥᠷᠨᠢᠭᠦᠯᠬᠦ ᠬᠡᠷᠡᠭᠲᠡᠢ᠃ | | ᠬᠤᠷᠢᠨ ᠨᠢᠭᠡᠳᠦᠭᠡᠷ ᠵᠦᠢᠯ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠨᠤᠭᠤᠳ ᠲᠤᠰ ᠠᠷᠭ᠎ᠠ ᠶᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ ᠪᠣᠯᠣᠨ᠎ᠠ᠃ | | ᠬᠤᠷᠢᠨ ᠬᠤᠶᠠᠳᠤᠭᠠᠷ ᠵᠦᠢᠯ ᠲᠤᠰ ᠠᠷᠭ᠎ᠠ ᠶᠢ ᠬᠡᠪᠯᠡᠨ ᠶᠠᠪᠤᠭᠤᠯᠤᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠭᠡᠷ ᠪᠦᠯᠢ ᠶᠢᠨ ᠬᠡᠦᠬᠡᠳ ᠰᠠᠭᠠᠲᠠᠭᠤᠯᠬᠤ ᠴᠡᠭ ᠤᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠤᠨ ᠲᠤᠬᠠᠢ ᠠᠯᠠᠱᠠ ᠵᠡᠭᠦᠨ ᠬᠤᠰᠢᠭᠤᠨ ᠤ ᠰᠣᠶᠣᠯ | ᠪᠠ ᠵᠢᠭᠤᠯᠴᠢᠯᠠᠯ ᠤᠨ ᠲᠣᠪᠴᠢᠶ᠎ᠠ ᠶᠢᠨ ᠲᠠᠶᠢᠯᠤᠮᠵᠢ | |